ᠯᠢ ᠺᠧ ᠴᠢᠶᠠᠩ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ | ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ | ᠯᠢ ᠺᠧ ᠴᠢᠶᠠᠩ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ | ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠵᠦ ᠮᠠᠨ ᠤ ᠤᠯᠤᠰ ᠤᠨ ᠠᠵᠤ | ᠠᠬᠤᠶ ᠶᠢᠨ ᠲᠣᠭᠲᠠᠭᠤᠨ ᠤ ᠳᠤᠮᠳᠠ ᠪᠠᠬᠢᠵᠢᠵᠦ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ | ᠬᠠᠨ ᠵᠧᠩ ᠬᠤᠷᠠᠯ ᠢ ᠡᠷᠭᠢᠯᠡᠪᠡ | 6 ᠳ᠋ᠤᠭᠠᠷ ᠰᠠᠷ᠎ᠠ ᠶᠢᠨ 2 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠥᠬᠦ ᠤᠯᠤᠰ ᠤᠨ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠢ | ᠬᠤᠷᠠᠯᠳᠤᠭᠤᠯᠪᠠ᠃ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ | ᠴᠢᠶᠠᠩ ᠴᠢᠬᠤᠯᠠ ᠶᠠᠷᠢᠶ᠎ᠠ ᠲᠠᠯᠪᠢᠪᠠ᠃ | ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠬᠤᠷᠠᠯ ᠢ | ᠡᠷᠬᠢᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ᠂ ᠬᠤ᠋ ᠴᠦᠨ | ᠬᠤᠸᠠ᠂ ᠯᠢᠦ ᠾᠧ᠂ ᠲᠦᠷᠦ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠸᠧᠢ ᠹᠧᠩ ᠾᠧ᠂ ᠸᠠᠩ ᠶᠦᠩ᠂ | ᠰᠢᠶᠤᠤ ᠵᠢᠶᠧ᠂ ᠵᠤᠤ ᠺᠧ ᡁᠢ ᠬᠤᠷᠠᠯ ᠳᠤ ᠣᠷᠣᠯᠴᠠᠪᠠ᠃ | | | | ᠯᠢ ᠺᠧ ᠴᠢᠶᠠᠩ ᠬᠡᠯᠡᠬᠦ ᠳᠤ ᠪᠠᠨ᠂ ᠨᠢᠳᠤᠨᠤᠨ ᠤᠯᠠᠨ ᠳᠠᠪᠬᠤᠷ ᠬᠦᠨᠳᠦ ᠲᠠᠭᠠᠷᠢᠯᠳᠠ ᠶᠢᠨ ᠡᠮᠦᠨ᠎ᠡ᠂ ᠪᠢᠳᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠤᠨ᠂ | ᠬᠤᠷᠸ᠎ᠠ ᠲᠦᠷᠦ ᠶᠢᠨ ᠪᠤᠳᠤᠯᠭ᠎ᠠ ᠶᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ | ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠪᠠ | ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠵᠡᠷᠭᠡ ᠳᠤ ᠨᠢ ᠴᠢᠬᠤᠯᠠᠴᠢᠯᠠᠵᠤ᠂ ᠠᠵᠢᠯ ᠣᠯᠭᠤᠯᠲᠠ ᠪᠠ ᠠᠵᠤ | ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠪᠣᠯᠤᠭᠰᠠᠨ ᠪᠠᠶᠢᠨ᠎ᠠ᠃ | ᠡᠨᠡ ᠵᠢᠯ ᠮᠠᠨ ᠤ ᠤᠯᠤᠰ ᠤᠨ ᠠᠵᠤ ᠠᠬᠤᠶ ᠶᠡᠷᠦᠩᠬᠡᠶ ᠳᠤ ᠪᠠᠨ ᠲᠣᠭᠲᠠᠭᠤᠨ ᠢᠶᠠᠷ ᠰᠡᠷᠭᠦᠬᠦ ᠪᠠᠶᠢᠳᠠᠯ ᠢᠶᠠᠨ | ᠦᠷᠭᠦᠯᠵᠢᠯᠡᠭᠦᠯᠵᠦ ᠪᠠᠶᠢᠨ᠎ᠠ᠃ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ | ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠲᠦᠭᠰᠢᠭᠦᠷᠢᠲᠡᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷᠯᠢᠭ | ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠩᠬᠠᠷᠤᠯ ᠤᠨ ᠲᠣᠭᠤᠷᠢᠨ ᠳᠤ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ | ᠲᠦᠷᠦ ᠶᠢᠨ ᠪᠤᠳᠤᠯᠭ᠎ᠠ ᠶᠢ ᠦᠷᠭᠦᠯᠵᠢᠯᠡᠨ᠎ᠡ ᠪᠦᠲᠦᠮᠵᠢᠲᠡᠶ ᠬᠡᠷᠡᠭᠵᠢᠭᠦᠯᠵᠦ᠂ ᠬᠤᠷᠸ᠎ᠠ ᠪᠠ ᠬᠤᠮᠠᠬᠢ ᠲᠠᠯ᠎ᠠ ᠶᠢ | ᠨᠢᠭᠲᠠ ᠤᠶᠠᠯᠳᠤᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠵᠡᠷᠭᠡ ᠭᠤᠣᠯᠳᠠᠯᠭ᠎ᠠ ᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠠᠮᠢᠷ ᠲᠡᠩᠬᠡᠭᠡ ᠶᠢ ᠤᠯᠠᠮ | ᠨᠢᠭᠡ ᠠᠯᠬᠤᠮ ᠰᠡᠷᠭᠦᠭᠡᠬᠦ ᠳᠤ ᠬᠦᠴᠦᠨ ᠨᠡᠮᠡᠷᠢᠯᠡᠵᠦ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ | ᠴᠢᠩᠭᠠᠷᠠᠭᠤᠯᠤᠨ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠣᠷᠣᠨ ᠳᠤ ᠪᠠᠶᠢᠯᠭᠠᠬᠤ ᠶᠢ ᠪᠠᠲᠤᠯᠠᠵᠤ᠂ | ᠬᠤᠶᠢᠰᠢᠳᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠡᠢ᠃ | | | | ᠯᠢ ᠺᠧ ᠴᠢᠶᠠᠩ ᠵᠢᠭᠠᠬᠤ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠴᠢᠬᠤᠯᠠ ᠬᠦᠴᠦᠨ ᠮᠥᠨ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠲᠡᠭᠦᠯᠳᠡᠷᠵᠢᠭᠦᠯᠬᠦ | ᠬᠡᠷᠡᠭᠴᠡᠭᠡ ᠳᠤ ᠵᠣᠬᠢᠴᠠᠨ᠂ ᠠᠷᠠᠳ ᠤᠯᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠬᠡᠷᠡᠭᠴᠡᠭᠡ ᠳᠤ | ᠵᠣᠬᠢᠴᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠠᠴᠠ ᠡᠭᠦᠰᠴᠦ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠪᠡ᠃ ᠵᠠᠬ᠎ᠠ ᠳᠡᠯᠭᠡᠭᠦᠷ ᠤᠨ ᠭᠤᠣᠯ | ᠴᠣᠭᠴᠠ ᠬᠥᠭᠵᠢᠨ ᠪᠤᠵᠠᠭᠠᠶᠢᠷᠠᠵᠤ᠂ ᠠᠵᠢᠯ ᠣᠯᠭᠤᠯᠲᠠ ᠶᠢ ᠲᠤᠯᠭᠠᠭᠤᠷᠢᠯᠠᠬᠤ ︽ᠲᠤᠯᠭᠠᠭᠤᠷᠢ︾᠂ ᠡᠳ᠋ | ᠪᠠᠶᠠᠯᠢᠭ ᠢ ᠡᠭᠦᠳᠦᠨ ᠪᠦᠲᠦᠭᠡᠬᠦ ᠡᠬᠢ ᠪᠤᠯᠠᠭ ᠪᠣᠯᠤᠭᠰᠠᠨ ᠪᠠᠶᠢᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠦᠴᠢᠷ ᠲᠦᠪᠡᠭᠲᠡᠢ ᠠᠰᠠᠭᠤᠳᠠᠯ ᠢᠶᠠᠷ ᠦᠷᠭᠦᠯᠵᠢᠯᠡᠨ ᠬᠦᠴᠦᠯᠡᠬᠦ ᠴᠡᠭ ᠪᠣᠯᠭᠠᠵᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠨᠢᠭᠡ ᠴᠤᠭᠴᠠᠵᠢᠭᠤᠯᠤᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠡᠷᠬᠡ ᠶᠢ ᠲᠠᠯᠪᠢᠨ ᠴᠢᠳᠠᠪᠤᠷᠢ ᠣᠯᠭᠤᠵᠤ᠂ ᠵᠤᠬᠢᠰ ᠦᠭᠡᠢ ᠭᠠᠷ ᠲᠦᠷᠦᠭᠦ ᠶᠢ ᠪᠠᠭᠠᠰᠬᠠᠵᠤ᠂ ᠲᠥᠪ | ᠭᠤᠣᠯᠴᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠤᠨ᠂ ᠤᠯᠠᠨ | ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ ᠤᠯᠠᠨ ᠤ ᠵᠣᠷᠢᠭᠲᠠᠢ ᠪᠠᠷ ᠦᠢᠯᠡᠰ ᠴᠣᠭᠴᠠᠯᠠᠨ | ᠴᠢᠷᠮᠠᠶᠢᠨ ᠲᠡᠮᠡᠴᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠲᠠᠢ ᠪᠠᠷ ᠰᠢᠨ᠎ᠡ ᠶᠢ ᠡᠭᠦᠳᠦᠨ | ᠬᠥᠭᠵᠢᠬᠦ ᠶᠢ ᠳᠡᠮᠵᠢᠬᠦ ᠬᠡᠷᠡᠭᠲᠡᠢ ᠭᠡᠵᠡᠢ᠃ | | | | ᠯᠢ ᠺᠧ ᠴᠢᠶᠠᠩ ᠪᠠᠰᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠣᠷᠣᠰᠢᠨ ᠲᠣᠭᠲᠠᠨᠢᠵᠤ ᠬᠥᠭᠵᠢᠬᠦ ᠶᠢᠨ ᠬᠥᠷᠥᠰᠥ ᠰᠢᠷᠣᠢ ᠮᠥᠨ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ | ᠵᠠᠰᠠᠵᠢᠭᠰᠠᠨ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠤᠢ | ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠲᠠᠯ᠎ᠠ ᠪᠠᠷ ᠵᠠᠰᠠᠭ ᠢ ᠴᠣᠮᠬᠠᠳᠬᠠᠬᠤ ᠠᠷᠭ᠎ᠠ ᠵᠠᠮ ᠢ ᠬᠦᠴᠦᠯᠡᠨ | ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠠᠵᠤ ᠠᠬᠤᠶᠢᠯᠠᠯ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠵᠤᠬᠢᠰ ᠦᠭᠡᠢ ᠰᠠᠭᠠᠳ ᠢ ᠠᠷᠢᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠵᠥᠪᠰᠢᠶᠡᠷᠡᠨ ᠣᠷᠣᠬᠤ ᠪᠠ ᠪᠤᠴᠠᠭᠠᠨ ᠭᠠᠷᠭᠠᠬᠤ ᠶᠢ ᠨᠡᠩ ᠳᠥᠭᠦᠮ ᠳᠥᠲᠡ | ᠪᠣᠯᠭᠠᠵᠤ᠂ ᠵᠠᠬ᠎ᠠ ᠳᠡᠯᠭᠡᠭᠦᠷ ᠤᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠬᠤ ᠬᠡᠷᠡᠭᠲᠡᠶ︔ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠨᠢᠭᠡ ᠯᠡ ᠠᠳᠠᠯᠢ ᠪᠠᠷ ᠬᠠᠨᠳᠤᠵᠤ᠂ ᠭᠠᠭᠴᠠᠭᠠᠷ ᠡᠵᠡᠮᠰᠢᠯ ᠪᠠ ᠵᠦᠢ ᠪᠤᠰᠤ | ᠥᠷᠢᠰᠥᠯᠳᠦᠭᠡᠨ ᠢ ᠡᠰᠡᠷᠭᠦᠴᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠪᠠ | ᠬᠥᠭᠵᠢᠯᠲᠡ ᠶᠢᠨ ᠣᠷᠣᠨ ᠵᠠᠢ ᠶᠢ ᠬᠠᠮᠠᠭᠠᠯᠠᠵᠤ᠂ ᠶᠠᠰᠤ ᠴᠢᠨᠠᠷ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ | ᠰᠠᠬᠢᠬᠤ ᠬᠡᠷᠡᠭᠲᠡᠢ︔ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠲᠦᠷᠢᠮ ᠪᠠ | ᠮᠡᠷᠭᠡᠵᠢᠯ ᠤᠨ ᠠᠷᠭ᠎ᠠ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠠᠯ ᠶᠣᠰᠣᠭᠠᠷ ᠤᠴᠢᠷ ᠶᠠᠪᠤᠳᠠᠯ | ᠰᠢᠢᠳᠪᠦᠷᠢᠯᠡᠬᠦ ᠳᠤ ᠪᠠᠨ ᠪᠤᠰᠤᠳ ᠢ ᠭᠤᠶᠤᠬᠤ ᠦᠭᠡᠢ ᠪᠠᠶᠢᠬᠤ ᠶᠢ ᠪᠠᠶᠢᠩᠭᠤᠵᠢᠭᠤᠯᠬᠤ ᠬᠡᠷᠡᠭᠲᠡᠢ᠃ ᠬᠠᠤᠯᠢ ᠪᠠᠷ | ᠵᠠᠰᠠᠵᠢᠬᠤ ᠲᠠᠯ᠎ᠠ ᠪᠠᠷ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠠᠤᠯᠢ ᠲᠣᠭᠲᠠᠭᠠᠯ ᠤᠨ | ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠬᠠᠤᠯᠢ ᠶᠢ ᠴᠢᠩᠭ᠎ᠠ ᠵᠢᠷᠤᠮᠵᠢᠭᠤᠨ ᠪᠥᠭᠡᠳ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ | ᠬᠡᠷᠡᠭᠲᠡᠶ᠃ ᠣᠯᠠᠨ ᠤᠯᠤᠰᠴᠢᠯᠠᠬᠤ ᠲᠠᠯ᠎ᠠ ᠪᠠᠷ ᠨᠡᠭᠡᠭᠡᠯᠳᠡ ᠶᠢ ᠪᠠᠷᠢᠮᠲᠠᠯᠠᠨ ᠥᠷᠭᠡᠳᠬᠡᠵᠦ᠂ ᠤᠯᠠᠨ ᠤᠯᠤᠰ ᠤᠨ | ᠨᠡᠶᠢᠳᠡᠮ ᠬᠡᠷᠡᠭᠯᠡᠵᠦ ᠪᠠᠶᠢᠭ᠎ᠠ ᠬᠤᠯᠪᠣᠭᠳᠠᠯ ᠪᠦᠬᠦᠢ ᠲᠦᠷᠢᠮ ᠲᠠᠢ ᠵᠣᠯᠭᠠᠭᠤᠯᠬᠤ ᠶᠢ ᠴᠢᠩᠭᠠᠳᠬᠠᠵᠤ᠂ | RCEP ᠳᠤ ᠭᠠᠷ ᠤᠨ ᠦᠰᠦᠭ ᠵᠢᠷᠤᠵᠤ ᠣᠷᠣᠯᠴᠠᠬᠤ ᠲᠣᠬᠢᠶᠠᠯ ᠢ ᠡᠵᠡᠮᠳᠡᠵᠦ᠂ ᠠᠷᠠᠯᠵᠢᠶ᠎ᠠ ᠪᠡᠯᠡ | ᠣᠷᠣᠭᠤᠯᠤᠯᠲᠠ ᠶᠢ ᠴᠢᠯᠦᠭᠡᠲᠡᠢ ᠪᠣᠯᠭᠠᠬᠤ ᠪᠠ ᠳᠥᠭᠦᠮ ᠦᠵᠡᠭᠦᠯᠬᠦ ᠶᠢ ᠠᠬᠢᠭᠤᠯᠤᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠥᠨᠳᠥᠷ ᠪᠠᠷᠢᠮᠵᠢᠶ᠎ᠠ ᠲᠦᠷᠢᠮ ᠢ | ᠬᠡᠷᠡᠭᠵᠢᠭᠦᠯᠵᠦ᠂ ᠲᠦᠷᠢᠮ ᠤᠨ ᠬᠡᠯᠪᠡᠷᠢ ᠶᠢᠨ ᠨᠡᠭᠡᠭᠡᠯᠳᠡ ᠶᠢᠨ ᠲᠠᠯ᠎ᠠ ᠪᠠᠷ ᠨᠡᠩ ᠶᠡᠭᠡ ᠠᠯᠬᠤᠮ ᠢ ᠠᠯᠬᠤᠬᠤ ᠬᠡᠷᠡᠭᠲᠡᠢ | ᠭᠡᠵᠡᠢ᠃ | | | | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ | ᠪᠣᠯ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠤᠭᠰᠠᠨ ᠵᠠᠰᠠᠭ ᠤᠨ ᠣᠷᠳᠣᠨ ᠤ ᠥᠪᠡᠷ ᠤᠨ ᠬᠤᠪᠢᠰᠬᠠᠯ | ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠭᠡᠷᠡᠴᠢᠯᠡᠯᠲᠡ ᠬᠢᠬᠦ ᠬᠠᠷᠢᠭᠤᠴᠠᠯᠭ᠎ᠠ ᠶᠢ | ᠴᠢᠩᠭᠠᠳᠬᠠᠵᠤ᠂ ᠲᠥᠪ ᠤᠨ ᠪᠠ ᠣᠷᠣᠨ ᠨᠤᠲᠤᠭ ᠬᠤᠶᠠᠷ ᠲᠠᠯ᠎ᠠ ᠶᠢᠨ ᠢᠳᠡᠪᠬᠢᠵᠢᠯ ᠢ ᠪᠠᠳᠠᠷᠠᠭᠤᠯᠵᠤ᠂ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠠᠷᠠᠳ ᠤᠯᠠᠨ ᠳᠤ ᠪᠣᠳᠠᠲᠠᠢ | ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠡᠳᠡᠨ ᠤ ᠬᠦᠷᠲᠡᠭᠡᠮᠵᠢᠲᠦ ᠲᠦᠷᠦᠭᠳᠡᠯ ᠢ ᠳᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠪᠣᠯᠤᠨ ᠾᠧᠨᠠᠨ ᠮᠤᠵᠢ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠶᠠᠷᠢᠶ᠎ᠠ | ᠲᠠᠯᠪᠢᠵᠠᠢ᠃ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |