ᠠᠯᠠᠱᠠ ᠵᠡᠭᠦᠨ ᠬᠤᠰᠢᠭᠤᠨ ᠤ ︽ᠮᠥᠩᠬᠡ ᠰᠤᠪᠠᠭ ᠲᠠᠨ ᠤ ᠬᠠᠪᠰᠤᠷᠤᠮᠵᠢ︾ ᠲᠥᠰᠦᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/6/30
      ᠨᠢᠭᠡ᠄ ᠲᠥᠰᠥᠯ ᠢ ᠬᠡᠷᠡᠭᠵᠢᠭᠦᠯᠬᠦ ᠦᠨᠳᠦᠰᠦᠨ ᠵᠠᠷᠴᠢᠮ       1. ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠭᠤᠤᠯᠳᠠᠯᠭ᠎ᠠ ᠶᠢ ᠳᠣᠪᠤᠶᠢᠯᠭᠠᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠷᠠᠳ ᠠᠴᠠ ᠠᠰᠢᠭ ᠭᠥᠷᠳᠡᠬᠦ ᠠᠵᠤ ᠠᠬᠤᠶᠢᠯᠠᠯ ᠢᠶᠠᠷ ᠡᠭᠦᠰᠭᠡᠯ ᠪᠣᠯᠭᠠᠵᠤ᠂ ᠭᠤᠭᠴᠤᠭ᠎ᠠ ᠬᠤᠪᠢᠶᠠᠨ᠂ ᠱᠠᠲᠤ ᠬᠤᠪᠢᠶᠠᠨ ᠬᠡᠰᠡᠭ ᠪᠤᠶᠤ ᠪᠥᠬᠦ ᠶᠠᠪᠤᠴᠠ ᠶᠢᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠠᠩᠭᠠᠵᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠵᠠᠷᠤᠴᠠᠭᠤᠯᠬᠤ ᠴᠠᠭ ᠨᠢ ᠣᠷᠳᠣ᠂ ᠭᠤᠶᠤᠴᠢᠯᠠᠭᠴᠢ ᠨᠢ ︽ᠣᠯᠠᠨ ᠲᠠᠯ᠎ᠠ ᠪᠠᠷ ᠭᠦᠢᠴᠡᠳᠬᠡᠬᠦ︾ ︽ᠣᠯᠠᠨ ᠤᠳᠠᠭ᠎ᠠ ᠭᠦᠢᠴᠡᠳᠬᠡᠬᠦ︾ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃       2. ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠤᠯᠢ ᠲᠣᠭᠲᠠᠭᠠᠯ ᠶᠣᠰᠣᠭᠠᠷ ᠶᠠᠪᠤᠭᠳᠠᠭᠤᠯᠤᠨ᠎ᠠ᠃ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠬᠠᠷᠢᠭᠤᠴᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠢ ᠰᠢᠮᠳᠠᠭᠤᠯᠤᠨ ᠵᠢᠯᠣᠭᠤᠳᠤᠨ᠎ᠠ᠃ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠲᠤᠰᠢᠶᠠᠯ ᠤᠨ ᠶᠣᠰᠣᠭᠠᠷ᠂ ᠬᠠᠤᠯᠢ ᠲᠣᠭᠲᠠᠭᠠᠯ ᠳᠤ ᠨᠡᠶᠢᠴᠡᠭᠦᠯᠦᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠥᠷᠨᠢᠭᠦᠯᠵᠦ᠂ ᠣᠯᠠᠨ ᠨᠡᠶᠢᠲᠡ ᠶᠢᠨ ᠠᠰᠢᠭ ᠲᠤᠰᠠ ᠪᠠ ᠠᠵᠤ ᠠᠬᠤᠶᠢᠯᠠᠯ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠶ᠂ ᠬᠢᠨᠠᠨ ᠵᠥᠪᠰᠢᠶᠡᠷᠡᠬᠦ ᠵᠦᠢᠯᠡᠰ ᠤᠨ ᠬᠠᠤᠯᠢ ᠴᠠᠭᠠᠵᠠ ᠶᠢᠨ ᠬᠠᠷᠢᠴᠠᠭ᠎ᠠ ᠶᠢ ᠬᠤᠪᠢᠷᠠᠭᠤᠯᠵᠤ ᠪᠣᠯᠬᠤ ᠥᠬᠡᠶ᠂ ᠣᠷᠣᠯᠠᠨ ᠭᠦᠢᠴᠡᠳᠬᠡᠬᠦ ᠶᠢ ᠡᠵᠡᠨ ᠮᠡᠳᠡᠬᠦ ᠥᠬᠡᠶ᠂ ᠪᠣᠳᠠᠲᠠᠶᠢᠵᠢᠭᠤᠯᠬᠤ ᠶᠢ ᠣᠷᠣᠨ ᠪᠠᠶᠢᠷᠢ ᠠᠴᠠ ᠪᠠᠨ ᠳᠠᠪᠠᠭᠤᠯᠬᠤ ᠥᠬᠡᠶ ᠪᠠᠶᠢᠬᠤ ᠬᠡᠷᠡᠭᠲᠡᠶ᠃       3. ᠰᠠᠶᠢᠨ ᠳᠤᠷ᠎ᠠ ᠠᠴᠠ ᠪᠠᠨ ᠨᠠᠶᠢᠳᠠᠬᠤ᠂ ᠦᠨ᠎ᠡ ᠲᠥᠯᠥᠪᠦᠷᠢ ᠦᠭᠡᠢ ᠪᠠᠷ ᠣᠷᠣᠯᠠᠨ ᠭᠦᠢᠴᠡᠳᠬᠡᠬᠦ᠃ ᠠᠵᠤ ᠠᠬᠤᠶᠢᠯᠠᠯ ᠪᠠ ᠣᠯᠠᠨ ᠲᠦᠮᠡᠨ ᠰᠠᠶᠢᠨ ᠳᠤᠷ᠎ᠠ ᠠᠴᠠ ᠪᠠᠨ ᠨᠠᠶᠢᠳᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠡᠵᠡᠨ ᠮᠡᠳᠡᠵᠦ ᠰᠣᠩᠭᠤᠨ᠎ᠠ᠃ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠦᠨ᠎ᠡ ᠲᠥᠯᠥᠪᠦᠷᠢ ᠥᠬᠡᠶ ᠪᠠᠷ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠵᠤ ᠠᠬᠤᠶᠢᠯᠠᠯ ᠪᠠ ᠣᠯᠠᠨ ᠲᠦᠮᠡᠨ ᠤ ᠡᠭᠦᠷᠭᠡᠯᠡᠬᠦ ᠵᠠᠷᠤᠳᠠᠯ ᠢ ᠭᠠᠷᠭᠠᠪᠠᠯ᠂ ᠠᠵᠤ ᠠᠬᠤᠶᠢᠯᠠᠯ ᠪᠠ ᠣᠯᠠᠨ ᠲᠦᠮᠡᠨ ᠠᠴᠠ ᠶᠠᠮᠠᠷ ᠴᠤ ᠵᠠᠷᠤᠳᠠᠯ ᠬᠤᠷᠢᠶᠠᠵᠤ ᠪᠣᠯᠬᠤ ᠥᠬᠡᠶ᠃       4. ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ᠂ ᠨᠢᠭᠡᠳᠦᠯᠲᠡᠶ ᠲᠥᠯᠥᠪᠵᠢᠭᠦᠯᠦᠨ ᠥᠨᠳᠥᠷ ᠦᠷ᠎ᠡ ᠪᠦᠲᠦᠮᠵᠢᠲᠡᠶ ᠪᠠᠶᠢᠯᠭᠠᠨ᠎ᠠ᠃ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ᠂ ᠴᠢᠬ ᠲᠤ ᠲᠦᠰᠢᠭᠯᠡᠨ᠂ ᠬᠥᠨᠳᠡᠯᠡᠨ ᠢᠶᠠᠷ ᠬᠠᠮᠵᠢᠯᠴᠠᠬᠤ᠂ ᠭᠤᠯᠳᠤ ᠪᠠᠷ ᠬᠠᠮᠲᠤᠷᠠᠨ ᠬᠥᠳᠡᠯᠦᠯᠴᠡᠬᠦ᠂ ᠨᠡᠪᠲᠡᠷᠡᠯᠴᠡᠬᠦ ᠳᠤ ᠰᠠᠭᠠᠳ ᠥᠬᠡᠶ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠎ᠠ᠃ ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ᠂ ᠠᠮᠠᠯᠠᠯᠲᠠ ᠪᠠᠨ ᠮᠡᠳᠡᠭᠳᠡᠬᠦ ᠲᠦᠷᠢᠮ᠂ ᠳᠤᠲᠠᠭᠤ ᠶᠢ ᠪᠠᠭᠲᠠᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠲᠦᠷᠢᠮ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠤᠯᠪᠣᠵᠤ ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ᠂ ︽ᠪᠣᠯᠵᠣᠬᠤ᠂ ᠬᠤᠶᠢᠰᠢᠯᠠᠭᠤᠯᠬᠤ᠂ ᠴᠠᠭ ᠪᠤᠷᠤᠭᠤ ᠦᠢᠯᠡᠴᠢᠯᠡᠬᠦ︾ ᠵᠡᠷᠭᠡ ᠲᠦᠷᠢᠮ ᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ᠬᠤᠷᠳᠤᠴᠠ ᠶᠢ ᠲᠦᠷᠭᠡᠳᠬᠡᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠷᠢᠯᠢᠭ ᠣᠨᠣᠴᠠᠲᠠᠶ ᠪᠠᠷ ᠥᠨᠳᠥᠷ ᠦᠷ᠎ᠡ ᠪᠦᠲᠦᠮᠵᠢᠲᠡᠶ ᠪᠠᠷ ᠦᠢᠯᠡᠴᠢᠯᠡᠨ᠎ᠡ᠃       ᠬᠤᠶᠠᠷ᠄ ᠠᠵᠢᠯ ᠤᠨ ᠬᠠᠷᠠᠯᠲᠠ       2021 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠲᠠᠨ ᠤ ᠬᠠᠪᠰᠤᠷᠤᠮᠵᠢ︾ ᠴᠣᠩᠬᠤᠪᠴᠢ ᠪᠠ ᠰᠦᠯᠵᠢᠶᠡᠨ ᠳᠡᠭᠡᠷᠡᠬᠢ ᠲᠤᠰᠬᠠᠶ ᠪᠤᠯᠤᠩ ᠢ ᠪᠠᠶᠢᠭᠤᠯᠵᠤ᠂ ᠲᠤᠰᠬᠠᠶ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠩᠨᠡᠭᠡ ᠶᠢ ᠪᠠᠶᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠲᠣᠳᠣᠷᠬᠠᠶᠢᠯᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠨ᠎ᠡ᠃ 2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ ᠬᠤᠰᠢᠭᠤᠨ ᠤ ︽ᠭᠤᠯᠳᠤ ᠬᠤᠶᠠᠷ ᠱᠠᠲᠤ ᠬᠤᠯᠪᠣᠭᠠᠯᠠᠨ᠂ ᠬᠥᠨᠳᠡᠯᠡᠨ ᠰᠠᠯᠠᠭ᠎ᠠ ᠮᠥᠴᠢᠷ ᠬᠠᠮᠵᠢᠯᠴᠠᠬᠤ︾ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠭᠦᠶᠦᠯᠲᠡ ᠶᠢᠨ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃       ᠭᠤᠷᠪᠠ᠄ ᠭᠤᠣᠯᠳᠠᠯᠭ᠎ᠠ ᠲᠠᠢ ᠡᠭᠦᠷᠭᠡ       ︵ᠨᠢᠭᠡ︶ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠪᠥᠬᠦ ᠬᠤᠰᠢᠭᠤᠨ ᠤ ᠬᠡᠪᠴᠢᠶᠡᠨ ᠳᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠵᠦ᠂ ︽ᠮᠥᠩᠬᠡ ᠰᠤᠪᠠᠭ · ᠲᠠᠨ ᠤ ᠬᠠᠪᠰᠤᠷᠤᠮᠵᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠥᠷᠥᠯ ᠵᠦᠢᠯ ᠪᠣᠯ ᠬᠤᠰᠢᠭᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ᠂ ᠤᠯᠤᠰ ᠤᠨ ᠵᠣᠷᠢᠭᠵᠢᠭᠤᠯᠤᠯ ᠤᠨ ᠲᠥᠷᠥᠯ ᠵᠡᠷᠭᠡ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠃       ︵ᠬᠤᠶᠠᠷ︶ ᠨᠡᠶᠢᠲᠡᠯᠡᠬᠦ ᠵᠦᠢᠯᠡᠰ ᠢ ᠡᠮᠬᠢᠯᠡᠨ ᠳᠢᠭᠯᠡᠨ᠎ᠡ᠃ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠨᠢ ᠬᠤᠰᠢᠭᠤᠨ ᠲᠣᠰ ᠱᠠᠲᠤᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠨ ᠨᠡᠶᠢᠲᠡᠯᠡᠵᠦ᠂ ᠬᠥᠳᠡᠯᠦᠩᠭᠦᠶ ᠲᠣᠬᠢᠷᠠᠭᠤᠯᠤᠯᠲᠠ ᠶᠢ ᠬᠡᠷᠡᠭᠵᠢᠭᠦᠯᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠲᠡ ᠶᠢᠨ ᠳ᠋ᠤᠭᠠᠷ᠂ ︽ᠮᠥᠩᠬᠡ ᠰᠤᠪᠠᠭ︾᠎ ᠤᠨ ᠴᠠᠬᠢᠮ ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠨ᠎ᠡ᠃ ︵ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠳᠤᠷᠢᠳᠤᠨ ᠬᠠᠷᠢᠭᠤᠴᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︶       ︵ᠭᠤᠷᠪᠠ︶ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ︽ᠮᠥᠩᠬᠡ ᠰᠤᠪᠠᠭ ᠲᠠᠨ ᠤ ᠬᠠᠪᠰᠤᠷᠤᠮᠵᠢ︾ ᠠᠵᠢᠯ ᠤᠨ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠣᠷᠣᠯᠠᠨ ᠭᠦᠢᠴᠡᠳᠬᠡᠭᠴᠢ ᠨᠢ ᠭᠤᠤᠯᠳᠠᠭᠤ ᠭᠤᠶᠤᠴᠢᠯᠠᠭᠴᠢ ᠳᠤ ᠯᠠᠪᠯᠠᠭ᠎ᠠ ᠬᠠᠩᠭᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠨᠡᠪᠲᠡᠷᠡᠯᠴᠡᠨ ᠬᠠᠷᠢᠯᠴᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠮᠥᠷᠳᠡᠵᠦ᠂ ᠬᠤᠯᠪᠣᠭᠳᠠᠯ ᠪᠥᠬᠦᠶ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠬᠤᠰᠢᠭᠤᠨ ᠰᠢᠭᠤᠳ ᠬᠠᠷᠢᠶ᠎ᠠ ᠡᠯ᠎ᠡ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠨᠢ ᠨᠠᠭᠠᠳᠤ ᠵᠠᠬ᠎ᠠ ᠳᠠᠭᠠᠨ 1 ᠣᠷᠣᠯᠠᠨ ᠭᠦᠢᠴᠡᠳᠬᠡᠭᠴᠢ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠵᠥᠪᠳᠡᠯᠴᠡᠬᠦ ᠳᠤ ᠣᠷᠣᠯᠴᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠵᠢᠯᠴᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠢ ᠬᠠᠮᠲᠤᠪᠠᠷ ᠰᠠᠶᠢᠲᠤᠷ ᠬᠢᠨ᠎ᠠ᠃ ︵ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠳᠤᠷᠢᠳᠤᠨ ᠬᠠᠷᠢᠭᠤᠴᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︶ ︵ᠳᠥᠷᠪᠡ︶ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠴᠤᠪᠤᠷᠠᠯ ᠢ ᠵᠢᠷᠤᠮᠵᠢᠭᠤᠯᠤᠨ᠎ᠠ᠃ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠢᠱᠢᠶ᠎ᠡ ᠦᠵᠡᠭᠦᠯᠬᠦ ᠲᠣᠪᠬᠢᠮᠠᠯ ᠢ ᠦᠨᠳᠦᠰᠦᠯᠡᠨ᠂ ᠴᠤᠪᠤᠷᠠᠯ ᠤᠨ ᠵᠢᠷᠤᠭ ᠢ ᠨᠠᠷᠢᠯᠢᠬᠵᠢᠭᠤᠯᠤᠨ ᠲᠣᠭᠲᠠᠭᠠᠵᠤ ᠨᠡᠶᠢᠲᠡᠯᠡᠨ᠎ᠡ᠃ ᠭᠤᠶᠤᠴᠢᠯᠠᠭᠴᠢ ᠨᠢ ᠰᠠᠶᠢᠨ ᠳᠤᠷ᠎ᠠ ᠠᠴᠠ ᠪᠠᠨ ᠭᠤᠶᠤᠴᠢᠯᠠᠯ ᠭᠠᠷᠭᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶᠢᠯᠠᠨ᠂ ᠲᠥᠷᠥᠯ ᠵᠦᠢᠯ ᠤᠨ ᠦᠨᠳᠦᠰᠦᠨ ᠮᠡᠳᠡᠭᠡ ᠵᠠᠩᠭᠢ ᠶᠢ ᠲᠤᠰᠢᠶᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠤᠰᠬᠠᠶ ᠬᠥᠮᠦᠨ ᠳᠣᠭᠢᠷᠠᠭᠤᠯᠤᠨ ᠭᠤᠶᠤᠴᠢᠯᠠᠭᠴᠢ ᠯᠤᠭ᠎ᠠ ᠨᠡᠪᠲᠡᠷᠡᠯᠴᠡᠨ ᠬᠠᠷᠢᠯᠴᠠᠵᠤ᠂ ᠬᠠᠮᠢᠶ᠎ᠠ ᠪᠥᠬᠦᠶ ᠪᠠᠶᠢᠳᠠᠯ ᠢ ᠬᠢᠨᠠᠨ ᠬᠠᠷᠭᠤᠭᠤᠯᠵᠤ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠪᠠ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠥᠰᠦᠯ ᠢ ᠲᠣᠭᠲᠠᠭᠠᠨ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠭᠤᠶᠤᠴᠢᠯᠠᠭᠴᠢ ᠶᠢᠨ ᠲᠠᠰ ᠳᠠᠷᠠᠭᠠᠯᠠᠯ ᠢᠶᠠᠷ ᠭᠤᠶᠤᠴᠢᠯᠠᠨ ᠮᠡᠳᠡᠭᠦᠯᠬᠦ ᠶᠢ ᠵᠢᠭᠠᠨ ᠵᠢᠯᠣᠭᠤᠳᠴᠤ᠂ ᠭᠦᠢᠴᠡᠳᠬᠡᠬᠦ ᠴᠠᠭ ᠢ ᠨᠢᠭᠡᠳᠦᠯᠲᠡᠶ ᠲᠥᠯᠥᠪᠯᠡᠨ ᠪᠠᠭᠠᠰᠬᠠᠵᠤ᠂ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠲᠤ ᠳᠤᠨᠢ ᠭᠦᠢᠴᠡᠳᠬᠡᠵᠦ᠂ ᠭᠦᠢᠴᠡᠳᠬᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠮᠠᠲ᠋ᠧᠷᠢᠶᠠᠯ ᠢᠶᠠᠨ ᠲᠠᠩᠰᠠ ᠡᠪᠬᠡᠮᠡᠯ ᠳᠤ ᠣᠷᠣᠭᠤᠯᠤᠨ ᠪᠤᠴᠠᠭᠠᠵᠤ᠂ ᠬᠠᠷᠢᠭᠤ ᠰᠤᠷᠪᠤᠯᠵᠢᠯᠠᠵᠤ ᠦᠨᠡᠯᠡᠨ ᠵᠢᠱᠢᠵᠦ ᠦᠨᠡᠯᠡᠨ᠎ᠡ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢ ᠳᠠᠭᠤᠰᠬᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠠᠷ ᠤᠨ ᠥᠰᠥᠭ ᠵᠢᠷᠤᠵᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢ ᠵᠣᠭᠰᠣᠭᠠᠬᠤ ᠬᠡᠷᠡᠭᠲᠡᠶ᠃ ︵ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠳᠤᠷᠢᠳᠤᠨ ᠬᠠᠷᠢᠭᠤᠴᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︶       ︵ᠲᠠᠪᠤ︶ ᠦᠢᠯᠡᠴᠢᠯᠡᠭᠡᠨ ᠤ ᠠᠷᠭ᠎ᠠ ᠮᠠᠶ᠋ᠢᠭ ᠢ ᠥᠷᠭᠡᠳᠬᠡᠨ᠎ᠡ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠳᠤ ︽ᠱᠠᠲᠤ ᠬᠤᠪᠢᠶᠠᠨ ᠬᠠᠮᠢᠶᠠᠷᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠳᠤᠨᠢ ᠶᠠᠪᠤᠭᠳᠠᠭᠤᠯᠬᠤ︾ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠰᠦᠯᠵᠢᠶᠡᠨ ᠭᠠᠳᠠᠨ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠲᠠᠨ ᠤ ᠬᠠᠪᠰᠤᠷᠤᠮᠵᠢ︾ ᠴᠣᠩᠬᠤᠪᠴᠢ ᠭᠠᠷᠭᠠᠵᠤ᠂ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠮᠥᠩᠬᠡ ᠰᠤᠪᠠᠭ︾᠎ ᠤᠨ ᠰᠦᠯᠵᠢᠶᠡᠨ ᠳᠤ ᠲᠦᠰᠢᠭᠯᠡᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ︽ᠲᠠᠨ ᠤ ᠬᠠᠪᠰᠤᠷᠤᠮᠵᠢ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠠᠰᠠᠭᠤᠨ ᠯᠠᠪᠯᠠᠬᠤ᠂ ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ ᠭᠦᠢᠴᠡᠳᠬᠡᠬᠦ ᠵᠡᠷᠭᠡ ᠰᠦᠢᠳᠬᠡᠯ ᠬᠤᠷᠢᠶᠠᠬᠤ ᠥᠬᠡᠶ ᠦᠢᠯᠡᠴᠢᠯᠡᠭᠡ ᠬᠠᠩᠭᠠᠨ᠎ᠠ᠃ ︵ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠳᠤᠷᠢᠳᠤᠨ ᠬᠠᠷᠢᠭᠤᠴᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︶ ︵ᠵᠢᠷᠭᠤᠭ᠎ᠠ︶ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠭᠦᠢᠴᠡᠳᠬᠡᠨ᠎ᠡ᠃ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠵᠥᠪᠳᠡᠯᠴᠡᠬᠦ ᠬᠠᠮᠲᠤᠷᠠᠨ ᠬᠢᠨᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠷ ᠲᠦᠷᠦᠭᠦᠯᠡᠭᠦᠯᠦᠨ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠰᠢᠨᠵᠢᠯᠡᠬᠦ ᠤᠬᠠᠭᠠᠨ ᠣᠶ ᠰᠢᠭᠤᠶ ᠡᠪᠡᠰᠦ ᠪᠡᠯᠴᠢᠭᠡᠷ᠂ ᠤᠰᠤᠨ ᠠᠰᠢᠭᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠬᠤ ᠠᠵᠢᠯ ᠢ ᠰᠠᠶᠢᠲᠤᠷ ᠬᠢᠨ᠎ᠠ᠃ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠥᠪᠵᠢᠭᠦᠯᠭᠡ ᠬᠢᠬᠦ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠬᠠᠬᠤ ᠵᠡᠷᠭᠡ ᠠᠳᠠᠯᠢ ᠪᠤᠰᠤ ᠱᠠᠲᠤ ᠦᠶ᠎ᠡ ᠶᠢᠨ ᠬᠢᠨᠠᠨ ᠵᠥᠪᠰᠢᠶᠡᠷᠡᠬᠦ ᠵᠦᠢᠯᠡᠰ ᠤᠨ ᠲᠣᠭᠤᠷᠢᠨ ᠳᠤ᠂ ᠭᠤᠶᠤᠴᠢᠯᠠᠭᠴᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠵᠦ᠂ ᠰᠠᠯᠠᠭ᠎ᠠ ᠮᠥᠴᠢᠷ ᠤᠨ ᠨᠡᠶᠢᠯᠡᠭᠦᠯᠦᠨ ᠬᠤᠯᠪᠣᠭᠠᠯᠠᠵᠤ ᠬᠢᠨᠠᠨ ᠵᠥᠪᠰᠢᠶᠡᠷᠡᠬᠦ ᠠᠵᠢᠯ ᠥᠷᠨᠢᠭᠦᠯᠬᠦ ᠶᠢ ᠠᠬᠢᠭᠤᠯᠤᠨ᠎ᠠ᠃ ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠠᠮᠠᠯᠠᠯᠲᠠ ᠪᠠᠨ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠭᠤᠶᠤᠴᠢᠯᠠᠭᠴᠢ ᠶᠢ ᠵᠢᠯᠣᠭᠤᠳᠤᠨ ᠮᠡᠳᠡᠭᠦᠯᠬᠦ ᠮᠠᠲ᠋ᠧᠷᠢᠶᠠᠯ ᠢ ᠵᠡᠷᠭᠡᠪᠡᠷ ᠪᠡᠯᠡᠳᠬᠡᠵᠦ᠂ ︽ᠣᠯᠠᠨ ᠦᠨᠡᠯᠡᠯᠲᠡ ᠶᠢ ᠨᠡᠶᠢᠯᠡᠭᠦᠯᠦᠨ ᠨᠢᠭᠡ ᠪᠣᠯᠭᠠᠬᠤ︾ ︽ᠣᠯᠠᠨ ᠵᠢᠷᠤᠭ ᠢ ᠬᠠᠮᠲᠤᠷᠠᠨ ᠬᠢᠨᠠᠬᠤ︾ ︽ᠬᠠᠮᠲᠤᠷᠠᠨ ᠰᠢᠯᠭᠠᠨ ᠠᠪᠬᠤ︾ ᠵᠡᠷᠭᠡ ᠲᠦᠷᠭᠡᠨ ᠦᠢᠯᠡᠴᠢᠯᠡᠭᠡ ᠶᠢ ᠬᠠᠮᠵᠢᠨ ᠭᠦᠢᠴᠡᠳᠬᠡᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠦᠬᠦᠯᠢ ᠴᠣᠭᠴᠠ ᠶᠢᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠴᠤᠪᠤᠷᠠᠯ ᠢ ᠵᠢᠷᠤᠮᠵᠢᠭᠤᠯᠤᠨ᠎ᠠ᠃ ︵ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠳᠤᠷᠢᠳᠤᠨ ᠬᠠᠷᠢᠭᠤᠴᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︶       ︵ᠳᠣᠯᠤᠭ᠎ᠠ︶ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠷᠠᠭᠤᠯᠤᠨ᠎ᠠ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠦᠨᠡᠯᠡᠯᠲᠡ ᠶᠢᠨ ᠲᠦᠷᠢᠮ ᠢ ᠪᠠᠶᠢᠭᠤᠯᠵᠤ᠂ ᠭᠤᠶᠤᠴᠢᠯᠠᠭᠴᠢ ᠶᠢᠨ ᠬᠢᠨᠠᠯᠲᠠ ᠲᠠᠯᠪᠢᠵᠤ ᠦᠨᠡᠯᠡᠬᠦ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠪᠥᠬᠦ ᠣᠷᠣᠨ ᠤ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠢ ᠠᠰᠢᠭᠯᠠᠬᠤ ᠪᠤᠶᠤ ᠭᠤᠷᠪᠠᠳᠠᠬᠢ ᠡᠲᠡᠭᠡᠳ ᠲᠤ ᠨᠠᠶᠢᠳᠠᠵᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠦᠨᠡᠯᠡᠨ ᠵᠢᠱᠢᠵᠦ ᠦᠨᠡᠯᠡᠬᠦ ᠶᠢ ᠥᠷᠨᠢᠭᠦᠯᠵᠦ᠂ ᠦᠨᠡᠯᠡᠨ ᠵᠢᠱᠢᠵᠦ ᠦᠨᠡᠯᠡᠭᠰᠡᠨ ᠦᠷ᠎ᠡ ᠳ᠋ᠦᠩ ᠢ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠰᠠᠶᠢᠵᠢᠷᠠᠭᠤᠯᠬᠤ ᠪᠠ ᠬᠢᠨᠠᠨ ᠰᠢᠯᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ︵ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠳᠤᠷᠢᠳᠤᠨ ᠬᠠᠷᠢᠭᠤᠴᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ︶       ᠳᠥᠷᠪᠡ᠄ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠵᠢᠯ ᠢᠶᠠᠨ ᠪᠠᠶᠢᠷᠢᠯᠠᠭᠤᠯᠵᠤ᠂ ᠲᠥᠰᠦᠯ ᠢᠶᠠᠨ ᠪᠡᠶ᠎ᠡ ᠪᠠᠷ ᠢᠶᠠᠨ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠰᠢᠮᠳᠠᠭᠤᠯᠤᠨ ᠪᠠᠶᠢᠴᠠᠭᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠥᠷᠥᠯ ᠵᠦᠢᠯ ᠢ ᠠᠬᠢᠭᠤᠯᠬᠤ ᠳᠤ ᠴᠠᠭ ᠲᠤᠨᠢ ᠳᠣᠭᠢᠷᠠᠭᠤᠯᠤᠨ ᠣᠷᠣᠯᠴᠠᠵᠤ᠂ ᠡᠯ᠎ᠡ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠶᠢ ᠴᠠᠭ ᠲᠤᠬᠠᠶ ᠳᠤᠨᠢ ᠵᠣᠬᠢᠴᠠᠭᠤᠯᠵᠤ᠂ ᠬᠢᠨᠠᠨ ᠵᠥᠪᠰᠢᠶᠡᠷᠡᠬᠦ ᠵᠦᠢᠯᠡᠰ ᠢ ᠴᠠᠭ ᠲᠤᠬᠠᠶ ᠳᠤᠨᠢ ᠬᠢᠨᠠᠨ ᠵᠥᠪᠰᠢᠶᠡᠷᠡᠬᠦ ᠬᠡᠷᠡᠭᠲᠡᠶ᠃ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠨᠢ ︽ᠲᠠᠨ ᠤ ᠬᠠᠪᠰᠤᠷᠤᠮᠵᠢ︾ ᠠᠵᠢᠯ ᠢ ᠥᠷᠨᠢᠭᠦᠯᠬᠦ ᠳᠤ ᠬᠡᠷᠡᠭᠰᠡᠬᠦ ᠪᠠᠯᠠ ᠮᠥᠩᠭᠦ ᠶᠢ ᠲᠣᠰ ᠱᠠᠲᠤᠨ ᠤ ᠣᠨ ᠤ ᠲᠥᠰᠦᠪ ᠲᠡᠭᠡᠨ ᠣᠷᠣᠭᠤᠯᠵᠤ᠂ ᠭᠦᠢᠴᠡᠳ ᠵᠠᠷᠤᠳᠠᠯ ᠤᠨ ᠪᠠᠲᠤᠯᠠᠭ᠎ᠠ ᠣᠯᠭᠤᠨ᠎ᠠ᠃       ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠱᠠᠲᠤ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠶ᠃ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠨᠡᠪᠲᠡᠷᠡᠯᠴᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠨᠢᠭᠲᠠ ᠬᠠᠮᠵᠢᠯᠴᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠶ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠵᠢᠯᠴᠠᠨ ︽ᠲᠠᠨ ᠤ ᠬᠠᠪᠰᠤᠷᠤᠮᠵᠢ︾ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃       ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠢ ᠥᠷᠨᠢᠭᠦᠯᠬᠦ ᠶᠢ ᠪᠥᠬᠦ ᠬᠤᠰᠢᠭᠤᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠳᠤ ᠣᠷᠣᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠪᠠᠶᠢᠴᠠᠭᠠᠬᠤ ᠪᠠ ᠰᠠᠯᠠᠭ᠎ᠠ ᠮᠥᠴᠢᠷ ᠤᠨ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯᠲᠠᠨ ᠤ ᠠᠵᠢᠯ ᠤᠨ ᠪᠠᠶᠢᠳᠠᠯ ᠢ ᠬᠤᠪᠢ ᠬᠥᠮᠦᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠎ᠠ᠃ ᠲᠤᠰᠬᠠᠶ ᠵᠦᠢᠯ ᠤᠨ ᠠᠵᠢᠯ ᠤᠨ ᠡᠬᠡ ᠲᠠᠩᠰᠠ ᠶᠢ ᠲᠣᠭᠲᠠᠭᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠬᠢᠴᠠ ᠶᠢᠨ ᠪᠠᠶᠢᠳᠠᠯ ᠢ ᠨᠡᠪᠲᠡᠷᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠵᠠᠯᠬᠠᠭᠠᠨ ᠴᠡᠭᠡᠷᠯᠡᠭᠦᠯᠬᠦ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠠᠵᠢᠯ ᠢ ᠬᠦᠴᠦᠲᠡᠶ ᠠᠬᠢᠭᠤᠯᠤᠭᠰᠠᠨ ᠥᠬᠡᠶ᠂ ᠠᠵᠤ ᠠᠬᠤᠶᠢᠯᠠᠯ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠠᠴᠠ ᠡᠯ᠎ᠡ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠳᠤ ᠰᠢᠪᠠᠳᠠᠨ ᠪᠠᠶᠢᠴᠠᠭᠠᠯᠲᠠ ᠬᠢᠵᠦ ᠦᠷ᠎ᠡ ᠪᠦᠲᠦᠮᠵᠢ ᠶᠢ ᠨᠢ ᠠᠰᠠᠭᠤᠨ᠎ᠠ᠃       ︵ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠡᠷᠢᠭᠦᠨ ᠤ ᠬᠢ ᠲᠠᠢ ᠬᠠᠷᠭᠤᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠳ᠋ᠦᠩᠨᠡᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ︽ᠲᠠᠨ ᠤ ᠬᠠᠪᠰᠤᠷᠤᠮᠵᠢ︾ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠧᠯᠸᠢᠰ ᠰᠣᠨᠢᠨ ᠰᠡᠳᠬᠦᠯ᠂ ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠵᠠᠭᠤᠴᠢᠯᠠᠭᠤᠷ ᠵᠡᠷᠭᠡ ᠠᠵᠤ ᠠᠬᠤᠶᠢᠯᠠᠯ ᠪᠠ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠬᠠᠭᠤᠯᠭ᠎ᠠ ᠶᠢᠨ ᠠᠷᠭ᠎ᠠ ᠮᠠᠶ᠋ᠢᠭ ᠢ ᠭᠦᠢᠴᠡᠳ ᠬᠡᠷᠡᠭᠯᠡᠨ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠠᠵᠤ ᠠᠬᠤᠶᠢᠯᠠᠯ ᠪᠠ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠥᠷᠭᠡᠳᠬᠡᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃       ᠲᠠᠪᠤ᠄ ᠬᠠᠷᠢᠯᠴᠠᠬᠤ ᠬᠥᠮᠦᠨ       ᠮᠠ ᠵᠥᠩ ᠰᠢᠶᠠᠩ᠂ ᠬᠠᠷᠢᠯᠴᠠᠬᠤ ᠤᠲᠠᠰᠤ᠄ 0483 — 6101233             ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ          ᠠᠯᠠᠱᠠ ᠵᠡᠭᠦᠨ ᠬᠤᠰᠢᠭᠤᠨ ᠤ ︽ᠮᠥᠩᠬᠡ ᠰᠤᠪᠠᠭ · ᠴᠠᠬᠢᠮ ᠢᠶᠠᠷ ᠭᠦᠢᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠲᠦᠷᠭᠡᠳᠬᠡᠨ ᠠᠬᠢᠭᠤᠯᠬᠤ ᠲᠤᠬᠠᠢ ᠲᠥᠰᠥᠯ      ᠠᠯᠠᠱᠠ ᠵᠡᠭᠦᠨ ᠬᠤᠰᠢᠭᠤᠨ ᠤ ︽ᠮᠥᠩᠬᠡ ᠰᠤᠪᠠᠭ · ᠲᠠᠨ ᠢ ᠬᠠᠪᠰᠤᠷᠤᠨ ᠭᠦᠶᠴᠡᠳᠬᠡᠬᠦ︾ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠥᠯ     ︽ᠮᠥᠩᠬᠡ ᠰᠤᠪᠠᠭ · ᠨᠢᠭᠡ ᠤᠳᠠᠭ᠎ᠠ ᠪᠠᠷ ᠭᠦᠢᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ              
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号