| ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠤᠷᠤᠢ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ | ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠨᠢᠳᠤᠨᠤᠨ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠦᠬᠦ ᠪᠥᠮᠪᠥᠷᠴᠡᠭ ᠲᠤ ᠶᠡᠭᠡ ᠪᠠᠷ ᠦᠷᠪᠢᠰᠦᠨ ᠳᠡᠯᠭᠡᠷᠡᠪᠠ᠂ ᠳᠤᠮᠳᠠᠳᠤ ᠠᠽᠧᠷᠪᠠᠶᠢᠵᠠᠨ ᠬᠤᠶᠠᠷ | ᠲᠠᠯ᠎ᠠ ᠪᠠᠷ ᠢᠶᠠᠨ ᠬᠠᠷᠢᠯᠴᠠᠨ ᠲᠡᠮᠵᠢᠵᠥ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠵᠢᠩᠬᠢᠨᠢ ᠨᠥᠬᠦᠷᠰᠡᠭ | ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ ᠵᠠᠭᠤᠨ ᠵᠢᠯ ᠤᠨ | ᠤᠢ ᠪᠠᠨ ᠤᠭᠲᠤᠵᠤ᠂ ᠳᠤᠮᠳᠠᠳᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠰᠢᠨ᠎ᠡ | ᠲᠡᠦᠬᠡ ᠶᠢᠨ ᠭᠠᠷᠤᠭ᠎ᠠ ᠳᠤ ᠬᠦᠷᠦᠯ᠎ᠡ᠃ ᠬᠤᠶᠠᠷ ᠲᠠᠯ᠎ᠠ ᠪᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ | ᠢᠷᠡᠬᠦ ᠵᠢᠯ ᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠢ ᠶᠢ ᠪᠡᠯᠭᠡᠯᠡᠬᠦ ᠪᠠᠷ ᠠᠵᠠ ᠲᠣᠬᠢᠶᠠᠯ | ᠪᠣᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠶ᠎ᠡ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠠᠽᠧᠷᠪᠠᠶᠢᠵᠠᠨ ᠤ ᠠᠷᠠᠳ ᠲᠦᠮᠡᠨ ᠤ ᠲᠣᠰ ᠤᠯᠤᠰ ᠤᠨ ᠢᠶᠠᠨ | ᠪᠠᠶᠢᠳᠠᠯ ᠢ ᠦᠨᠳᠦᠰᠦᠯᠡᠨ ᠰᠣᠩᠭᠤᠭᠰᠠᠨ ᠬᠥᠭᠵᠢᠯᠲᠡ ᠶᠢᠨ ᠵᠠᠮ ᠢ ᠳᠡᠮᠵᠢᠵᠦ᠂ ᠠᠽᠧᠷᠪᠠᠶᠢᠵᠠᠨ ᠤ ᠬᠢᠨ ᠢ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ | ᠪᠤᠢ᠃ ᠬᠤᠶᠠᠷ ᠲᠠᠯ᠎ᠠ ᠪᠠᠷ ᠢᠶᠠᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠬᠥᠭᠵᠢᠯᠲᠡ ᠶᠢ ᠬᠠᠮᠲᠤ ᠪᠠᠷ | ᠡᠷᠢᠯᠬᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠰᠠᠶᠢᠲᠤᠷ | ᠲᠥᠯᠥᠪᠵᠢᠭᠦᠯᠵᠦ᠂ ᠰᠠᠶᠢᠲᠤᠷ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠠᠽᠧᠷᠪᠠᠶᠢᠵᠠᠨ ᠠᠴᠠ ᠨᠡᠩ ᠤᠯᠠᠨ | ᠴᠢᠨᠠᠷ ᠰᠠᠶᠢᠲᠠᠢ ᠤᠨᠴᠠᠯᠢᠬᠳᠤ ᠪᠦᠲᠦᠭᠡᠭᠳᠡᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ | ᠠᠽᠧᠷᠪᠠᠶᠢᠵᠠᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠦᠭᠵᠢᠬᠦᠯᠬᠦ ᠶᠢ ᠲᠡᠮᠵᠢᠵᠤ᠂ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠬᠤᠶᠠᠷ | ᠲᠠᠯ᠎ᠠ ᠪᠠᠷ ᠢᠶᠠᠨ ᠤᠯᠠᠨ ᠤᠯᠤᠰ ᠤᠨ ᠲᠡᠭᠡᠭᠡᠪᠦᠷᠢ ᠪᠣᠯᠤᠨ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠠᠽᠢᠶ᠎ᠠ ᠡᠸᠦ᠋ᠷᠦᠫᠡ ᠶᠢᠨ ᠲᠡᠭᠡᠭᠡᠪᠦᠷᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠶᠢ | ᠠᠬᠢᠭᠤᠯᠵᠤ᠂ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠦᠶ᠎ᠡ᠃ ᠳᠤᠮᠳᠠᠳᠤ | ᠤᠯᠤᠰ ᠳᠤᠷᠠᠲᠠᠶ᠎ᠠ ᠠᠽᠧᠷᠪᠠᠶᠢᠵᠠᠨ ᠤ ᠲᠠᠯ᠎ᠠ ᠲᠠᠢ ᠠᠨᠠᠭᠠᠬᠤ ᠤᠬᠠᠭᠠᠨ ᠤ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠽᠧᠷᠪᠠᠶᠢᠵᠠᠨ ᠤ ᠬᠢᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠸᠠᠺᠼᠢᠨ ᠵᠡᠷᠭᠡ ᠬᠠᠪᠰᠤᠷᠤᠯᠭ᠎ᠠ ᠬᠠᠩᠭᠠᠨ᠎ᠠ᠃ ᠳᠤᠮᠳᠠᠳᠤ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠂ | ᠳᠤᠷᠠᠲᠠᠶ᠎ᠠ ᠠᠽᠧᠷᠪᠠᠶᠢᠵᠠᠨ ᠤ ᠬᠢᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ | ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠦᠢᠯᠡᠰ ᠢ ᠬᠠᠮᠲᠤ ᠪᠠᠷ ᠠᠬᠢᠭᠤᠯᠤᠨ᠎ᠠ | ᠭᠡᠵᠦ ᠴᠢᠬᠤᠯᠠᠴᠢᠯᠠᠪᠠ᠃ | ᠠᠯᠢᠶᠧᠹ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ᠂ ᠠᠽᠧᠷᠪᠠᠶᠢᠵᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠬᠦ ᠳᠤ ᠳᠤᠮᠳᠠᠳᠤ ᠶᠢᠨ ᠲᠠᠯ᠎ᠠ ᠡᠮᠴᠢᠯᠡᠭᠡᠨ ᠤ ᠡᠳ᠋ ᠪᠣᠳᠠᠰ᠂ ᠸᠠᠺᠼᠢᠨ ᠵᠡᠷᠭᠡ ᠡᠷᠬᠢᠮ ᠨᠠᠨᠳᠢᠨ | ᠲᠤᠰᠠᠯᠠᠮᠵᠢ ᠬᠠᠩᠭᠠᠭᠰᠠᠨ ᠳᠤ ᠲᠠᠯᠠᠷᠬᠠᠵᠤ ᠪᠠᠶᠢᠨ᠎ᠠ᠃ ᠠᠽᠧᠷᠪᠠᠶᠢᠵᠠᠨ ᠳᠤᠮᠳᠠᠳᠤ ᠬᠤᠶᠠᠷ ᠤᠯᠤᠰ ᠤᠨ ᠤᠯᠤᠰ | ᠲᠦᠷᠦ᠂ ᠠᠵᠤ ᠠᠬᠤᠢ᠂ ᠵᠠᠮ ᠲᠡᠭᠡᠭᠡᠪᠦᠷᠢ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠮᠠᠰᠢ ᠰᠠᠶᠢᠨ ᠪᠠᠶᠢᠵᠤ᠂ | ᠠᠽᠧᠷᠪᠠᠶᠢᠵᠠᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ | ᠠᠽᠧᠷᠪᠠᠶᠢᠵᠠᠨ ᠤ ᠲᠠᠯ᠎ᠠ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠠᠽᠧᠷᠪᠠᠶᠢᠵᠠᠨ ᠳᠤ ᠢᠷᠡᠵᠦ ᠪᠡᠯᠡ | ᠣᠷᠣᠭᠤᠯᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠵᠠᠷ ᠣᠷᠣᠨ ᠤ ᠬᠡᠷᠡᠭ | ᠶᠠᠪᠤᠳᠠᠯ ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠪᠣᠯ | ᠠᠽᠧᠷᠪᠠᠶᠢᠵᠠᠨ ᠤ ᠵᠢᠩᠬᠢᠨᠢ ᠬᠠᠨᠢᠲᠠᠨ ᠮᠥᠨ᠂ ᠠᠽᠧᠷᠪᠠᠶᠢᠵᠠᠨ ᠥᠩᠭᠡᠷᠡᠭᠰᠡᠨ᠂ ᠣᠲᠣ᠂ ᠢᠷᠡᠭᠡᠳᠦᠶ ᠳᠤ ᠴᠥᠮ | ᠳᠤᠮᠳᠠᠳᠤ ᠶᠢᠨ ᠲᠠᠯ᠎ᠠ ᠶᠢᠨ ᠲᠠᠶᠢᠸᠠᠨ ᠲᠠᠢ ᠬᠤᠯᠪᠣᠭᠳᠠᠭᠰᠠᠨ᠂ ᠰᠢᠶᠠᠩᠭᠠᠩ ᠲᠠᠢ ᠬᠤᠯᠪᠣᠭᠳᠠᠭᠰᠠᠨ᠂ | ᠰᠢᠨᠵᠢᠶᠠᠩ ᠲᠠᠢ ᠬᠤᠯᠪᠣᠭᠳᠠᠭᠰᠠᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠳᠡᠮᠵᠢᠵᠦ᠂ ᠳᠤᠷᠠᠲᠠᠶ᠎ᠠ | ᠳᠤᠮᠳᠠᠳᠤ ᠶᠢᠨ ᠲᠠᠯ᠎ᠠ ᠲᠠᠢ ᠬᠠᠮᠲᠤ ᠪᠠᠷ ᠴᠢᠷᠮᠠᠶᠢᠵᠤ᠂ ᠠᠽᠧᠷᠪᠠᠶᠢᠵᠠᠨ ᠳᠤᠮᠳᠠᠳᠤ ᠶᠢᠨ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠤᠨ᠎ᠠ᠃ | ᠠᠽᠧᠷᠪᠠᠶᠢᠵᠠᠨ ᠤ ᠲᠠᠯ᠎ᠠ ᠳᠤᠮᠳᠠᠳᠤ ᠤᠯᠤᠰ ᠤᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠬᠢᠯᠡᠬᠦ ᠶᠢ ᠳᠡᠮᠵᠢᠨ᠎ᠡ ᠭᠡᠵᠦ ᠢᠯᠡᠳᠬᠡᠪᠡ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |