ᠠᠯᠠᠱᠠ ᠵᠡᠭᠦᠨ ᠬᠤᠰᠢᠭᠤᠨ ᠤ 2021 ᠣᠨ ᠤ ᠬᠡᠷᠡᠭᠯᠡᠭᠡ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2021/6/3
ᠨᠢᠭᠡ ᠳᠤ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ᠂ ︽ᠭᠤᠷᠪᠠᠳᠤᠭᠠᠷ ᠤᠳᠠᠭᠠᠨ ᠤ ᠠᠷᠠᠳ ᠲᠤ ᠠᠰᠢᠭ ᠬᠦᠷᠲᠡᠭᠡᠬᠦ ᠲᠡᠷᠭᠡᠨ ᠤ ᠦᠵᠡᠭᠦᠯᠦᠯᠭᠡ︾᠎ ᠶᠢ ᠠᠮᠵᠢᠯᠲᠠ ᠲᠠᠢ ᠡᠷᠭᠢᠯᠡᠪᠡ᠃
ᠬᠤᠶᠠᠷ ᠲᠤ᠂ ᠲᠣᠰ ᠭᠠᠵᠠᠷ ᠤᠨ ᠭᠤᠤᠯᠳᠠᠯᠭ᠎ᠠ ᠲᠠᠢ ᠬᠡᠲᠦ ᠳᠡᠯᠭᠡᠭᠦᠷ᠂ ᠪᠠᠷᠠᠭ᠎ᠠ ᠬᠤᠳᠠᠯᠳᠤᠨ ᠠᠪᠬᠤ ᠲᠥᠪ ᠵᠡᠷᠭᠡ ᠶᠢ ᠵᠣᠬᠢᠶᠠᠨ ᠪᠠᠶᠢᠭᠤᠯᠵᠤ ᠦᠨ᠎ᠡ ᠪᠠᠭᠤᠷᠠᠭᠤᠯᠤᠨ ᠠᠰᠢᠭ ᠣᠯᠭᠤᠬᠤ᠂ ᠳᠡᠯᠭᠡᠭᠦᠷ ᠤᠨ ᠪᠠᠶᠠᠷ ᠤᠨ ᠡᠳᠦᠷ ᠤᠨ ᠪᠣᠷᠣᠯᠠᠭᠤᠯᠭ᠎ᠠ ᠶᠢ ᠠᠬᠢᠭᠤᠯᠬᠤ ᠵᠡᠷᠭᠡ ᠡᠯ᠎ᠡ ᠲᠥᠷᠥᠯ ᠤᠨ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠶᠢ ᠦᠷᠨᠢᠭᠦᠯᠪᠡ ᠃ 5 ᠳ᠋ᠤᠭᠠᠷ ᠰᠠᠷ᠎ᠠ ᠶᠢᠨ 1᠎ ᠤ ᠡᠳᠦᠷ ᠠᠴᠠ 5 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠵᠢᠵᠢᠭᠯᠡᠨ ᠬᠤᠳᠠᠯᠳᠤᠬᠤ 6 ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ ᠪᠠᠷᠤᠭ 1967 ᠲᠦᠮᠡᠨ ᠲᠥᠭᠦᠷᠢᠭ ᠲᠤ ᠬᠦᠷᠴᠡᠶ︔ ᠪᠥᠬᠦ ᠬᠤᠰᠢᠭᠤᠨ ᠤ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠬᠡᠮᠵᠢᠶ᠎ᠡ 750 ᠲᠦᠮᠡᠨ ᠲᠥᠭᠦᠷᠢᠭ ᠢ ᠳᠠᠪᠠᠪᠠ᠃ ᠬᠡᠷᠡᠭᠯᠡᠭᠡ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠲᠠᠢ᠂ ᠲᠣᠭᠲᠠᠭᠤᠨ ᠡᠷᠭᠢᠯᠲᠡ ᠶᠢ ᠪᠠᠲᠤᠯᠠᠪᠠ᠃
ᠲᠣᠰ ᠤᠳᠠᠭᠠᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠨᠢ ᠠᠷᠪᠢᠯᠠᠨ ᠭᠠᠮᠨᠠᠬᠤ ᠶᠢ ᠡᠷᠬᠢᠮᠯᠡᠬᠦ᠂ ᠵᠠᠬ᠎ᠠ ᠳᠡᠯᠭᠡᠭᠦᠷ ᠢᠶᠠᠷ ᠠᠷᠪᠢᠯᠠᠨ ᠭᠠᠮᠨᠠᠬᠤ ᠶᠢ ᠳᠡᠮᠵᠢᠬᠦ᠂ ᠠᠷᠪᠢᠯᠠᠨ ᠭᠠᠮᠨᠠᠬᠤ ᠪᠠᠷ ᠪᠣᠷᠣᠯᠠᠭᠤᠯᠭ᠎ᠠ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠳᠠᠮᠵᠢᠭᠤᠯᠤᠨ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢ ᠲᠦᠷᠭᠡᠳᠬᠡᠨ᠂ ᠮᠠᠨ ᠤ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡ ᠶᠢ ᠶᠡᠬᠡᠪᠡᠷ ᠳᠠᠶᠢᠴᠢᠯᠠᠨ᠂ ᠬᠡᠷᠡᠭᠯᠡᠭᠡ ᠶᠢᠨ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠪᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号