ᠠᠯᠠᠱᠠ ᠵᠡᠭᠦᠨ ᠬᠤᠰᠢᠭᠤ ᠦᠶᠡᠷ ᠤᠨ ᠬᠤᠭᠤᠴᠠᠭᠠᠨ ᠳᠠᠬᠢ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/6/21
ᠠᠯᠠᠱᠠ ᠵᠡᠭᠦᠨ ᠬᠤᠰᠢᠭᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯᠲᠠᠨ ᠢ ᠵᠣᠬᠢᠶᠠᠨ ᠪᠠᠶᠢᠭᠤᠯᠵᠤ ᠺᠦᠨᠯᠦ᠋ᠨ ᠰᠢᠲᠠᠮᠠᠬᠠᠶ ᠬᠡᠢ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠵᠢᠴᠢ ᠬᠠᠭᠠᠯᠲᠠ ᠶᠢᠨ ᠲᠠᠰᠤᠭ ᠤᠨ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠺᠣᠮᠫᠠᠨᠢ ᠶᠢᠨ ᠠᠮᠤᠷ ᠲᠦᠪᠰᠢᠨ ᠤ ᠬᠥᠮᠦᠵᠢᠯ᠂ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢᠨ ᠬᠠᠮᠠᠭᠠᠯᠠᠯᠲᠠ᠂ ᠲᠣᠭᠤᠷᠢᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠡᠳᠦᠷ ᠲᠤᠲᠤᠮ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠺᠦᠨᠯᠦ᠋ᠨ ᠰᠢᠲᠠᠮᠠᠬᠠᠶ ᠬᠡᠶ ᠶᠢᠨ ᠺᠣᠮᠫᠠᠨᠢ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠱᠤᠭᠤᠮ ᠤᠨ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ᠂ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠭᠤᠤᠷᠰᠤ᠂ ᠬᠤᠭᠤᠯᠠᠶ ᠶᠢᠨ ᠥᠨᠳᠥᠷ ᠳ᠋ᠦᠩ ᠢ ᠢᠯᠭᠠᠨ ᠲᠠᠨᠢᠬᠤ ᠣᠷᠣᠨ ᠵᠡᠷᠭᠡ ᠠᠮᠤᠷ ᠲᠦᠪᠰᠢᠨ ᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠬᠢᠨᠠᠯᠲᠠ ᠪᠠᠶᠢᠴᠠᠭᠠᠯᠲᠠ ᠬᠢᠬᠦ ᠶᠢᠨ ᠬᠠᠮᠲᠤ᠂ ᠠᠵᠤ ᠠᠬᠤᠶᠢᠯᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ᠂ ᠴᠢᠬᠤᠯᠠ ᠶᠡᠭᠡ ᠠᠵᠢᠯᠯᠠᠭ᠎ᠠ ᠵᠢᠴᠢ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠤ ᠵᠢᠵᠢᠭᠦᠷ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
ᠬᠢᠨᠠᠮᠠᠭᠠᠶ ᠪᠠᠶᠢᠴᠠᠭᠠᠨ ᠦᠵᠡᠭᠰᠡᠨ ᠤ ᠳᠠᠷᠠᠭ᠎ᠠ᠂ ᠬᠢᠨᠠᠨ ᠬᠠᠮᠢᠶᠠᠷᠬᠤ ᠠᠵᠤ ᠠᠬᠤᠶᠢᠯᠠᠯ ᠤᠳ ᠦᠶᠡᠷ ᠢ ᠰᠡᠷᠭᠡᠶᠢᠯᠡᠬᠦ ᠬᠤᠭᠤᠴᠠᠭᠠᠨ ᠳᠤ ᠪᠠᠶᠢᠭᠠᠯᠢ ᠶᠢᠨ ᠰᠢᠲᠠᠮᠠᠬᠠᠶ ᠬᠡᠶ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠳᠦᠷ ᠲᠤᠲᠤᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠥᠩᠭᠡᠷᠡᠬᠦ ᠵᠠᠮ ᠳᠠᠬᠢ ᠠᠭᠤᠯᠠᠨ ᠴᠣᠭᠴᠠ ᠶᠢᠨ ᠠᠭᠤᠯᠠ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠬᠡᠶ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠡᠷᠬᠢᠨ ᠲᠣᠭᠤᠷᠢᠨ ᠳᠤ ᠬᠠᠤᠯᠢ ᠠᠴᠠ ᠵᠥᠷᠢᠴᠡᠨ ᠪᠠᠷᠢᠯᠭ᠎ᠠ ᠪᠠᠷᠢᠬᠤ ᠶᠢ ᠴᠢᠩᠭ᠎ᠠ ᠰᠡᠷᠭᠡᠶᠢᠯᠡᠨ ᠪᠠᠶᠢᠴᠠᠭᠠᠨ ᠰᠢᠢᠳᠪᠦᠷᠢᠯᠡᠵᠦ᠂ ᠳᠤᠷᠠᠳᠤᠭᠰᠠᠨ ᠠᠰᠠᠭᠤᠳᠠᠯ ᠪᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ ᠴᠠᠭ ᠲᠤᠬᠠᠶ ᠳᠤᠨᠢ ᠰᠢᠮᠳᠠᠭᠤᠯᠤᠨ ᠪᠠᠶᠢᠴᠠᠭᠠᠵᠤ᠂ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠱᠤᠭᠤᠮ ᠤᠨ ᠦᠶᠡᠷ ᠤᠨ ᠬᠤᠭᠤᠴᠠᠭᠠᠨ ᠳᠤ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号