ᠨᠢᠭᠡ᠄ ᠠᠵᠢᠯ ᠤᠨ ᠬᠠᠷᠠᠯᠲᠠ | ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠮᠵᠢ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠵᠢᠭᠦᠯᠵᠦ᠂ ᠠᠶᠢᠮᠠᠭ ᠬᠤᠲᠠ᠂ | ᠬᠤᠰᠢᠭᠤ ᠰᠢᠶᠠᠨ ᠨᠢ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠬᠠᠮᠲᠤᠪᠠᠷ ᠪᠠᠶᠢᠭᠤᠯᠵᠤ | ᠬᠠᠮᠲᠤ ᠪᠠᠷ ᠬᠡᠷᠡᠭᠯᠡᠨ᠎ᠡ ︵︽ᠮᠥᠩᠬᠡ ᠰᠤᠪᠠᠭ︾ ᠤᠨ APP ᠭᠡᠵᠦ ᠲᠣᠪᠴᠢᠯᠠᠨ᠎ᠠ︶ ᠶᠢ ᠬᠠᠮᠲᠤᠪᠠᠷ | ᠪᠠᠶᠢᠭᠤᠯᠤᠨ᠎ᠠ᠃ ︽ᠮᠥᠩᠬᠡ ᠰᠤᠪᠠᠭ · ᠴᠠᠬᠢᠮ ᠠᠯᠪᠠᠨ ᠭᠡᠷ︾ ᠤᠨ ᠠᠵᠢᠯ ᠢ ᠠᠬᠢᠭᠤᠯᠬᠤ ᠶᠢᠨ ᠵᠣᠷᠢᠯᠭ᠎ᠠ ᠨᠢ | ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠠ ᠤᠳᠠᠭ᠎ᠠ ᠳᠤ | ᠭᠦᠢᠴᠡᠳᠬᠡᠬᠦ︾ ᠴᠠᠬᠢᠮ ᠢᠶᠠᠷ ᠪᠠᠶᠢᠴᠠᠭᠠᠨ ᠯᠠᠪᠯᠠᠬᠤ᠂ ᠴᠠᠬᠢᠮ ᠢᠶᠠᠷ ᠤᠷᠢᠳᠴᠢᠯᠠᠨ ᠪᠣᠯᠵᠣᠬᠤ᠂ ᠴᠠᠬᠢᠮ ᠢᠶᠠᠷ | ᠭᠦᠢᠴᠡᠳᠬᠡᠬᠦ᠂ ᠴᠠᠬᠢᠮ ᠢᠶᠠᠷ ᠦᠨᠡᠯᠡᠯᠲᠡ ᠶᠢᠨ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ | ᠲᠥᠯᠥᠭᠡ ᠶᠤᠮ᠃ ᠡᠭᠦᠨ ᠤ ᠵᠡᠷᠭᠡ ᠳᠤ᠂ ︽ᠮᠥᠩᠬᠡ ᠰᠤᠪᠠᠭ︾ ᠤᠨ APP ᠨᠢ ᠪᠠᠰᠠ ᠣᠯᠠᠨ ᠵᠦᠢᠯ ᠤᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ 24 ᠴᠠᠭ ᠤᠨ ᠴᠠᠬᠢᠮ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ | ᠨᠥᠬᠦᠴᠡᠯ ᠢ ᠡᠳ᠋ᠯᠡᠭᠦᠯᠵᠦ᠂ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠢ ᠠᠷᠠᠳ | ᠣᠯᠠᠨ ᠤ ︽ᠰᠠᠶᠢᠬᠠᠨ ᠪᠥᠭᠡᠳ ᠬᠡᠷᠡᠭᠯᠡᠬᠦ ᠳᠤ ᠰᠠᠶᠢᠨ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ | ᠦᠵᠡᠵᠦ ᠦᠷᠭᠦᠯᠵᠢ ᠬᠡᠷᠡᠭᠯᠡᠬᠦ᠂ ᠵᠠᠪᠠᠯ ᠦᠵᠡᠵᠦ ᠵᠠᠪᠠᠯ ᠬᠡᠷᠡᠭᠯᠡᠬᠦ︾ ᠴᠠᠬᠢᠮ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠪᠣᠯᠭᠠᠨ ᠪᠣᠶ ᠪᠣᠯᠭᠠᠵᠠᠶ᠃ | ᠬᠤᠶᠠᠷ᠄ ᠭᠤᠣᠯ ᠡᠭᠦᠷᠭᠡ | ︵ᠨᠢᠭᠡ︶ ᠴᠠᠬᠢᠮ ᠦᠨᠡᠮᠯᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ | ᠴᠠᠬᠢᠮ ᠦᠨᠡᠮᠯᠡᠯ ᠢ ᠴᠤᠭᠯᠠᠭᠤᠯᠤᠨ ᠳᠡᠭᠡᠭᠰᠢ ᠳᠠᠮᠵᠢᠭᠤᠯᠬᠤ ᠶᠢ ᠦᠷᠭᠦᠯᠵᠢᠯᠡᠨ ᠥᠷᠨᠢᠭᠦᠯᠵᠦ᠂ | ᠦᠨᠡᠮᠯᠡᠯ ᠤᠨ ᠲᠤᠭ᠎ᠠ ᠪᠠᠷᠢᠮᠲᠠ ᠶᠢ ᠰᠢᠨᠡᠳᠬᠡᠬᠦ ᠲᠣᠭᠲᠠᠴᠠ ᠶᠢ ᠪᠠᠶᠢᠭᠤᠯᠤᠨ᠂ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠰᠢᠨ᠎ᠡ ᠪᠠᠷ ᠦᠨᠡᠮᠯᠡᠯ ᠣᠯᠭᠤᠭᠰᠠᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠥᠪᠡᠷᠲᠡᠭᠡᠨ ᠵᠠᠰᠠᠬᠤ | ᠣᠷᠣᠨ ᠤ ᠨᠢᠭᠡᠳᠦᠯᠲᠡᠶ ᠴᠠᠬᠢᠮ ᠦᠨᠡᠮᠯᠡᠯ ᠤᠨ ᠲᠠᠪᠴᠠᠩ ᠳᠤ ᠵᠡᠷᠭᠡᠪᠡᠷ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠠᠷᠢᠭᠤᠴᠠᠬᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ 2021 ᠣᠨ ᠤ 4 ᠳ᠋ᠦ᠋ᠭᠡᠷ | ᠰᠠᠷ᠎ᠠ ᠶᠢᠨ 15 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶ | ︵ᠬᠤᠶᠠᠷ︶ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠥᠬᠦ ᠲᠠᠯ᠎ᠠ ᠪᠠᠷ ᠥᠷᠨᠢᠭᠦᠯᠦᠨ᠎ᠡ | | ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ᠂ ︽ᠴᠠᠬᠢᠮ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠡᠷᠡᠭᠯᠡᠯᠲᠡ ᠶᠢ ᠡᠮᠬᠢᠯᠡᠨ ᠳᠢᠭᠯᠡᠬᠦ ᠬᠦᠰᠦᠨᠦᠭᠲᠦ︾ ᠶᠣᠰᠣᠭᠠᠷ ᠠᠵᠤ ᠠᠬᠤᠶᠢᠯᠠᠯ᠂ ᠣᠯᠠᠨ ᠲᠦᠮᠡᠨ ᠳᠤ | ᠬᠠᠨᠳᠤᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ | ᠵᠢᠴᠢ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ | ᠡᠮᠬᠢᠯᠡᠨ ᠳᠢᠭᠯᠡᠵᠦ᠂ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠤᠨ ᠴᠠᠬᠢᠮ ᠰᠦᠯᠵᠢᠶᠡᠨ ᠤ | ᠬᠡᠷᠡᠭᠯᠡᠯᠲᠡ᠂ ᠸᠢᠴᠠᠲ ᠤᠨ ᠨᠡᠶᠢᠲᠡ ᠶᠢᠨ ᠲᠠᠪᠴᠠᠩ ᠪᠠ ᠵᠢᠵᠢᠭ ᠲᠠᠰ ᠳᠠᠷᠠᠭᠠᠯᠠᠯ ᠢ ᠭᠤᠤᠯᠳᠠᠯᠭ᠎ᠠ ᠲᠠᠢ ᠡᠮᠬᠢᠯᠡᠨ | ᠳᠢᠭᠯᠡᠵᠦ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠳᠤ ᠱᠠᠲᠤ ᠦᠶ᠎ᠡ ᠶᠢᠨ ᠴᠢᠨᠠᠷᠲᠠᠶ ᠡᠮᠬᠢᠯᠡᠨ ᠳᠢᠭᠯᠡᠬᠦ | ᠠᠵᠢᠯ ᠢ ᠪᠡᠶᠡᠯᠡᠭᠦᠯᠦᠨ᠎ᠡ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠵᠠᠮ ᠬᠠᠷᠢᠯᠴᠠᠭ᠎ᠠ᠂ ᠠᠷᠠᠳ ᠤᠨ | ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ | ᠤᠰᠤ ᠴᠠᠬᠢᠯᠭᠠᠨ ᠬᠡᠢ ᠳᠤᠯᠠᠭᠠᠯᠠᠭ᠎ᠠ᠂ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠥᠨᠳᠥᠷ ᠲᠠᠪᠳᠠᠮᠵᠢᠳᠤ ᠵᠦᠢᠯᠡᠰ ᠤᠨ ︽ᠴᠠᠬᠢᠮ ᠰᠦᠯᠵᠢᠶᠡᠨ ᠤ | ᠠᠯᠪᠠᠨ ᠬᠡᠷ︾ ᠢ ᠳᠥᠯᠭᠢᠨ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠵᠢᠴᠢ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ︶ | ︵ᠭᠤᠷᠪᠠ︶ ᠪᠥᠬᠦ ᠲᠠᠯ᠎ᠠ ᠪᠠᠷ ᠤᠬᠠᠭᠤᠯᠤᠨ ᠳᠡᠯᠭᠡᠷᠡᠭᠦᠯᠬᠦ ᠶᠢ ᠢᠳᠡᠪᠬᠢᠲᠡᠶ ᠥᠷᠨᠢᠭᠦᠯᠬᠦ ᠬᠡᠷᠡᠭᠲᠡᠶ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠨᠡᠶᠢᠭᠡᠮ ᠤᠨ ᠡᠬᠢ ᠪᠠᠶᠠᠯᠢᠭ ᠢ ᠠᠰᠢᠭᠯᠠᠨ᠂ | ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠪᠥᠬᠦ ᠲᠠᠯ᠎ᠠ ᠶᠢᠨ ᠤᠬᠠᠭᠤᠯᠭ᠎ᠠ ᠶᠢᠨ ᠠᠷᠭ᠎ᠠ | ᠵᠠᠮ ᠢ ᠨᠡᠪᠲᠡᠷᠡᠭᠦᠯᠵᠦ᠂ ︽ᠮᠥᠩᠬᠡ ᠰᠤᠪᠠᠭ︾ ᠲᠤ ᠵᠠᠭᠤᠴᠢᠯᠠᠭᠤᠷ ᠤᠨ ᠳᠡᠯᠭᠡᠷᠡᠭᠦᠯᠬᠦ ᠲᠣᠤᠷ ᠰᠦᠯᠵᠢᠶ᠎ᠡ ᠶᠢ | ᠪᠠᠶᠢᠭᠤᠯᠤᠨ ᠥᠭᠴᠦ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠪᠠᠷ ᠭᠠᠷᠳᠠᠴᠠ ᠪᠣᠯᠭᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠮᠥᠩᠬᠡ ᠰᠤᠪᠠᠭ︾ ᠤᠨ ᠨᠠᠷᠠᠲᠤ ᠲᠥᠷᠥᠯ ᠲᠡᠮᠳᠡᠭᠲᠦ ᠶᠢ ᠰᠠᠶᠢᠲᠤᠷ ᠪᠣᠶ | ᠪᠣᠯᠭᠠᠵᠤ᠂ ᠥᠷᠭᠡᠨ ᠣᠯᠠᠨ ᠲᠦᠮᠡᠨ ᠤ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠢ | ᠬᠡᠷᠡᠭᠯᠡᠨ ᠠᠵᠢᠯ ᠶᠠᠪᠤᠳᠠᠯ ᠭᠦᠢᠴᠡᠳᠬᠡᠬᠦ ᠶᠢ ᠬᠥᠲᠥᠯᠦᠨ ᠵᠢᠯᠣᠭᠤᠳᠬᠤ ᠶᠢᠨ ᠬᠠᠮᠲᠤ ᠵᠣᠷᠢᠭᠵᠢᠭᠤᠯᠤᠨ᠎ᠠ᠃ ︵ | ᠬᠠᠷᠢᠭᠤᠴᠠᠬᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ | ᠨᠢᠭᠡᠴᠡ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠦᠷᠭᠦᠯᠵᠢᠯᠡᠨ ᠠᠬᠢᠭᠤᠯᠤᠨ᠎ᠠ︶ | ︵ᠳᠥᠷᠪᠡ︶ ︽ᠴᠠᠬᠢᠮ ᠢᠶᠠᠷ ᠭᠦᠢᠴᠡᠳᠬᠡᠬᠦ︾ ᠬᠠᠮᠢᠶᠠᠷᠤᠯᠲᠠ ᠶᠢᠨ ᠵᠢᠷᠤᠮᠵᠢᠯ ᠢ ᠨᠠᠶᠢᠳᠠᠪᠤᠷᠢᠵᠢᠭᠤᠯᠤᠨ᠎ᠠ | 1. ︽ᠴᠠᠬᠢᠮ ᠠᠯᠪᠠᠨ ᠭᠡᠷ︾ ᠤᠨ ᠠᠵᠢᠯᠯᠠᠭᠠᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ | ᠵᠢᠷᠤᠮᠵᠢᠭᠤᠯᠵᠤ᠂ ᠴᠠᠬᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠢᠴᠢ ᠪᠤᠰᠤᠳ ᠨᠡᠭᠦᠳᠡᠯ | ᠦᠢᠯᠡᠴᠢᠯᠡᠭᠡᠨ ᠤ ᠠᠷᠭ᠎ᠠ ᠵᠠᠮ ᠤᠨ ᠡᠯ᠎ᠡ ᠵᠦᠢᠯ ᠤᠨ ᠬᠡᠷᠡᠭᠯᠡᠭᠡᠨ ᠤ ᠦᠢᠯᠡᠴᠢᠯᠡᠭᠡᠨ ᠤ ᠪᠠᠭᠲᠠᠭᠠᠮᠵᠢᠲᠤ ᠴᠢᠨᠠᠷ᠂ | ᠴᠢᠳᠠᠮᠵᠢ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ᠂ ᠪᠠᠶᠢᠴᠠᠭᠠᠨ ᠬᠡᠮᠵᠢᠯᠲᠡ ᠪᠠ ᠦᠨᠡᠯᠡᠨ ᠵᠢᠱᠢᠯᠲᠡ ᠶᠢ | ᠴᠢᠩᠭᠠᠳᠬᠠᠵᠤ᠂ ᠰᠠᠭᠠᠳ ᠤᠨ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | 2. ︽ᠲᠤᠷᠰᠢᠨ ᠬᠡᠷᠡᠭᠯᠡᠬᠦ︾ ᠤ ︽ᠳᠤᠲᠠᠭᠳᠠᠯ ᠢᠶᠠᠨ ᠡᠷᠢᠬᠦ︾ ᠲᠣᠭᠲᠠᠴᠠ ᠶᠢᠨ ᠪᠠᠶᠢᠭᠤᠯᠤᠯᠲᠠ ᠵᠢᠴᠢ | ᠬᠡᠷᠡᠭᠯᠡᠭᠴᠢ ᠶᠢᠨ ᠣᠶᠢᠯᠠᠭᠠᠬᠤ ᠪᠠᠶᠢᠳᠠᠯ ᠢ ᠮᠡᠳᠡᠭᠡᠯᠡᠬᠦ ᠲᠣᠭᠲᠠᠴᠠ ᠶᠢ ᠠᠬᠢᠭᠤᠯᠵᠤ᠂ ︽ᠮᠥᠩᠬᠡ ᠰᠤᠪᠠᠭ︾ ᠤᠨ | ᠴᠢᠳᠠᠮᠵᠢ ᠶᠢᠨ ᠲᠣᠬᠢᠷᠠᠭᠤᠯᠤᠯᠲᠠ ᠪᠠ ᠬᠡᠷᠡᠭᠯᠡᠭᠴᠢ ᠶᠢᠨ ᠣᠶᠢᠯᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | 3. ᠠᠮᠤᠷ ᠲᠦᠪᠰᠢᠨ ᠤ ᠬᠠᠮᠢᠶᠠᠷᠤᠯᠲᠠ ᠪᠠ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠠᠰᠠᠭᠤᠳᠠᠯ ᠢ ᠴᠠᠭ ᠲᠤᠬᠠᠶ ᠳᠤᠨᠢ ᠨᠡᠶᠢᠲᠡᠯᠡᠨ᠂ ᠴᠡᠭᠴᠡᠯᠡᠨ ᠰᠠᠶᠢᠵᠢᠷᠠᠭᠤᠯᠵᠤ᠂ | ᠲᠠᠪᠴᠠᠩ ᠤᠨ ᠠᠶᠦᠯᠭᠦᠢ ᠲᠣᠭᠲᠠᠪᠤᠷᠢᠲᠠᠢ ᠠᠵᠢᠯᠯᠠᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ | ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | ᠭᠤᠷᠪᠠ᠄ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠤᠳ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠤᠨ ᠪᠥᠲᠥᠭᠡᠨ | ᠪᠠᠶᠢᠭᠤᠯᠤᠯᠲᠠ ᠶᠢᠨ ᠠᠵᠢᠯᠯᠠᠭᠤᠯᠵᠤ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ | ᠮᠥᠴᠢᠷ ᠤᠳ ᠣᠷᠣᠯᠴᠠᠵᠤ᠂ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠤᠨ | ᠪᠥᠲᠥᠭᠡᠨ ᠪᠠᠶᠢᠭᠤᠯᠤᠯᠲᠠ ᠶᠢᠨ ᠠᠵᠢᠯᠯᠠᠭᠤᠯᠵᠤ ᠪᠠᠲᠤᠯᠠᠬᠤ ᠠᠵᠢᠯ ᠢ ᠬᠠᠮᠵᠢᠯᠴᠠᠨ ᠠᠬᠢᠭᠤᠯᠬᠤ ᠶᠢ ᠪᠠᠲᠤᠯᠠᠬᠤ | ᠬᠡᠷᠡᠭᠲᠡᠶ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠤᠳ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠪᠡᠶ᠎ᠡ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠲᠠᠢ ᠪᠠᠨ ᠤᠶᠠᠯᠳᠤᠭᠤᠯᠤᠨ᠂ ᠥᠨᠳᠥᠷ | ᠳᠠᠪᠲᠠᠮᠵᠢ ᠶᠢᠨ ᠬᠡᠷᠡᠭᠯᠡᠭᠡ ᠶᠢ ︽ᠮᠥᠩᠬᠡ ᠰᠤᠪᠠᠭ︾ ᠴᠠᠬᠢᠮ ᠵᠠᠰᠠᠭ ᠤᠨ ᠦᠢᠯᠡᠴᠢᠯᠡᠭᠡᠨ ᠤ ᠲᠠᠪᠴᠠᠩ ᠳᠤ ᠵᠠᠯᠭᠠᠨ | ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠲᠠᠰ ᠳᠡᠪᠰᠢᠭᠦᠯᠦᠨ ᠥᠭᠡᠷᠡᠴᠢᠯᠡᠬᠦ ᠵᠠᠷᠤᠳᠠᠯ ᠵᠢᠴᠢ ᠡᠭᠦᠳᠡ | ᠡᠷᠦᠬᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠬᠠᠮᠢᠶ᠎ᠠ | ᠪᠥᠬᠦᠶ ᠰᠠᠯᠠᠭ᠎ᠠ ᠮᠥᠴᠢᠷ ᠠᠴᠠ ᠪᠠᠲᠤᠯᠠᠵᠤ ᠨᠠᠶᠢᠳᠠᠪᠤᠷᠢᠵᠢᠭᠤᠯᠤᠨ᠎ᠠ᠃ | ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ | ︽ᠮᠥᠩᠬᠡ ᠰᠤᠪᠠᠭ ᠴᠠᠬᠢᠮ ᠠᠯᠪᠠᠨ ᠭᠡᠷ︾ ᠤᠨ ᠠᠵᠢᠯ ᠢ ᠵᠢᠯ ᠤᠨ ᠦᠨᠡᠯᠡᠭᠡ ᠥᠭᠬᠦ ᠪᠠ ᠰᠢᠯᠭᠠᠨ | ᠬᠢᠨᠠᠬᠤ ᠳᠤ ᠣᠷᠣᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠤᠯᠳᠠᠯᠭ᠎ᠠ ᠲᠠᠢ ᠡᠭᠦᠷᠭᠡ ᠶᠢ ᠤᠯᠠᠮ | ᠰᠠᠶᠢᠵᠢᠷᠠᠭᠤᠯᠵᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ | ᠪᠠᠲᠤᠯᠠᠬᠤ ᠬᠡᠷᠡᠭᠲᠡᠢ᠃ | | | | ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ | | | ᠠᠯᠠᠱᠠ ᠵᠡᠭᠦᠨ ᠬᠤᠰᠢᠭᠤᠨ ᠤ ︽ᠮᠥᠩᠬᠡ ᠰᠤᠪᠠᠭ · ᠴᠠᠬᠢᠮ ᠢᠶᠠᠷ ᠭᠦᠢᠴᠡᠳᠬᠡᠬᠦ︾ ᠠᠵᠢᠯ ᠤᠨ | ᠬᠡᠷᠡᠭᠵᠢᠭᠦᠯᠬᠦ ᠲᠥᠰᠦᠯ ᠢ ᠲᠦᠷᠭᠡᠳᠬᠡᠨ ᠠᠬᠢᠭᠤᠯᠬᠤ ᠲᠤᠬᠠᠢ ᠲᠥᠰᠥᠯ | | | ᠠᠯᠠᠱᠠ ᠵᠡᠭᠦᠨ ᠬᠤᠰᠢᠭᠤᠨ ᠤ ︽ᠮᠥᠩᠬᠡ ᠰᠤᠪᠠᠭ · ᠲᠠᠨ ᠢ ᠬᠠᠪᠰᠤᠷᠤᠨ ᠭᠦᠶᠴᠡᠳᠬᠡᠬᠦ︾ ᠠᠵᠢᠯ ᠢ ᠪᠥᠬᠦ | ᠲᠠᠯ᠎ᠠ ᠪᠠᠷ ᠬᠡᠷᠡᠭᠵᠢᠭᠦᠯᠬᠦ ᠲᠥᠰᠥᠯ | | | ︽ᠮᠥᠩᠬᠡ ᠰᠤᠪᠠᠭ · ᠨᠢᠭᠡ ᠤᠳᠠᠭ᠎ᠠ ᠪᠠᠷ ᠭᠦᠢᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | | | | |