ᠠᠯᠠᠱᠠ ᠵᠡᠭᠦᠨ ᠬᠤᠰᠢᠭᠤᠨ ᠤ ︽ᠤᠶᠤᠨᠲᠤ ᠷᠠᠳᠢᠣ᠋ ᠲᠧᠯᠸᠢᠰ︾ ᠮᠠᠯᠵᠢᠬᠤ ᠡᠷᠦᠬᠡ ᠳᠤ ᠣᠷᠣᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/6/21
 ᠥᠪᠥᠷ ᠮᠣᠩᠭᠤᠯ ᠤᠨ ᠮᠠᠯᠵᠢᠬᠤ ᠣᠷᠣᠨ ᠤ ︽ᠤᠶᠤᠨᠲᠤ ᠷᠠᠳᠢᠣ᠋ ᠲᠧᠯᠸᠢᠰ︾᠎ ᠤᠨ ᠥᠷᠭᠡᠨ ᠪᠦᠰᠡᠲᠦ ᠲᠤᠤᠷ ᠰᠦᠯᠵᠢᠶ᠎ᠡ ᠶᠢᠨ ᠪᠦᠷᠬᠦᠴᠡ ᠬᠢᠭᠡᠳ ᠦᠢᠯᠡᠴᠢᠯᠡᠭᠡᠨ ᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠮᠡᠷᠭᠡᠵᠢᠯ ᠤᠨ ᠠᠵᠢᠯᠲᠠᠨ ᠰᠠᠭᠤᠷᠢ ᠥᠷᠲᠡᠭᠡᠨ ᠤ ᠳᠤᠤᠷᠠᠬᠢ ᠰᠠᠭᠤᠭᠠᠯᠢ ᠡᠷᠦᠬᠡ ᠶᠢ ᠦᠨᠳᠦᠰᠦᠯᠡᠨ ᠲᠥᠬᠦᠭᠡᠷᠦᠮᠵᠢ ᠤᠭᠰᠠᠷᠠᠨ ᠳᠣᠬᠢᠶ᠎ᠠ ᠦᠭᠪᠡ᠃
ᠤᠭᠰᠠᠷᠠᠨ ᠲᠤᠷᠰᠢᠬᠤ ᠠᠵᠢᠯ ᠳᠠᠭᠤᠰᠤᠭᠰᠠᠨ ᠤ ᠳᠠᠷᠠᠭ᠎ᠠ᠂ ᠮᠠᠯᠴᠢᠳ 100 ᠢᠵᠢ ᠲᠧᠯᠸᠢᠰ ᠫᠷᠤᠭ᠍ᠷᠠᠮ ᠵᠢᠴᠢ 20M᠎ ᠠᠴᠠ ᠬᠤᠷᠳᠣᠨ ᠥᠷᠭᠡᠨ ᠪᠦᠰᠡᠲᠦ ᠰᠦᠯᠵᠢᠶᠡᠨ ᠤ ᠦᠢᠯᠡᠴᠢᠯᠡᠭᠡ ᠶᠢ ᠭᠥᠯᠢᠶᠡᠨ ᠠᠪᠴᠤ ᠦᠵᠡᠵᠦ ᠪᠣᠯᠤᠨ᠎ᠠ᠃ ᠮᠠᠯᠵᠢᠬᠤ ᠣᠷᠣᠨ ᠤ ᠠᠶᠢᠯ ᠤᠳ ᠣᠷᠣᠰᠢᠨ ᠰᠠᠭᠤᠭ᠎ᠠ ᠨᠢ ᠲᠠᠷᠠᠬᠠᠶ ᠪᠤᠲᠠᠷᠬᠠᠶ᠂ ᠬᠥᠮᠦᠨ ᠠᠮᠠ ᠴᠥᠭᠡᠨ᠂ ᠬᠠᠮᠤᠷᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠤᠶᠢᠳᠠ ᠪᠦᠭᠯᠡᠭᠦᠦ ᠮᠠᠯᠵᠢᠬᠤ ᠣᠷᠣᠨ ᠤ ᠬᠡᠷᠡᠭᠯᠡᠭᠴᠢᠳ ᠤᠨ ᠥᠷᠭᠡᠨ ᠪᠦᠰᠡᠲᠦ ᠰᠦᠯᠵᠢᠶ᠎ᠡ ᠳᠤ ᠭᠠᠷᠬᠤ᠂ ᠷᠠᠳᠢᠣ᠋ ᠲᠧᠯᠸᠢᠰ ᠤᠨ ᠫᠷᠤᠭ᠍ᠷᠠᠮ ᠢ ᠭᠥᠯᠢᠶᠡᠨ ᠠᠪᠴᠤ ᠰᠣᠨᠣᠰᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠣᠳᠣᠬᠠᠨ ᠪᠣᠯᠲᠠᠯ᠎ᠠ᠂ ᠠᠯᠠᠱᠠ ᠵᠡᠭᠦᠨ ᠬᠤᠰᠢᠭᠤ ᠨᠢᠭᠡᠨᠲᠡ ᠵᠢᠷᠠᠲᠠᠢ ᠪᠠᠯᠭᠠᠰᠤ᠂ ᠪᠠᠶᠠᠨᠨᠢᠷᠤᠭᠤᠨ ᠰᠤᠮᠤ᠂ ᠪᠠᠷᠠᠭᠤᠨ ᠪᠡᠯ ᠪᠠᠯᠭᠠᠰᠤ᠂ ᠴᠣᠭᠲᠤᠬᠦ᠋ᠷᠢᠶ᠎ᠡ ᠰᠤᠮᠤ ᠵᠡᠷᠭᠡ ᠰᠤᠮᠤ ᠪᠠᠯᠭᠠᠰᠤᠨ ᠤ 40 ᠰᠢᠬᠠᠮ ᠭᠠᠴᠠᠭᠠᠨ ᠤ 800 ᠭᠠᠷᠤᠢ ᠮᠠᠯᠵᠢᠬᠤ ᠡᠷᠦᠬᠡ ᠶᠢᠨ ᠲᠥᠬᠦᠭᠡᠷᠦᠮᠵᠢ ᠶᠢ ᠤᠭᠰᠠᠷᠠᠨ ᠲᠤᠷᠰᠢᠬᠤ ᠠᠵᠢᠯ ᠢ ᠪᠡᠶᠡᠯᠡᠭᠦᠯᠪᠡ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号