ᠠᠯᠠᠱᠠ ᠠᠭᠤᠯᠠᠨ ᠳᠤ ᠭᠦᠨᠵᠡᠭᠡᠶᠢᠷᠡᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/6/3
ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠯᠠᠱᠠ ᠠᠭᠤᠯᠠᠨ ᠳᠤ ᠭᠦᠨᠵᠡᠭᠡᠶᠢᠷᠡᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ 6 ᠳ᠋ᠤᠭᠠᠷ ᠰᠠᠷ᠎ᠠ ᠶᠢᠨ 1᠎ ᠤ ᠡᠳᠦᠷ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠯᠠᠱᠠ ᠠᠭᠤᠯᠠᠨ ᠳᠤ ᠭᠦᠨᠵᠡᠭᠡᠶᠢᠷᠡᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ᠃ ᠳᠠᠶᠢᠴᠢᠨ ᠨᠠᠷ ᠤᠷᠢᠳ ᠬᠤᠵᠢᠳ ᠠᠯᠠᠱᠠ ᠠᠭᠤᠯᠠ ᠶᠢᠨ ᠭᠠᠵᠠᠷ ᠣᠷᠣᠨ ᠤ ᠥᠪᠥᠷ ᠮᠣᠩᠭᠤᠯ ᠤᠨ ᠲᠠᠢ ᠰᠢ ᠨᠡᠭᠦᠷᠡᠰᠦᠨ ᠤ ᠪᠦᠯᠦᠭᠯᠡᠯ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠡᠯ ᠳ᠋ᠤᠤ ᠯᠢᠩ ᠠᠭᠤᠷᠬᠠᠶ ᠶᠢᠨ ᠣᠷᠣᠨ ᠤ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠣᠭᠤᠷᠢᠭ᠂ ᠠᠯᠠᠱᠠ ᠠᠶᠢᠮᠠᠭ ᠤᠨ ᠬᠤᠩ ᠯᠢ ᠺᠣᠮᠫᠠᠨᠢ ᠶᠢᠨ ᠳ᠋ᠠ ᠯᠢᠩ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠣᠭᠤᠷᠢᠭ ᠲᠤ ᠬᠦᠷᠴᠦ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠪᠠ ᠠᠮᠢ ᠠᠬᠤᠶ ᠶᠢᠨ ᠰᠡᠷᠭᠦᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢᠨ ᠲᠥᠷᠥᠯ ᠵᠦᠢᠯ ᠢ ᠡᠭᠡᠭᠦᠯᠦᠨ ᠪᠥᠭᠯᠡᠬᠦ᠂ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠠᠬᠢᠴᠠ ᠶᠢ ᠨᠠᠷᠢᠨ ᠣᠶᠢᠯᠠᠭᠠᠵᠤ᠂ ᠵᠠᠰᠠᠯᠲᠠ ᠶᠢᠨ ᠪᠣᠳᠠᠲᠠᠶ ᠠᠷᠭ᠎ᠠ ᠬᠡᠮᠵᠢᠶ᠎ᠡ ᠪᠠ ᠴᠠᠭ ᠤᠨ ᠠᠬᠢᠴᠠ ᠶᠢᠨ ᠲᠣᠬᠢᠷᠠᠭᠤᠯᠤᠯᠲᠠ ᠶᠢ ᠨᠠᠷᠢᠨ ᠯᠠᠪᠯᠠᠨ ᠠᠰᠠᠭᠤᠪᠠ᠃
ᠳᠠᠶᠢᠴᠢᠨ ᠠᠴᠠ᠂ ᠠᠯᠠᠱᠠ ᠠᠭᠤᠯᠠ ᠪᠣᠯ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠤᠨ᠎ᠠ᠂ ᠠᠯᠠᠱᠠ ᠠᠭᠤᠯᠠᠨ ᠤ ᠠᠮᠢ ᠠᠬᠤᠶ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠳᠤ ᠠᠯᠠᠱᠠ ᠠᠶᠢᠮᠠᠭ ᠣᠨᠴᠠᠭᠠᠶ ᠡᠭᠦᠷᠭᠡ ᠪᠣᠯᠤᠨ ᠪᠡᠷᠬᠡ ᠬᠠᠲᠠᠭᠤᠵᠢᠯᠲᠠᠶ ᠡᠭᠦᠷᠭᠡ ᠶᠢ ᠡᠭᠦᠷᠭᠡᠯᠡᠵᠦ ᠪᠠᠶᠢᠨ᠎ᠠ᠃ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠯᠠᠱᠠ ᠠᠭᠤᠯᠠ ᠶᠢᠨ ᠴᠢᠬᠤᠯᠠ ᠠᠮᠢ ᠠᠬᠤᠶ ᠶᠢᠨ ᠪᠠᠶᠢᠷᠢ ᠰᠠᠭᠤᠷᠢ ᠶᠢ ᠭᠦᠢᠴᠡᠳ ᠲᠠᠨᠢᠵᠤ᠂ ᠠᠯᠠᠱᠠ ᠠᠭᠤᠯᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠲᠦᠷᠭᠡᠳᠬᠡᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠪᠣᠳᠣᠯ ᠢᠶᠠᠨ ᠴᠢᠨᠠᠭᠰᠢᠳᠠ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠠᠱᠠ ᠠᠭᠤᠯᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠵᠠᠰᠠᠵᠤ ᠰᠡᠷᠭᠦᠭᠡᠬᠦ ᠶᠢ ᠦᠨᠡᠨ ᠬᠦ ᠰᠠᠶᠢᠲᠤᠷ ᠠᠳᠬᠤᠵᠤ᠂ ᠪᠣᠳᠠᠲᠠᠶ ᠠᠵᠢᠯᠯᠠᠭ᠎ᠠ ᠪᠣᠯᠤᠨ ᠪᠣᠳᠠᠲᠤ ᠦᠷ᠎ᠡ ᠪᠦᠲᠦᠮᠵᠢ ᠪᠠᠷ ᠠᠯᠠᠱᠠ ᠶᠢᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠳᠠᠶᠢᠴᠢᠨ ᠠᠴᠠ᠂ ᠨᠢᠭᠡ ᠳᠤ᠂ ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠶ ᠭᠠᠮᠰᠢᠭ ᠢ ᠶᠡᠷᠦᠩᠬᠡᠶᠢᠯᠡᠨ ᠵᠠᠰᠠᠬᠤ ᠶᠢ ᠠᠯᠠᠱᠠ ᠠᠭᠤᠯᠠ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠵᠠᠰᠠᠨ ᠰᠡᠷᠭᠦᠭᠡᠬᠦ ᠴᠢᠬᠤᠯᠠ ᠡᠭᠦᠷᠭᠡ ᠪᠣᠯᠭᠠᠵᠤ᠂ ᠡᠮᠦᠨᠡᠬᠢ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠰᠠᠭᠤᠷᠢᠨ ᠳᠡᠭᠡᠷ᠎ᠡ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠵᠠᠰᠠᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ ᠬᠤᠶᠠᠷ ᠲᠤ᠂ ᠶᠠᠭ ᠬᠡᠷᠡᠭᠵᠢᠭᠦᠯᠵᠦ ᠪᠠᠶᠢᠭ᠎ᠠ ᠵᠠᠰᠠᠯᠲᠠ ᠶᠢᠨ ᠲᠦᠷᠦᠯ ᠵᠦᠢᠯ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠵᠦ᠂ ᠡᠯ᠎ᠡ ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠪᠣᠯᠤᠨ ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ ᠲᠦᠷᠭᠡᠨ ᠤᠯᠬᠤ ᠬᠡᠷᠡᠭᠲᠡᠢ᠃ ᠭᠤᠷᠪᠠ ᠳᠤ᠂ ᠨᠢᠭᠡᠨᠲᠡ ᠵᠠᠰᠠᠵᠤ ᠰᠡᠷᠭᠦᠭᠡᠭᠰᠡᠨ ᠪᠠᠶᠢᠪᠠᠯ᠂ ᠪᠠᠷᠢᠮᠵᠢᠶ᠎ᠠ ᠶᠢ ᠨᠢ ᠦᠨᠡᠯᠡᠨ ᠵᠢᠱᠢᠵᠦ ᠰᠢᠯᠭᠠᠨ ᠠᠪᠬᠤ᠂ ᠶᠠᠰᠤ ᠴᠢᠨᠠᠷ ᠢ ᠨᠢ ᠪᠠᠲᠤᠯᠠᠬᠤ ᠶᠢ ᠴᠢᠩᠳᠠᠯᠠᠬᠤ ᠶᠢᠨ ᠬᠠᠮᠲᠤ ᠬᠢᠨᠠᠨ ᠬᠡᠮᠵᠢᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠤᠨ ᠳᠠᠬᠢᠨ ᠳᠠᠪᠲᠠᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠳᠥᠷᠪᠡ ᠳᠤ᠂ ᠠᠯᠠᠱᠠ ᠠᠭᠤᠯᠠᠨ ᠳᠤ ᠳᠤᠷ᠎ᠠ ᠪᠠᠷ ᠢᠶᠠᠨ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠶᠢᠰᠢᠳᠠ ᠠᠯᠠᠱᠠ ᠠᠭᠤᠯᠠ ᠶᠢᠨ ᠣᠷᠣᠨ ᠤ ᠰᠢᠨ᠎ᠡ ᠪᠠᠷ ᠭᠠᠷᠭᠠᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ᠂ ᠪᠠᠶᠢᠭᠤᠯᠵᠤ ᠪᠠᠶᠢᠭ᠎ᠠ ᠡᠵᠡᠩᠨᠡᠵᠦ ᠪᠠᠶᠢᠭ᠎ᠠ ᠠᠭᠤᠷᠬᠠᠶ ᠵᠡᠷᠭᠡ ᠲᠥᠷᠥᠯ ᠵᠦᠢᠯ ᠢ ᠬᠤᠭᠤᠴᠠᠭ᠎ᠠ ᠬᠢᠵᠠᠭᠠᠷᠯᠠᠨ ᠭᠠᠷᠭᠠᠵᠤ ᠪᠣᠯᠬᠤ ᠦᠭᠡᠶ᠂ ᠠᠯᠠᠱᠠ ᠠᠭᠤᠯᠠᠨ ᠤ ᠠᠮᠢ ᠠᠬᠤᠶ ᠶᠢ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠤᠢᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠲᠠᠪᠤ ᠳᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠤᠨ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ᠂ ᠬᠠᠷ᠎ᠠ ᠭᠤᠣᠯ ᠤᠨ ᠰᠠᠪᠠ ᠭᠠᠵᠠᠷ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠶᠡᠭᠡ ᠪᠠᠷ ᠴᠢᠩᠭᠠᠳᠬᠠᠵᠤ᠂ ᠠᠯᠠᠱᠠ ᠠᠭᠤᠯᠠ ᠶᠢᠨ ᠠᠮᠢ ᠠᠬᠤᠢ ᠶᠢᠨ ᠬᠤᠩᠬᠢᠯ ᠵᠠᠮ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠬᠦᠴᠦᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号