ᠳᠡᠭᠷᠢ ᠡᠯᠡᠰᠦᠨ ᠳᠤ ᠪᠠᠷᠳᠠᠭ᠎ᠠ ᠰᠢᠨᠵᠢᠯᠡᠵᠦ ᠠᠶᠠᠯᠠᠬᠤ ᠪᠠᠰᠠ ᠨᠢᠬᠡᠨ ᠱᠤᠭᠤᠮ ᠨᠡᠭᠡᠭᠡᠭᠳᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2021/6/21
  ᠳᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠡᠷᠳᠡᠨᠢᠠᠠᠭᠤᠯᠠ  ᠨᠠᠷᠠᠨ᠎ᠠ  ᠴᠢᠮᠡᠭᠡᠯᠡᠭᠴᠢ ᠡᠷᠳᠡᠨᠢᠬᠦᠦ︶ ᠤᠶᠢᠷ᠎ᠠ ᠎ ᠳᠤ ᠠᠯᠠᠱᠠ ᠵᠡᠬᠦᠨ ᠬᠤᠰᠢᠭᠤᠨ ᠤ ᠴᠤᠭᠳᠦᠬᠦ᠋ᠷᠢᠶ᠎ᠠ ᠰᠤᠮᠤᠨ ᠤ ᠵᠠᠭᠳᠤ ᠭᠠᠴᠠᠭᠠᠨ ᠤ ᠮᠠᠯᠴᠢᠨ ᠯᠢᠤ ᠴᠢᠶᠠᠩ ᠪᠡᠬᠡᠵᠢᠩ ᠤᠨ ᠴᠢᠩ ᠳ᠋ᠠᠨ ᠪᠠᠷᠳᠠᠭ᠎ᠠ ᠰᠢᠨᠵᠢᠯᠡᠵᠦ ᠠᠶᠠᠯᠠᠬᠤ ᠵᠤᠭᠠᠴᠠᠯ ᠤᠨ ᠺᠯᠦ᠋ᠪ ᠲᠠᠢ ᠬᠠᠮᠳᠤᠷᠠᠨ ᠬᠡᠷ ᠤᠨ ᠢᠶᠠᠨ ᠵᠡᠬᠦᠨ ᠡᠮᠦᠨᠡᠬᠢ ᠠᠳᠠᠭ ᠰᠤᠶᠢᠭ ᠤᠨ ᠤᠷᠤᠢ ᠬᠡᠬᠦ ᠡᠯᠡᠰᠦᠨ ᠤ ᠬᠠᠵᠠᠭᠤ ᠶᠢᠨ ᠤᠷᠤᠢ ᠳᠤ ᠶᠠᠪᠠᠭᠠᠨ ᠠᠶᠠᠯᠠᠯ ᠤᠨ ᠵᠤᠭᠠᠴᠠᠯ ᠤᠨ ᠰᠠᠭᠤᠷᠢᠨ ᠢ ᠪᠠᠶᠢᠭᠤᠯᠵᠤ᠂ 6 ᠰᠠᠷ᠎ᠠ ᠶᠢᠨ ᠳᠤᠮᠳᠠᠴᠢ ᠪᠠᠷ ᠪᠦᠳᠦᠬᠡᠨ ᠪᠠᠶᠢᠭᠤᠯᠤᠯᠳᠠ ᠪᠠᠨ ᠳᠠᠭᠤᠰᠬᠠᠵᠦ᠂ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠦ ᠪᠠᠶᠢᠨ᠎ᠠ᠃
    ᠯᠢᠦ ᠴᠢᠶᠠᠩ ᠪᠤᠯ ᠵᠠᠭᠳᠤ ᠭᠠᠴᠠᠭᠠᠨ ᠤ ᠮᠠᠯᠴᠢᠨ᠂ ᠦᠩᠭᠡᠷᠡᠭᠰᠡᠨ ᠳᠤ ᠬᠠᠯᠳᠠᠷ ᠨᠠᠭᠤᠷ ᠲᠤ ᠠᠵᠢᠯᠯᠠᠨ ᠶᠠᠪᠠᠭᠠᠨ ᠠᠶᠠᠯᠠᠯ ᠤᠨ ᠬᠢᠨ ᠳᠤ ᠦᠢᠯᠡᠴᠢᠯᠡᠨ ᠡᠨᠡ ᠳᠤᠬᠠᠢ ᠨᠡᠯᠢᠶᠡᠳ ᠤᠶᠢᠯᠠᠭᠠᠯᠳᠠ ᠳᠤᠷᠰᠢᠯᠭ᠎ᠠ ᠲᠠᠢ ᠪᠤᠯᠵᠡᠢ᠃ ᠡᠨᠡ ᠵᠢᠯ ᠳᠡᠷᠡ ᠪᠡᠬᠡᠵᠢᠩ ᠤᠨ ᠴᠢᠩ ᠳ᠋ᠠᠨ ᠪᠠᠷᠳᠠᠭ᠎ᠠ ᠰᠢᠨᠵᠢᠯᠡᠵᠦ ᠠᠶᠠᠯᠠᠬᠤ ᠵᠤᠭᠠᠴᠠᠯ ᠤᠨ ᠺᠯᠦ᠋ᠪ ᠤᠨ ᠬᠠᠷᠢᠭᠤᠴᠠᠯᠭᠠᠳᠠᠨ ᠲᠠᠢ ᠳᠠᠨᠢᠯᠴᠠᠵᠦ᠂ ᠳᠡᠳᠡᠨ ᠢ ᠳᠠᠭᠠᠭᠤᠯᠤᠨ᠂ ᠦᠪᠡᠷ ᠤᠨ ᠬᠡᠷ ᠤᠨ ᠬᠠᠵᠠᠭᠤ ᠳᠠᠬᠢ ᠨᠠᠭᠤᠷ ᠪᠦᠷᠢᠳᠦ᠂ ᠡᠯᠡᠰᠦ ᠮᠠᠩᠬ᠎ᠠ ᠶᠢ ᠦᠵᠡᠬᠦᠯᠦᠨ ᠳᠠᠨᠢᠯᠴᠠᠭᠤᠯᠵᠡᠢ᠃ ᠳᠡᠳᠡᠨ ᠤ ᠬᠡᠷ ᠨᠢ ᠪᠠᠶᠠᠨᠬᠤᠳᠠ ᠠᠴᠠ ᠳᠡᠭᠷᠢ ᠡᠯᠡᠰᠦ ᠪᠠᠯᠭᠠᠰᠦ ᠬᠦᠷᠬᠦ ᠡᠯᠡᠰᠦ ᠳᠤᠭᠤᠯᠬᠤ ᠵᠠᠮ ᠠᠴᠠ 11 ᠺᠢᠯᠤᠮᠧᠲᠷ ᠵᠠᠶᠢᠳᠠᠢ᠃ ᠵᠠᠢ ᠨᠢ ᠶᠠᠭ ᠰᠠᠶᠢᠬᠠᠨ ᠶᠠᠪᠠᠭᠠᠨ ᠠᠶᠠᠯᠠᠬᠤ ᠳᠤᠬᠢᠷᠠᠮᠵᠢᠳᠠᠢ ᠪᠠᠶᠢᠳᠠᠭ᠂ ᠳᠡᠷᠡ ᠮᠦᠷᠳᠡᠬᠡᠨ ᠳᠡᠳᠡᠨ ᠤ ᠬᠡᠷ ᠤᠨ ᠬᠠᠵᠠᠭᠤᠳᠠᠬᠢ ᠠᠳᠠᠭ ᠰᠤᠶᠢᠭ ᠬᠡᠬᠦ ᠨᠠᠭᠤᠷ ᠤᠨ ᠤᠰᠤᠨ ᠤ ᠳᠠᠯᠠᠪᠠᠢ ᠨᠢ 300 ᠭᠠᠷᠤᠢ ᠮᠤ᠋ ᠳᠤ ᠬᠦᠷᠴᠦ᠂ ᠬᠤᠯᠤᠰᠦ ᠵᠡᠬᠡᠰᠦ ᠵᠢᠭᠳᠡᠷᠡᠨ ᠭᠠᠯᠠᠭᠤ ᠰᠢᠪᠠᠭᠤᠨ ᠬᠠᠩᠬᠢᠨᠠᠯᠳᠤᠭᠰᠠᠨ ᠦᠵᠡᠮᠵᠢᠳᠦ ᠰᠠᠶᠢᠬᠠᠨ ᠤᠷᠤᠨ ᠪᠠᠶᠢᠭ᠎ᠠ ᠶᠤᠮ᠃ ᠬᠡᠷ ᠤᠨ ᠡᠷᠬᠢᠨ ᠳᠤᠭᠤᠷᠢᠨ ᠳᠤ ᠦᠨᠳᠦᠷ ᠦᠨᠳᠦᠷ ᠡᠯᠡᠰᠦ ᠮᠠᠩᠬ᠎ᠠ ᠰᠦᠨᠳᠡᠷᠯᠡᠨ᠂ ᠮᠠᠰᠢ ᠰᠠᠶᠢᠬᠠᠨ ᠦᠵᠡᠮᠵᠢ ᠶᠢ ᠪᠦᠷᠢᠯᠳᠦᠬᠦᠯᠵᠡᠢ᠃ ᠳᠡᠬᠡᠬᠡᠳ ᠴᠢᠩ ᠳ᠋ᠠᠨ ᠺᠯᠦ᠋ᠪ ᠤᠨ ᠬᠢᠨ ᠦᠵᠡᠮᠡᠭᠴᠠ ᠳᠤᠭᠤᠵᠤ ᠪᠡᠯᠡ ᠤᠷᠤᠭᠤᠯᠬᠤ ᠪᠠᠷ ᠪᠤᠯᠤᠭᠰᠠᠨ ᠪᠠᠶᠢᠨ᠎ᠠ  ᠃
   ᠶᠠᠪᠠᠭᠠᠨ ᠠᠶᠠᠯᠠᠯ ᠤᠨ ᠵᠤᠭᠠᠴᠠᠯ ᠤᠨ ᠰᠠᠭᠤᠷᠢᠨ ᠢ ᠬᠤᠶᠠᠷ ᠳᠠᠪᠬᠤᠷᠯᠢᠭ ᠳᠦᠪᠯᠡᠷᠡᠬᠦᠯᠦᠨ ᠰᠠᠪᠠᠯᠠᠬᠤ ᠬᠠᠶᠢᠷᠴᠠᠭᠳᠦ ᠪᠠᠷ ᠪᠠᠷᠢᠵᠦ᠂ 500 ᠬᠦᠮᠦᠨ ᠤ ᠢᠳᠡᠵᠦ ᠤᠤᠭᠤᠬᠤ᠂ ᠬᠤᠨᠤᠵᠤ ᠬᠡᠪᠳᠡᠬᠦ ᠶᠢ ᠬᠠᠩᠭᠠᠵᠦ ᠳᠡᠶᠢᠯᠦᠨ᠎ᠠ᠃ ᠶᠠᠭᠠᠬᠢᠭᠠᠳ ᠡᠯᠡᠰᠦᠨ ᠤ ᠤᠷᠤᠢ ᠳᠤ ᠪᠠᠷᠢᠬᠤ ᠪᠤᠯᠤᠭᠰᠠᠨ ᠳᠤᠬᠠᠢ ᠯᠢᠤ ᠴᠢᠶᠠᠩ ᠶᠠᠷᠢᠬᠤ ᠳᠠᠭᠠᠨ᠂ ᠨᠠᠭᠤᠷ ᠤᠨ ᠬᠦᠪᠡᠬᠡᠨ ᠳᠤ ᠬᠡᠳᠦᠶᠢᠪᠡᠷ ᠦᠵᠡᠮᠵᠢ ᠭᠤᠶᠤᠬᠠᠨ ᠴᠦ ᠢᠯᠠᠭ᠎ᠠ ᠰᠢᠮᠠᠭᠤᠯ ᠠᠷᠪᠢᠨ᠂ ᠬᠦᠮᠦᠨ ᠠᠮᠢᠳᠠᠨ ᠠᠷᠪᠢᠨ ᠶᠠᠪᠤᠪᠠᠯ ᠨᠠᠭᠤᠷ ᠤᠨ ᠬᠦᠪᠡᠬᠡᠨ ᠤ ᠡᠪᠡᠰᠦ ᠨᠤᠭᠤᠭ᠎ᠠ ᠶᠢ ᠬᠢᠰᠬᠢᠵᠦ ᠳᠠᠮᠳᠤᠭᠯᠠᠬᠤ ᠠᠶᠤᠯ ᠲᠠᠢ᠃ ᠡᠶᠢᠮᠦ ᠎ ᠠᠴᠠ ᠡᠯᠡᠰᠦᠨ ᠤ ᠦᠨᠳᠦᠷ ᠭᠠᠵᠠᠷ ᠪᠠᠷᠢᠬᠤ ᠪᠠᠷ ᠪᠤᠯᠤᠭᠰᠠᠨ ᠶᠤᠮ᠃ ᠠᠳᠠᠭ ᠰᠤᠶᠢᠭ ᠤᠨ ᠤᠷᠤᠢ ᠨᠢ ᠨᠠᠭᠤᠷ ᠎ ᠠᠴᠠ ᠬᠠᠷᠢᠴᠠᠩᠭᠤᠢ ᠪᠠᠷ 300 ᠭᠠᠷᠤᠢ ᠮᠧᠲᠷ ᠡᠷᠬᠦᠭᠳᠡᠵᠦ᠂ ᠡᠨᠡᠬᠦ ᠬᠠᠵᠠᠭᠤ ᠤᠷᠤᠢ ᠨᠢ ᠴᠦ ᠪᠠᠷᠤᠭ 300 ᠮᠧᠲᠷ ᠦᠨᠳᠦᠷ ᠡᠷᠬᠦᠭᠳᠡᠭᠰᠡᠨ ᠪᠠᠶᠢᠨ᠎ᠠ᠃ ᠡᠨᠡ ᠨᠢ ᠤᠶᠢᠷ᠎ᠠ ᠤᠷᠴᠢᠮ ᠤᠨ ᠡᠯᠡᠰᠦᠨ ᠤ ᠳᠤᠳᠤᠷ᠎ᠠ ᠪᠠᠨ ᠬᠠᠮᠤᠭ ᠦᠨᠳᠦᠷ ᠨᠢ ᠳᠤᠯᠠ ᠬᠤᠯᠠ ᠶᠢ ᠪᠠᠷᠠᠯᠠᠬᠤ ᠳᠤ ᠡᠯᠡᠰᠦᠨ ᠳᠠᠯᠠᠢ ᠶᠢᠨ ᠤᠶᠢᠯᠤᠨ ᠴᠠᠯᠬᠢᠯᠠᠬᠤ ᠮᠡᠳᠦ ᠰᠠᠶᠢᠬᠠᠨ ᠦᠵᠡᠮᠵᠢ ᠶᠢ ᠰᠤᠨᠢᠷᠬᠠᠵᠦ ᠴᠢᠳᠠᠬᠤ ᠮᠦᠷᠳᠡᠬᠡᠨ ᠡᠯᠡᠰᠦᠨ ᠤ ᠤᠷᠤᠢ ᠠᠴᠠ ᠨᠠᠷ᠎ᠠ ᠮᠠᠨᠳᠤᠬᠤ᠂ ᠨᠠᠷ᠎ᠠ ᠰᠢᠩᠬᠡᠬᠦ ᠶᠢᠨ ᠦᠵᠡᠮᠵᠢ ᠶᠢ ᠤᠯᠵᠤ ᠰᠤᠨᠢᠷᠬᠠᠬᠤ ᠬᠠᠮᠤᠭ ᠳᠤᠬᠢᠷᠠᠮᠵᠢᠳᠠᠢ ᠭᠠᠵᠠᠷ ᠪᠠᠶᠢᠭ᠎ᠠ ᠶᠤᠮ ᠬᠡᠵᠦ ᠳᠠᠨᠢᠯᠴᠠᠭᠤᠯᠤᠨ᠎ᠠ᠃
    ᠳᠡᠷᠡ ᠪᠠᠰᠠ ᠵᠤᠭᠠᠴᠠᠭᠴᠢᠳ ᠤᠨ ᠢᠷᠡᠯᠳᠡ ᠶᠢ ᠴᠢᠩ ᠳ᠋ᠠᠨ ᠺᠯᠦ᠋ᠪ ᠤᠨ ᠬᠢᠨ ᠬᠠᠷᠢᠭᠤᠴᠠᠵᠦ᠂ ᠬᠦᠯᠢᠶᠠᠨ ᠠᠪᠴᠦ ᠵᠤᠴᠢᠯᠠᠬᠤ ᠶᠢ ᠮᠠᠨ ᠤ ᠳᠠᠯ᠎ᠠ ᠶᠢᠨ ᠬᠢᠨ ᠬᠠᠷᠢᠭᠤᠴᠠᠵᠦ ᠬᠢᠬᠦ ᠪᠠᠷ ᠪᠤᠢ᠃ ᠡᠨᠡᠬᠦ ᠠᠵᠢᠯ ᠵᠢᠩᠬᠢᠨᠢ ᠪᠠᠷ ᠡᠬᠢᠯᠡᠪᠡᠯ ᠤᠶᠢᠷ᠎ᠠ ᠤᠷᠴᠢᠮ ᠤᠨ ᠮᠠᠯᠴᠢᠳ ᠤᠨ ᠦᠬᠡᠷ ᠬᠤᠨᠢᠨ ᠤ ᠮᠢᠬ᠎ᠠ ᠶᠢ ᠪᠤᠷᠤᠯᠠᠭᠤᠯᠬᠤ᠂ ᠳᠡᠷᠬᠡ ᠮᠠᠰᠢᠨ ᠢ ᠬᠦᠯᠦᠰᠦᠯᠡᠵᠦ ᠵᠠᠷᠤᠬᠤ᠂ ᠳᠡᠮᠡᠭᠡ ᠮᠤᠷᠢ ᠤᠨᠤᠭᠤᠯᠵᠤ ᠵᠤᠭᠤᠰ ᠤᠯᠬᠤ ᠵᠡᠷᠬᠡ ᠤᠯᠠᠨ ᠳᠠᠯ᠎ᠠ ᠶᠢᠨ ᠠᠰᠢᠭᠳᠠᠢ ᠨᠦᠬᠦᠴᠡᠯ ᠢ ᠪᠦᠷᠢᠯᠳᠦᠬᠦᠯᠵᠦ ᠦᠭᠬᠦ ᠪᠤᠯᠤᠨ᠎ᠠ ᠬᠡᠵᠦ ᠪᠠᠶᠢᠪᠠ᠃          
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号