ᠮᠥᠷᠥᠭᠡᠳᠥᠯ ᠲᠠᠯᠠᠯᠤᠭᠰᠠᠨ ᠰᠢᠨ᠎ᠡ ᠠᠶᠠᠨ
ᠨᠡᠶᠢᠲᠡᠯᠡᠭᠰᠡᠨ ᠴᠠᠭ᠄
2021/6/30
ᠰᠡᠴᠡᠨ  ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠤ ᠰᠤᠷᠭᠠᠭᠤᠯᠢ ᠶᠢᠨ ᠲᠡᠬᠦᠰᠬᠦ ᠤᠨ ᠤ ᠶᠤᠰᠤᠯᠠᠯ ᠶᠠᠪᠤᠭᠳᠠᠪᠠ  ᠦᠶ᠎ᠡ ᠦᠶ᠎ᠡ ᠨᠢᠵᠢᠬᠢᠨᠠᠬᠦ ᠠᠯᠠᠭ᠎ᠠ ᠲᠠᠰᠢᠯᠳᠠ ᠶᠢᠨ ᠲᠠᠭᠤᠨ᠂ ᠤᠤᠬᠠᠢ ᠶᠢᠨ ᠲᠠᠭᠤᠨ ᠰᠤᠷᠭᠠᠭᠤᠯᠢ ᠶᠢᠨ ᠬᠦᠷᠢᠶᠡᠨ᠎ᠡ ᠴᠤᠤᠷᠢᠶᠠᠳᠤᠨ᠎ᠠ᠃ ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠤ ᠰᠤᠷᠭᠠᠭᠤᠯᠢ ᠶᠢᠨ ᠠᠩᠬ᠎ᠠ ᠭᠤᠷᠪᠠ ᠪᠠ ᠲᠡᠭᠡᠳᠦ ᠭᠤᠷᠪᠠ ᠶᠢᠨ ᠤᠨ ᠨᠢᠭᠡᠴᠡ ᠶᠢᠨ ᠰᠤᠷᠤᠯᠭ᠎ᠠ ᠲᠡᠬᠦᠰᠬᠦ ᠶᠤᠰᠤᠯᠠᠯ ᠦᠨᠦᠳᠦᠷ ᠶᠠᠪᠤᠭᠳᠠᠵᠦ᠂ ᠪᠠᠭᠰᠢ ᠰᠤᠷᠤᠭᠴᠢ ᠬᠠᠮᠳᠤᠪᠠᠷ ᠥᠩᠭᠡᠷᠡᠭᠦᠯᠵᠦ ᠤᠳᠤᠭᠰᠠᠨ ᠳᠤᠷᠠᠳᠬᠠᠯᠳᠤ ᠤᠨ ᠵᠢᠯ ᠢᠶᠠᠨ ᠲᠡᠮᠳᠡᠭᠯᠡᠵᠦ᠂ ᠮᠦᠷᠦᠭᠡᠳᠦᠯ ᠲᠠᠯᠠᠯᠤᠭᠰᠠᠨ ᠰᠢᠨ᠎ᠡ ᠠᠶᠠᠨ ᠢᠶᠠᠨ ᠥᠯᠵᠡᠢ ᠬᠡᠶᠢᠮᠦᠷᠢ ᠲᠠᠢ ᠤᠭᠳᠤᠨ ᠠᠪᠬᠤ ᠶᠢᠨ ᠢᠷᠦᠭᠡᠯ ᠲᠡᠮᠪᠡᠷᠢᠯ  ᠢᠶᠠᠨ ᠡᠷᠭᠦᠵᠡᠭᠡᠨ᠎ᠡ᠃
ᠶᠤᠰᠤᠯᠠᠯ ᠳᠤ ᠠᠩᠬ᠎ᠠ ᠲᠤᠮᠳᠠᠳᠤ ᠶᠢᠨ 51 ᠰᠤᠷᠤᠭᠴᠢ ᠠᠩᠬ᠎ᠠ ᠲᠤᠮᠳᠠᠳᠤ ᠶᠢᠨ ᠰᠤᠷᠤᠯᠭ᠎ᠠ ᠶᠢᠨ ᠬᠤᠭᠤᠴᠠᠭ᠎ᠠ  ᠪᠠᠨ ᠦᠨᠳᠦᠷᠯᠡᠬᠦᠯᠵᠦ᠂ ᠰᠢᠨ᠎ᠡ ᠨᠢᠭᠡᠨ ᠱᠠᠳᠤᠨ ᠤ ᠰᠤᠷᠤᠯᠭ᠎ᠠ ᠠᠮᠢᠳᠤᠷᠠᠯ ᠢᠶᠠᠨ ᠡᠬᠢᠯᠡᠬᠦᠯᠵᠦ ᠪᠠᠶᠢᠭ᠎ᠠ ᠪᠤᠯ᠂ ᠲᠡᠭᠡᠳᠦ ᠲᠤᠮᠳᠠᠳᠤ ᠶᠢᠨ 172 ᠰᠤᠷᠤᠭᠴᠢ ᠬᠠᠷᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠪᠠᠨ ᠠᠮᠵᠢᠯᠳᠠ ᠦᠨᠳᠦᠷ ᠦᠨᠳᠦᠷᠯᠡᠬᠦᠯᠦᠭᠡᠳ᠂ ᠤᠳᠠᠯ ᠦᠭᠡᠢ ᠢᠷᠡᠬᠦ ᠬᠡᠵᠦ ᠪᠠᠶᠢᠭ᠎ᠠ ᠤᠯᠤᠰ ᠤᠨ ᠨᠢᠭᠡᠳᠦᠯᠲᠡᠢ ᠰᠢᠯᠭᠠᠯᠳᠠ ᠪᠠᠨ ᠤᠭᠳᠤᠵᠦ᠂ ᠶᠡᠭᠡ ᠰᠤᠷᠭᠠᠭᠤᠯᠢ ᠶᠢᠨ ᠤᠶᠤᠳᠠᠨ ᠪᠤᠯᠬᠤ ᠰᠢᠨ᠎ᠡ ᠠᠶᠠᠨ ᠢᠶᠠᠨ ᠡᠬᠢᠯᠡᠬᠦᠯᠬᠦ ᠬᠡᠵᠦ ᠪᠤᠢ᠃
ᠲᠡᠬᠦᠰᠬᠦ ᠤᠨ ᠤ ᠶᠤᠰᠤᠯᠠᠯ ᠲᠡᠭᠡᠷ᠎ᠡ ᠠᠩᠬ᠎ᠠ ᠭᠤᠷᠪᠠ ᠪᠠ ᠲᠡᠭᠡᠳᠦ ᠭᠤᠷᠪᠠ ᠶᠢᠨ ᠰᠢᠯᠢᠳᠡᠭ ᠠᠩᠬᠢ ᠨᠢᠭᠡᠴᠡ᠂ ᠰᠢᠯᠢᠳᠡᠭ ᠤᠨ ᠲᠤᠭᠤᠶᠢᠯᠠᠩ᠂ ᠰᠢᠯᠢᠳᠡᠭ ᠵᠢᠭᠠᠨ ᠰᠤᠷᠭᠠᠬᠤ ᠲᠤᠭᠤᠶᠢᠯᠠᠩ ᠢ ᠱᠠᠩᠨᠠᠨ ᠬᠦᠬᠢᠬᠦᠯᠬᠦ ᠶᠢᠨ ᠬᠠᠮᠳᠤ ᠲᠡᠬᠦᠰᠬᠦ ᠤᠨ ᠤ ᠰᠢᠯᠢᠳᠡᠭ ᠡᠪᠯᠡᠯ ᠤᠨ ᠬᠡᠰᠢᠬᠦᠨ᠂ ᠰᠢᠯᠢᠳᠡᠭ ᠠᠩᠬᠢ ᠶᠢᠨ ᠺᠠᠳ᠋ᠷ᠂ ᠭᠤᠷᠪᠠᠨ ᠰᠠᠶᠢᠳᠠᠢ ᠰᠤᠷᠤᠭᠴᠢᠳ ᠢ ᠱᠠᠩᠨᠠᠨ ᠬᠦᠬᠢᠬᠦᠯᠦᠭᠡᠳ᠂ ᠲᠡᠬᠦᠰᠬᠦ ᠰᠤᠷᠤᠭᠴᠢᠳ ᠲᠤ ᠲᠡᠭᠦᠰᠬᠦ ᠦᠨᠡᠮᠯᠠᠯ ᠤᠯᠭᠤᠵᠡᠢ᠃ ᠡᠶᠢᠨᠬᠦ ᠲᠡᠬᠦᠰᠬᠦ ᠰᠤᠷᠤᠭᠴᠢᠳ ᠤᠨ ᠮᠦᠷᠦᠭᠡᠳᠦᠯ ᠲᠠᠯᠤᠯᠤᠭᠰᠠᠨ ᠰᠢᠨ᠎ᠡ ᠠᠶᠠᠨ ᠡᠬᠢᠯᠡᠯ᠎ᠡ
ᠲᠤᠬᠠᠢ ᠶᠢᠨ ᠲᠠᠯᠠᠪᠠᠢ ᠶᠢᠨ ᠬᠡᠰᠡᠭ ᠦᠵᠡᠭᠳᠡᠯ ᠠᠴᠠ
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号