︽ᠦᠵᠡᠰᠬᠦᠯᠡᠩᠲᠦ ᠰᠠᠶᠢᠬᠠᠨ ᠠᠯᠠᠱᠠ ᠵᠡᠭᠦᠨ ᠬᠤᠰᠢᠭᠤ︾᠎ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2021/6/3
ᠠᠯᠠᠱᠠ ᠵᠡᠭᠦᠨ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ︽ᠦᠵᠡᠰᠬᠦᠯᠡᠩᠲᠦ ᠰᠠᠶᠢᠬᠠᠨ ᠠᠯᠠᠱᠠ ᠵᠡᠭᠦᠨ ᠬᠤᠰᠢᠭᠤ︾᠎ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ ᠨᠢᠭᠡ ᠳᠤ᠂ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ ᠴᠠᠭ ᠵᠥᠷᠢᠭᠦᠯᠦᠨ ᠬᠠᠮᠢᠶᠠᠷᠬᠤ ᠬᠢᠭᠡᠳ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ᠂ ᠴᠢᠭ ᠲᠣᠭᠲᠠᠭᠠᠨ ᠵᠢᠵᠢᠭᠦᠷᠯᠡᠨ ᠰᠠᠬᠢᠬᠤ ᠬᠢᠭᠡᠳ ᠬᠥᠳᠡᠯᠦᠩᠭᠦᠶ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠦᠭᠵᠢᠷᠡᠯ ᠤᠨ ᠦᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠢᠶᠠᠷᠤᠯᠲᠠ ᠶᠢ ᠴᠢᠩᠭᠠᠳᠬᠠᠪᠠ᠃ ᠨᠡᠭᠦᠳᠡᠯ ᠳᠡᠯᠭᠡᠭᠡ ᠮᠠᠶᠢᠮᠠᠶ ᠶᠢᠨ ᠲᠥᠪᠯᠡᠷᠡᠭᠦᠯᠵᠦ ᠲᠠᠷᠬᠠᠭᠠᠬᠤ ᠴᠠᠭ ᠬᠤᠭᠤᠴᠠᠭ᠎ᠠ ᠪᠠ ᠵᠢᠮ᠎ᠡ ᠶᠣᠰᠣ ᠶᠢ ᠦᠨᠳᠦᠰᠦᠯᠡᠨ᠂ ᠬᠠᠤᠯᠢ ᠬᠡᠷᠡᠭᠵᠢᠭᠦᠯᠬᠦ ᠠᠵᠢᠯᠲᠠᠨ ᠢ ᠲᠣᠬᠢᠷᠠᠭᠤᠯᠤᠨ ᠵᠠᠬ᠎ᠠ ᠳᠡᠯᠭᠡᠭᠦᠷ᠂ ᠰᠤᠷᠭᠠᠭᠤᠯᠢ᠂ ᠰᠠᠭᠤᠭᠠᠯᠢ ᠲᠣᠭᠤᠷᠢᠭ ᠤᠨ ᠡᠷᠬᠢᠨ ᠲᠣᠭᠤᠷᠢᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠲᠣᠭᠤᠷᠢᠨ ᠪᠠᠶᠢᠴᠠᠭᠠᠯᠲᠠ ᠬᠢᠯᠭᠡᠪᠡ᠃
ᠬᠤᠶᠠᠷ ᠲᠤ᠂ ᠲᠡᠷᠭᠡ ᠵᠣᠭᠰᠣᠬᠤ ᠶᠢ ᠵᠢᠷᠤᠮᠵᠢᠭᠤᠯᠪᠠ᠃ ᠬᠠᠷᠢᠶ᠎ᠠ ᠣᠷᠣᠨ ᠤ ᠭᠤᠣᠯ ᠪᠠ ᠳᠡᠳ᠋ ᠵᠠᠮ ᠱᠤᠭᠤᠮ ᠳᠤ ᠮᠠᠰᠢᠨᠲᠤ ᠪᠤᠰᠤ ᠲᠡᠷᠭᠡ ᠶᠢ ᠵᠢᠷᠤᠮᠵᠢᠭᠤᠯᠤᠨ ᠵᠣᠭᠰᠣᠭᠠᠬᠤ ᠤᠬᠠᠭᠤᠯᠭ᠎ᠠ ᠪᠠ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠶᠠᠪᠠᠭᠠᠨ ᠢᠶᠠᠷ ᠲᠣᠭᠤᠷᠢᠨ ᠪᠠᠶᠢᠴᠠᠭᠠᠬᠤ ᠪᠠ ᠮᠠᠰᠢᠨ ᠪᠠᠷᠢᠵᠤ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠭᠤᠣᠯᠳᠠᠯᠭ᠎ᠠ ᠲᠠᠢ ᠵᠠᠮ ᠤᠨ ᠬᠡᠰᠡᠭ ᠲᠤ ᠲᠣᠭᠤᠷᠢᠨ ᠪᠠᠶᠢᠴᠠᠭᠠᠵᠤ ᠬᠢᠨᠠᠨ ᠡᠵᠡᠮᠳᠡᠬᠦ ᠡᠷᠴᠢᠮ ᠢᠶᠠᠨ ᠴᠢᠩᠭᠠᠳᠬᠠᠨ᠂ ᠵᠢᠷᠤᠮᠵᠢᠯ ᠦᠭᠡᠶ ᠪᠠᠷ ᠵᠣᠭᠰᠣᠭᠠᠭᠰᠠᠨ ᠮᠠᠰᠢᠨᠲᠤ ᠪᠤᠰᠤ ᠲᠡᠷᠭᠡ ᠶᠢ ᠴᠠᠭ ᠲᠤᠬᠠᠶ ᠳᠤᠨᠢ ᠴᠡᠭᠴᠡᠯᠡᠨ ᠵᠠᠰᠠᠵᠤ᠂ ᠮᠠᠰᠢᠨᠲᠤ ᠪᠤᠰᠤ ᠲᠡᠷᠭᠡ ᠶᠢ ᠵᠠᠭᠠᠭᠯᠠᠨ ᠲᠣᠭᠲᠠᠭᠠᠭᠰᠠᠨ ᠣᠷᠣᠨ ᠤ ᠳᠣᠲᠣᠷ᠎ᠠ ᠵᠣᠭᠰᠣᠭᠠᠬᠤ ᠶᠢ ᠬᠤᠲᠠ ᠶᠢᠨ ᠠᠷᠠᠳ ᠲᠤ ᠰᠠᠨᠠᠭᠤᠯᠤᠨ ᠂ ᠳᠤᠷ᠎ᠠ ᠪᠠᠷ ᠢᠶᠠᠨ ᠵᠣᠭᠰᠣᠭᠠᠵᠤ ᠲᠠᠯᠪᠢᠬᠤ ᠵᠡᠷᠭᠡ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠯᠢ ᠪᠣᠯᠬᠤ ᠪᠠᠷ ᠪᠠᠭᠠᠰᠬᠠᠵᠤ᠂ ᠲᠡᠷᠭᠡ ᠵᠣᠭᠰᠣᠭᠠᠬᠤ ᠡᠮᠬᠢ ᠳᠢᠭᠯᠢᠮ ᠢ ᠵᠢᠷᠤᠮᠵᠢᠭᠤᠯᠪᠠ᠃
ᠭᠤᠷᠪᠠ ᠳᠤ᠂ ᠬᠦᠨᠳᠦ ᠴᠣᠬᠢᠯᠲᠠ ᠥᠭᠴᠦ᠂ ᠬᠤᠲᠠ ᠶᠢᠨ ︽ᠳᠦᠷᠢ ᠲᠥᠷᠬᠦ︾᠎ ᠶᠢ ᠴᠡᠪᠡᠷᠰᠢᠭᠦᠯᠪᠡ᠃ ᠳᠡᠯᠭᠡᠭᠦᠷ ᠤᠨ ᠭᠠᠳᠠᠨ᠎ᠠ ᠡᠵᠡᠩᠨᠡᠬᠦ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠳᠤᠷ᠎ᠠ ᠪᠠᠷ ᠢᠶᠠᠨ ᠨᠠᠭᠠᠵᠤ ᠡᠯᠭᠦᠬᠦ ᠵᠡᠷᠭᠡ ᠪᠠᠷ ᠭᠤᠤᠯᠳᠠᠯᠭ᠎ᠠ ᠪᠣᠯᠭᠠᠭᠰᠠᠨ ᠬᠤᠲᠠ ᠶᠢᠨ ᠳᠦᠷᠢ ᠲᠥᠷᠬᠦ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠦᠷᠨᠢᠭᠦᠯᠪᠡ᠃ ᠬᠥᠮᠦᠨ ᠤ ᠤᠷᠤᠰᠬᠠᠯ ᠨᠡᠯᠢᠶᠡᠳ ᠲᠥᠪᠯᠡᠷᠡᠭᠰᠡᠨ ᠭᠠᠵᠠᠷ ᠣᠷᠣᠨ ᠳᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠲᠤᠯᠭᠠᠷᠠᠪᠠᠯ ᠬᠥᠲᠥᠯᠥᠨ ᠵᠢᠯᠣᠭᠤᠳᠴᠤ ᠰᠤᠷᠭᠠᠨ ᠬᠥᠮᠦᠵᠢᠭᠦᠯᠬᠦ ᠪᠠᠷ ᠭᠤᠤᠯ ᠪᠣᠯᠭᠠᠨ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠣᠯᠠᠨᠲᠠ ᠢᠳᠬᠠᠭᠠᠳ ᠬᠠᠮᠢᠶᠠᠷᠤᠯᠲᠠ ᠶᠢ ᠳᠠᠭᠠᠬᠤ ᠥᠬᠡᠶ ᠪᠠᠶᠢᠪᠠᠯ ︽ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠴᠡᠭᠴᠡᠯᠡᠨ ᠰᠠᠶᠢᠵᠢᠷᠠᠭᠤᠯᠬᠤ ᠳᠤ ᠬᠠᠮᠵᠢᠯᠴᠠᠬᠤ ᠥᠬᠡᠶ ᠪᠠᠶᠢᠪᠠᠯ ᠵᠠᠰᠠᠭ ᠵᠠᠬᠢᠷᠭᠠᠨ ᠤ ᠰᠢᠢᠳᠭᠡᠯ ᠥᠭᠴᠦ᠂ ᠪᠣᠶ ᠪᠥᠬᠦᠶ ᠵᠠᠮ ᠤᠨ ᠬᠡᠰᠡᠭ ᠢ ᠴᠥᠮ ᠴᠡᠪᠡᠷ ᠲᠡᠭᠰᠢ ᠪᠠᠶᠢᠯᠭᠠᠬᠤ ᠪᠠᠷ ᠴᠢᠷᠮᠠᠶᠢᠪᠠ᠃ ᠳᠡᠯᠭᠡᠭᠦᠷ ᠤᠨ ᠡᠵᠡᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾᠎ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ ᠢ ᠴᠢᠩᠭᠠᠳᠬᠠᠵᠤ᠂ ᠴᠡᠪᠡᠷ ᠴᠡᠮᠴᠡᠭᠡᠷ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号