ᠨᠢᠭᠡ ᠳᠤ᠂ ᠠᠵᠢᠯ ᠤᠨ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠬᠠᠮᠲᠤᠷᠠᠨ ᠬᠥᠳᠡᠯᠦᠯᠴᠡᠬᠦ ᠬᠦᠴᠦᠨ | ᠴᠢᠳᠠᠪᠤᠷᠢ ᠶᠢ ᠳᠡᠭᠡᠭᠰᠢᠯᠡᠭᠦᠯᠪᠡ᠃ ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 《 ᠬᠤᠶᠠᠷ ᠢ ᠪᠦᠷᠬᠦᠭᠦᠯᠬᠦ | 》 ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ 《 ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 〈 ᠬᠤᠶᠠᠷ ᠢ | ᠪᠦᠷᠬᠦᠭᠦᠯᠬᠦ 〉》 ᠠᠵᠢᠯ ᠢ ᠥᠷᠨᠢᠭᠦᠯᠬᠦ ᠳᠤ ᠬᠠᠮᠵᠢᠯᠴᠠᠬᠤ ᠵᠠᠬᠢᠳᠠᠯ︾ ᠢ ᠳᠠᠷᠤᠮᠠᠯᠯᠠᠨ ᠲᠠᠷᠬᠠᠭᠠᠵᠤ᠂ ᠰᠠᠯᠠᠭ᠎ᠠ | ᠮᠥᠴᠢᠷ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠡᠭᠦᠷᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠬᠤ ᠠᠭᠤᠯᠭ᠎ᠠ᠂ ᠡᠲᠡᠭᠡᠳ ᠤᠨ ᠬᠡᠪᠴᠢᠶ᠎ᠡ | ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ | ᠪᠠᠶᠢᠷᠢᠰᠢᠯ ᠢ ᠪᠦᠷᠢᠯᠳᠦᠭᠦᠯᠵᠦ᠂ 《 ᠬᠤᠶᠠᠷ ᠢ ᠪᠦᠷᠬᠦᠭᠦᠯᠬᠦ 》 ᠠᠵᠢᠯ ᠢ ᠭᠦᠨᠵᠡᠭᠡᠶ ᠠᠬᠢᠭᠤᠯᠬᠤ ᠳᠤ ᠴᠢᠩᠭ᠎ᠠ | ᠬᠦᠴᠦᠲᠡᠶ ᠲᠣᠭᠲᠠᠴᠠ ᠶᠢᠨ ᠪᠠᠲᠤᠯᠠᠭ᠎ᠠ ᠬᠠᠩᠭᠠᠪᠠ᠃ | | | | ᠬᠤᠶᠠᠷ ᠲᠤ᠂ ᠤᠶᠢᠯᠠᠭᠠᠨ ᠵᠢᠭᠰᠠᠭᠠᠬᠤ ᠪᠠᠷᠢᠮᠵᠢᠶ᠎ᠠ ᠶᠢ ᠬᠦᠴᠦᠯᠡᠨ ᠨᠠᠷᠢᠯᠢᠬᠵᠢᠭᠤᠯᠵᠤ᠂ ᠤᠶᠢᠯᠠᠭᠠᠨ ᠵᠢᠭᠰᠠᠭᠠᠬᠤ | ᠠᠵᠢᠯ ᠤᠨ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠪᠡ᠃ ᠬᠠᠷᠢᠶ᠎ᠠ ᠣᠷᠣᠨ ᠳᠤ ᠬᠠᠷᠢᠶᠠᠯᠠᠭᠳᠠᠬᠤ ᠡᠯ᠎ᠡ | ᠲᠥᠷᠥᠯ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠪᠠᠶᠢᠴᠠᠭᠠᠨ ᠣᠶᠢᠯᠠᠭᠠᠵᠤ ᠵᠢᠭᠰᠠᠭᠠᠨ ᠪᠠᠶᠢᠴᠠᠭᠠᠬᠤ ᠳᠤ 《 ᠵᠢᠷᠭᠤᠭ᠎ᠠ ᠶᠢ ᠲᠣᠳᠣᠷᠬᠠᠶᠢᠯᠠᠬᠤ 》 ᠶᠢ ᠪᠡᠶᠡᠯᠡᠭᠦᠯᠵᠦ᠂ | ᠠᠶᠢᠮᠠᠭ ᠤᠨ ᠱᠠᠲᠤᠨ ᠤ ᠰᠢᠭᠰᠢᠨ ᠬᠠᠷᠭᠤᠭᠤᠯᠤᠭᠰᠠᠨ ᠤ ᠳᠠᠷᠠᠭ᠎ᠠ ᠬᠠᠷᠢᠭᠤ ᠲᠤᠰᠬᠠᠬᠤ ᠪᠠᠷ ᠲᠣᠭᠲᠠᠭᠰᠠᠨ 598 | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ 168 ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ᠂ | ᠲᠤᠰᠬᠠᠶ ᠬᠥᠮᠦᠨ ᠵᠣᠬᠢᠶᠠᠨ ᠪᠠᠶᠢᠭᠤᠯᠵᠤ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠰᠤᠮᠤ | ᠪᠠᠯᠭᠠᠰᠤ ᠶᠢ ᠬᠠᠷᠢᠶ᠎ᠠ ᠭᠠᠵᠠᠷ ᠲᠤᠨᠢ ᠬᠤᠪᠢᠶᠠᠷᠢᠯᠠᠨ ᠵᠢᠭᠰᠠᠭᠠᠨ ᠪᠠᠶᠢᠴᠠᠭᠠᠬᠤ᠂ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠠᠶᠢᠴᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠣᠰᠢᠵᠤ ᠪᠠᠶᠢᠭ᠎ᠠ | ᠠᠰᠠᠭᠤᠳᠠᠯ ᠢ ᠡᠷᠢᠵᠦ᠂ ᠲᠤᠭ᠎ᠠ ᠪᠠᠷᠢᠮᠲᠠ ᠶᠢᠨ ᠡᠬᠡ ᠲᠠᠩᠰᠠ ᠶᠢ ᠰᠢᠨᠡᠳᠬᠡᠵᠦ᠂ 《 ᠨᠢᠭᠡ ᠠᠵᠤ ᠠᠬᠤᠶᠢᠯᠠᠯ ᠳᠤ | ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ 》᠂ 《 ᠨᠢᠭᠡ ᠬᠤᠷᠰᠢᠶ᠎ᠠ ᠳᠤ ᠨᠢᠭᠡ ᠲᠥᠷᠥ ᠶᠢᠨ ᠪᠣᠳᠣᠯᠭ᠎ᠠ | ᠬᠡᠷᠡᠭᠵᠢᠭᠦᠯᠬᠦ 》 ᠶᠢ ᠦᠨᠡᠨ ᠬᠦ ᠪᠡᠶᠡᠯᠡᠭᠦᠯᠵᠦ᠂ ᠵᠢᠭᠰᠠᠭᠠᠨ ᠪᠠᠶᠢᠴᠠᠭᠠᠵᠤ ᠰᠤᠳᠤᠯᠤᠨ ᠮᠠᠭᠠᠳᠯᠠᠬᠤ ᠪᠠᠷ ᠳᠡᠮᠵᠢᠨ᠂ | 《 ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠡᠬᠡ ᠲᠠᠩᠰᠠ | 》 ᠳᠠᠬᠢ 13 ᠠᠵᠤ ᠠᠬᠤᠶᠢᠯᠠᠯ᠂ 4 ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠣᠬᠢᠷᠠᠭᠤᠯᠤᠯᠲᠠ ᠬᠢᠪᠠ᠃ | | | | | | ᠭᠤᠷᠪᠠ ᠳᠤ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠶᠢ ᠬᠦᠴᠦᠯᠡᠨ ᠲᠡᠭᠦᠯᠳᠡᠷᠵᠢᠭᠦᠯᠵᠦ᠂ 《 ᠬᠤᠶᠠᠷ ᠢ | ᠪᠦᠷᠬᠦᠭᠦᠯᠬᠦ 》 ᠥᠷᠭᠡᠴᠡ ᠶᠢ ᠳᠡᠭᠡᠭᠰᠢᠯᠡᠭᠦᠯᠪᠡ᠃ ᠬᠠᠮᠲᠤᠷᠠᠭᠰᠠᠨ ᠨᠠᠮ ᠤᠨ ᠡᠭᠦᠷ ᠲᠤ 《 ᠮᠠᠷᠢᠶ᠎ᠠ | ᠰᠢᠭᠤᠷᠠᠭᠤᠯᠵᠤ 》᠂ ᠢᠯᠡ ᠪᠦᠷᠬᠦᠴᠡ ᠶᠢ ᠪᠦᠲᠦᠮᠵᠢᠲᠡᠢ ᠪᠦᠷᠬᠦᠴᠡ ᠪᠣᠯᠭᠠᠨ ᠬᠤᠪᠢᠷᠠᠭᠤᠯᠬᠤ ᠶᠢ ᠠᠬᠢᠭᠤᠯᠵᠤ᠂ | ᠲᠤᠰᠠᠭᠠᠷ ᠵᠣᠬᠢᠶᠠᠨ ᠪᠠᠶᠢᠭᠤᠯᠬᠤ ᠨᠤᠷᠮ᠎ᠠ ᠶᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠷᠬᠦᠴᠡ ᠶᠢ ᠴᠢᠨᠠᠭᠰᠢᠳᠠ ᠦᠷᠭᠡᠳᠬᠡᠪᠡ᠃ ᠡᠬᠢ ᠡᠭᠦᠰᠦᠯ ᠠᠴᠠ ᠨᠢ ᠵᠣᠬᠢᠶᠠᠨ ᠪᠠᠶᠢᠭᠤᠯᠬᠤ ᠶᠢ ᠴᠢᠬᠤᠯᠠᠴᠢᠯᠠᠵᠤ᠂ | ᠰᠢᠨ᠎ᠡ ᠪᠠᠷ ᠳᠠᠩᠰᠠᠯᠠᠭᠤᠯᠤᠭᠰᠠᠨ ᠨᠠᠮ ᠤᠨ ᠭᠡᠰᠢᠭᠦᠨ ᠲᠠᠢ ᠠᠵᠤ ᠠᠬᠤᠶᠢᠯᠠᠯ ᠳᠤ ᠮᠥᠷᠳᠡᠨ ᠦᠢᠯᠡᠴᠢᠯᠡᠵᠦ᠂ ᠤᠯᠠᠨ | ᠵᠦᠢᠯ ᠤᠨ ᠠᠷᠭ᠎ᠠ ᠬᠡᠯᠪᠡᠷᠢ ᠪᠠᠷ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭ ᠲᠤᠬᠠᠢ ᠳᠤᠨᠢ ᠪᠠᠶᠢᠭᠤᠯᠪᠠ᠃ | ᠣᠳᠣᠬᠠᠨ ᠪᠣᠯᠲᠠᠯ᠎ᠠ᠂ ᠲᠥᠪᠯᠡᠷᠡᠭᠦᠯᠦᠨ ᠪᠠᠶᠢᠭᠤᠯᠬᠤ ᠪᠠᠷ ᠳᠡᠮᠵᠢᠨ᠂ ᠪᠥᠬᠦ ᠬᠤᠰᠢᠭᠤᠨ ᠳᠤ ᠨᠢᠭᠡᠨᠲᠡ 4 ᠨᠠᠮ ᠤᠨ | ᠵᠣᠬᠢᠶᠠᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠵᠤ᠂ ᠪᠥᠬᠦ ᠬᠤᠰᠢᠭᠤᠨ ᠤ ᠪᠦᠬᠦᠯᠢ ᠴᠣᠭᠴᠠ ᠶᠢᠨ ᠵᠣᠬᠢᠶᠠᠨ | ᠪᠠᠶᠢᠭᠤᠯᠤᠯᠲᠠ ᠶᠢᠨ ᠨᠣᠷᠮ᠎ᠠ ᠶᠢ 2 ᠵᠠᠭᠤᠨ ᠤ ᠴᠡᠭ ᠳᠡᠭᠡᠭᠰᠢᠯᠡᠭᠦᠯᠪᠡ᠃ | | | | ᠳᠥᠷᠪᠡ ᠳᠤ᠂ ᠭᠤᠤᠯᠳᠠᠯᠭ᠎ᠠ ᠲᠠᠢ ᠪᠠᠶᠢᠭᠤᠯᠬᠤ ᠶᠢ ᠬᠦᠴᠦᠯᠡᠨ ᠴᠢᠩᠭᠠᠳᠬᠠᠵᠤ᠂ ᠵᠣᠬᠢᠶᠠᠨ ᠪᠠᠶᠢᠭᠤᠯᠬᠤ ᠶᠠᠰᠤ | ᠴᠢᠨᠠᠷ ᠢ ᠳᠡᠭᠡᠭᠰᠢᠯᠡᠭᠦᠯᠪᠡ᠃ ᠠᠰᠠᠷ ᠪᠠᠶᠢᠰᠢᠩ᠂ ᠬᠤᠳᠠᠯᠳᠤᠭᠠᠨ ᠤ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ | ᠪᠦᠰᠡ ᠶᠢᠨ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠡᠷᠴᠢᠮ ᠢ ᠴᠢᠩᠭᠠᠷᠠᠭᠤᠯᠵᠤ᠂ | ᠵᠣᠬᠢᠶᠠᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ᠂ ᠠᠵᠢᠯᠯᠠᠭ᠎ᠠ ᠶᠢ ᠬᠠᠮᠲᠤ ᠪᠠᠷ ᠬᠤᠯᠪᠣᠭᠠᠯᠠᠬᠤ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ 《 ᠬᠤᠶᠠᠷ ᠢ ᠪᠦᠷᠬᠦᠭᠦᠯᠬᠦ 》 ᠠᠵᠢᠯ ᠤᠨ ᠪᠠᠷᠢᠮᠵᠢᠶ᠎ᠠ ᠵᠢᠴᠢ | ᠵᠢᠭᠰᠠᠭᠠᠨ ᠪᠠᠶᠢᠴᠠᠭᠠᠵᠤ ᠪᠦᠷᠢᠳᠬᠡᠭᠰᠡᠨ ᠲᠤᠭ᠎ᠠ ᠪᠠᠷᠢᠮᠲᠠ ᠶᠢ ᠴᠢᠩᠭ᠎ᠠ ᠬᠢᠨᠠᠨ ᠬᠠᠷᠭᠤᠭᠤᠯᠤᠨ᠂ ᠵᠢᠭᠰᠠᠭᠠᠨ | ᠪᠠᠶᠢᠴᠠᠭᠠᠵᠤ ᠪᠦᠷᠢᠳᠬᠡᠬᠦ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ᠂ ᠲᠤᠭ᠎ᠠ ᠪᠠᠷᠢᠮᠲᠠ ᠶᠢ | ᠣᠨᠣᠪᠴᠢᠲᠠᠶ ᠪᠥᠭᠡᠳ ᠪᠣᠳᠠᠲᠠᠶ᠂ 《 ᠬᠤᠶᠠᠷ ᠢ ᠪᠦᠷᠬᠦᠭᠦᠯᠬᠦ 》 ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠨ | ᠪᠥᠭᠡᠳ ᠡᠮᠬᠢ ᠵᠢᠷᠤᠮ ᠲᠠᠢ ᠪᠠᠶᠢᠭᠤᠯᠬᠤ ᠶᠢ ᠦᠨᠡᠨᠬᠦ ᠪᠠᠲᠤᠯᠠᠪᠠ᠃ 《 ᠰᠠᠷ᠎ᠠ ᠪᠦᠷᠢ ᠥᠪᠡᠰᠦᠪᠡᠨ ᠪᠠᠶᠢᠴᠠᠭᠠᠬᠤ᠂ | ᠤᠯᠠᠷᠢᠯ ᠪᠦᠷᠢ ᠪᠠᠶᠢᠴᠠᠭᠠᠨ ᠵᠠᠰᠠᠬᠤ᠂ ᠵᠢᠯ ᠪᠦᠷᠢ ᠦᠨᠡᠯᠡᠯᠲᠡ ᠬᠢᠬᠦ 》 ᠲᠣᠭᠲᠠᠴᠠ ᠪᠠ ᠨᠠᠮ ᠤᠨ | ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ ᠶᠢ ᠰᠣᠩᠭᠤᠨ ᠲᠣᠮᠢᠯᠠᠬᠤ ᠵᠡᠷᠭᠡ ᠠᠷᠭ᠎ᠠ ᠬᠡᠯᠪᠡᠷᠢ ᠶᠢ ᠬᠡᠷᠡᠭᠵᠢᠭᠦᠯᠵᠦ᠂ | ᠨᠠᠮ ᠤᠨ ᠠᠵᠢᠯ ᠤᠨ ᠪᠦᠷᠬᠦᠴᠡ ᠶᠢᠨ ᠶᠠᠰᠤ ᠴᠢᠨᠠᠷ ᠢ ᠴᠢᠩᠭᠠᠳᠬᠠᠪᠠ᠃ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |