ᠠᠯᠠᠱᠠ ᠵᠡᠭᠦᠨ ᠬᠤᠰᠢᠭᠤ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠬᠠᠷᠠᠭᠠᠨ ᠳᠠᠪᠲᠠᠮᠵᠢ ᠶᠢᠨ ᠰᠢᠰᠲ᠋ᠧᠮ ᠢ ᠪᠠᠶᠢᠭᠤᠯᠵᠤ ᠲᠠᠪᠤᠨ ᠱᠠᠲᠤ ᠬᠤᠯᠪᠣᠭᠠᠯᠠᠨ ᠵᠣᠬᠢᠴᠠᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2021/6/3
  ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠪᠥᠬᠦ ᠬᠤᠰᠢᠭᠤᠨ ᠤ ᠰᠤᠮᠤ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠬᠠᠷᠠᠭᠠᠨ ᠳᠠᠪᠲᠠᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ ᠳᠠᠭᠤᠰᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ᠂ ᠰᠤᠮᠤ ᠪᠠᠯᠭᠠᠰᠤ ᠲᠠᠪᠤᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠠᠬᠢᠳᠠᠯ ᠰᠤᠷᠪᠤᠯᠵᠢᠯᠠᠭ᠎ᠠ ᠶᠢᠨ ᠬᠠᠷᠠᠭᠠᠨ ᠳᠠᠪᠲᠠᠮᠵᠢ ᠶᠢᠨ ᠮᠡᠳᠡᠭᠡ ᠵᠠᠩᠭᠢ ᠶᠢ ᠰᠠᠭᠠᠳ ᠥᠬᠡᠶ ᠨᠡᠪᠲᠡᠷᠡᠭᠦᠯᠵᠦ᠂ ᠠᠯᠠᠱᠠ ᠵᠡᠭᠦᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠠᠵᠢᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃
ᠠᠯᠠᠱᠠ ᠵᠡᠭᠦᠨ ᠬᠤᠰᠢᠭᠤᠨ ᠤ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠬᠠᠷᠠᠭᠠᠨ ᠳᠠᠪᠲᠠᠮᠵᠢ ᠶᠢᠨ ᠰᠢᠰᠲ᠋ᠧᠮ ᠢ ᠪᠠᠶᠢᠭᠤᠯᠤᠨ ᠬᠡᠷᠡᠭᠯᠡᠭᠰᠡᠨ ᠶᠠᠪᠤᠳᠠᠯ ᠪᠣᠯ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠢᠯᠡ ᠲᠣᠳᠣ ᠵᠠᠬᠢᠳᠠᠯ ᠰᠤᠷᠪᠤᠯᠵᠢᠯᠠᠭ᠎ᠠ︾᠎ ᠶᠢ ᠪᠣᠶ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠭᠤᠤᠯ ᠠᠷᠭ᠎ᠠ ᠵᠠᠮ ᠮᠥᠨ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ᠂ ᠬᠠᠷᠠᠭᠠᠨ ᠳᠠᠪᠲᠠᠮᠵᠢ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠬᠠᠷᠠᠭᠠᠨ ᠳᠠᠪᠲᠠᠮᠵᠢ ᠶᠢᠨ ᠪᠣᠯᠪᠠᠰᠤᠷᠠᠭᠤᠯᠤᠯ᠂ ᠬᠠᠷᠠᠭᠠᠨ ᠳᠠᠪᠲᠠᠮᠵᠢ ᠶᠢᠨ ᠵᠥᠪᠳᠡᠯᠴᠡᠭᠡ ᠪᠠ ᠬᠠᠷᠠᠭᠠᠨ ᠳᠠᠪᠲᠠᠮᠵᠢ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠲᠣᠬᠢᠷᠠᠭᠤᠯᠤᠯᠲᠠ ᠶᠢᠨ ᠠᠵᠢᠯ ᠢ ᠬᠢᠵᠦ᠂ ᠰᠤᠮᠤ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠥᠪᠡᠷ ᠤᠨ ᠥᠷᠲᠡᠭ ᠢ ᠪᠦᠲᠦᠮᠵᠢᠲᠡᠶ ᠠᠷᠪᠢᠯᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯᠤᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号