6 ᠳ᠋ᠤᠭᠠᠷ ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠠᠯᠠᠱᠠ ᠠᠶᠢᠮᠠᠭ ᠤᠯᠤᠰ ᠤᠨ | ᠳᠣᠲᠣᠭᠠᠳᠤ ᠶᠢᠨ ᠵᠤᠭᠠᠴᠠᠭᠰᠠᠳ ᠢ ᠨᠡᠶᠢᠲᠡ 14. 6012 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ | ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠠᠳᠠᠯᠢ ᠬᠤᠭᠤᠴᠠᠭᠠᠨ ᠤ ᠬᠢ ᠠᠴᠠ 12.15% ᠪᠠᠷ ᠨᠡᠮᠡᠭᠳᠡᠪᠡ︔ | ᠵᠢᠭᠤᠯᠴᠢᠯᠠᠯ ᠤᠨ ᠣᠷᠣᠯᠭ᠎ᠠ ᠶᠢ 0.6966 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ | ᠪᠠᠷᠢᠮᠵᠢᠶ᠎ᠠ ᠪᠠᠷ ᠠᠳᠠᠯᠢ ᠬᠤᠭᠤᠴᠠᠭᠠᠨ ᠤ ᠬᠢ ᠠᠴᠠ 23.16% ᠪᠠᠭᠤᠷᠠᠪᠠ᠃ ᠡᠨᠡ ᠬᠤᠭᠤᠴᠠᠭᠠᠨ ᠳᠤ᠂ ᠮᠠᠨ ᠤ | ᠠᠶᠢᠮᠠᠭ ︽ᠵᠢᠷᠭᠤᠭ᠎ᠠ ᠶᠢ ᠣᠷᠣᠭᠤᠯᠬᠤ︾ ᠦᠵᠡᠮᠵᠢ ᠶᠢᠨ ᠣᠷᠣᠨ ᠤ ᠠᠵᠢᠯᠯᠠᠭ᠎ᠠ 20 ᠲᠠᠯᠠᠪᠠᠶ ᠥᠷᠨᠢᠭᠦᠯᠵᠦ᠂ | ᠡᠭᠦᠨ ᠳᠤ ᠰᠣᠳᠣᠨ ᠲᠣᠭᠯᠠᠯᠲᠠ ᠶᠢ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ 13 ᠲᠠᠯᠠᠪᠠᠶ᠂ | ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠤᠨ ᠡᠭᠦᠳᠦᠯᠲᠡ᠂ ᠨᠣᠮ ᠪᠢᠴᠢᠭ ᠢ ᠦᠵᠡᠮᠵᠢ ᠶᠢᠨ ᠣᠷᠣᠨ ᠳᠤ | ᠣᠷᠣᠭᠤᠯᠬᠤ ᠠᠵᠢᠯᠯᠠᠭ᠎ᠠ 7 ᠲᠠᠯᠠᠪᠠᠶ ᠥᠷᠨᠢᠭᠦᠯᠪᠡ᠃ ᠪᠥᠬᠦ ᠠᠶᠢᠮᠠᠭ ᠤᠨ A ᠲᠠᠰ ᠤᠨ 29 ᠵᠢᠭᠤᠯᠴᠢᠯᠠᠯ ᠤᠨ | ᠦᠵᠡᠮᠵᠢ ᠶᠢᠨ ᠣᠷᠣᠨ ᠭᠠᠳᠠᠭᠰᠢ ᠨᠡᠭᠡᠭᠡᠯᠲᠡ ᠬᠢᠵᠦ᠂ ᠬᠡᠰᠡᠭ ᠦᠵᠡᠮᠵᠢ ᠶᠢᠨ ᠣᠷᠣᠨ ᠪᠢᠯᠧᠲ ᠠᠪᠬᠤ ᠥᠬᠡᠶ᠂ | ᠦᠨ᠎ᠡ ᠪᠠᠭᠤᠷᠠᠭᠤᠯᠬᠤ ᠵᠡᠷᠭᠡ ᠬᠠᠷᠠᠭᠠᠯᠵᠠᠯ ᠤᠨ ᠠᠷᠭ᠎ᠠ ᠬᠡᠮᠵᠢᠶ᠎ᠡ ᠠᠪᠴᠤ ᠵᠢᠭᠤᠯᠴᠢᠯᠠᠭᠴᠢᠳ ᠢ ᠲᠠᠲᠠᠪᠠ᠃ | ᠵᠢᠭᠤᠯᠴᠢᠯᠠᠭᠰᠠᠳ ᠨᠢ ᠠᠶᠢᠮᠠᠭ ᠤᠨ ᠳᠣᠲᠣᠷᠠᠬᠢ ᠵᠢᠭᠤᠯᠴᠢᠯᠠᠭᠰᠠᠳ ᠢᠶᠠᠷ ᠭᠤᠣᠯ ᠪᠣᠯᠭᠠᠵᠤ᠂ ᠢᠯᠠᠩᠭᠤᠶ᠎ᠠ ᠭᠡᠷ | ᠪᠦᠯᠢ ᠪᠠᠷ ᠨᠢᠭᠡᠴᠢ ᠪᠣᠯᠭᠠᠭᠰᠠᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠭᠠᠵᠠᠷ ᠣᠯᠠᠨ ᠪᠠᠶᠢᠵᠤ᠂ | ᠵᠤᠭᠠᠴᠠᠬᠤ ᠭᠠᠵᠠᠷ ᠨᠢ ᠬᠤᠯᠠᠳᠠᠬᠢᠨ ᠢ ᠲᠣᠭᠲᠠᠭᠠᠭᠴᠢ ᠬᠤᠲᠠ᠂ ᠬᠤᠯᠠᠨ ᠤ ᠲᠠᠯ᠎ᠠ ᠨᠤᠲᠤᠭ᠂ ᠤᠷᠭᠤᠮᠠᠯ ᠤᠨ | ᠬᠦᠷᠢᠶᠡᠯᠡᠩ ᠵᠢᠴᠢ ᠪᠠᠷᠠᠭᠤᠨ ᠬᠡᠶᠢᠳ᠂ ᠲᠤᠩᠭᠠᠯᠠᠭ ᠨᠠᠭᠤᠷ ᠤᠨ ᠲᠠᠯ᠎ᠠ ᠨᠤᠲᠤᠭ ᠵᠡᠷᠭᠡ ᠦᠵᠡᠮᠵᠢ ᠶᠢᠨ ᠭᠠᠵᠠᠷ | ᠪᠣᠯᠤᠨ᠎ᠠ᠃ ᠠᠶᠢᠮᠠᠭ ᠤᠨ ᠭᠠᠳᠠᠨᠠᠬᠢ ᠵᠤᠭᠠᠴᠠᠭᠰᠠᠳ ᠭᠤᠤᠯᠳᠠᠭᠤ ᠨᠢᠩᠰᠢᠶᠠ ᠶᠢᠨ ᠢᠷᠭᠠᠶ᠂ ᠱᠠᠨᠰᠢ ᠶᠢᠨ ᠰᠢ ᠠᠨ᠂ | ᠶᠠᠨ ᠠᠨ᠂ ᠭᠠᠨᠰᠦ ᠶᠢᠨ ᠶᠢᠨ ᠴᠠᠩ᠂ ᠡᠤ ᠸᠧᠶ᠂ ᠵᠢᠦᠴᠢᠦᠸᠠᠨ᠂ ᠵᠠᠩ ᠶᠧ ᠵᠢᠴᠢ ᠦᠬᠠᠶ᠂ ᠪᠠᠶᠠᠨᠨᠠᠭᠤᠷ᠂ | ᠣᠷᠳᠣᠰ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠠᠴᠠ ᠢᠷᠡᠵᠦ᠂ ᠭᠠᠳᠠᠭᠰᠢ ᠭᠠᠷᠴᠤ ᠵᠤᠭᠠᠴᠠᠬᠤ ᠭᠠᠵᠠᠷ ᠨᠢ | ᠶᠢᠰᠦᠨ ᠬᠤᠳᠳᠤᠭ ᠤᠨ ᠵᠢᠭᠤᠯᠴᠢᠯᠠᠯ ᠤᠨ ᠣᠷᠣᠨ᠂ ᠲᠤᠩᠭᠠᠯᠠᠭ ᠨᠠᠭᠤᠷ ᠤᠨ ᠲᠠᠯ᠎ᠠ ᠨᠤᠲᠤᠭ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠢᠶᠠᠷ ᠭᠤᠤᠯ ᠪᠣᠯᠭᠠᠪᠠ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |