ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︽ᠪᠠᠶᠠᠨᠬᠤᠲᠠ ᠪᠠᠯᠭᠠᠰᠤ ᠶᠢᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/6/9
                          ᠪᠠᠶᠠᠨᠬᠤᠲᠠ ᠪᠠᠯᠭᠠᠰᠤ ᠶᠢᠨ ᠲᠤᠰᠬᠠᠶ ᠲᠥᠷᠥᠯ ᠤᠨ ᠶᠠᠳᠠᠭᠤᠰ ᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠠᠴᠠ ᠪᠤᠶ ᠪᠣᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ︵ᠴᠢᠨᠠᠭᠰᠢᠳᠠ ᠶᠠᠳᠠᠭᠤᠰ ᠢ ᠲᠡᠳᠬᠦᠬᠦ ᠡᠳ᠋ ᠬᠥᠷᠥᠩᠭᠡ ᠭᠡᠵᠦ ᠲᠣᠪᠴᠢᠯᠠᠨ᠎ᠠ︶᠎ ᠶᠢ ᠡᠷᠴᠢᠮᠲᠡᠢ ᠴᠢᠩᠭᠠᠳᠬᠠᠬᠤ ᠶᠢᠨ ᠲᠤᠰᠠᠳᠠ᠂ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠪᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠶᠠᠳᠠᠭᠤᠰ ᠢ ᠲᠡᠳᠬᠦᠬᠦ ᠪᠠᠯᠠ ᠮᠥᠩᠭᠦ ᠶᠢᠨ ᠲᠤᠰᠠᠯᠠᠬᠤ ᠦᠷ᠎ᠡ ᠨᠥᠯᠥᠭᠡ ᠶᠢ ᠭᠦᠢᠴᠡᠳ ᠪᠠᠳᠠᠷᠠᠭᠤᠯᠤᠨ᠂ ᠶᠠᠳᠠᠭᠤᠰ ᠢ ᠲᠡᠳᠬᠦᠬᠦ ᠪᠠᠯᠠ ᠬᠥᠷᠥᠩᠭᠡ ᠶᠢᠨ ᠥᠮᠴᠢᠯᠡᠭᠴᠢ᠂ ᠡᠵᠡᠩᠨᠡᠭᠴᠢ ᠪᠠ ᠠᠰᠢᠭ ᠬᠦᠷᠲᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠶᠠᠳᠠᠭᠤᠰ ᠢ ᠲᠡᠳᠬᠦᠬᠦ ᠪᠠᠯᠠ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠭᠠᠵᠢᠭᠤᠯᠤᠨ᠎ᠠ᠃ ᠥᠮᠴᠢᠯᠡᠬᠦ ᠡᠷᠬᠡ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠡᠵᠡᠩᠨᠡᠯᠲᠡ ᠨᠢ ᠵᠢᠷᠤᠮᠵᠢᠯ ᠲᠠᠢ᠂ ᠦᠷ᠎ᠡ ᠠᠰᠢᠭ ᠨᠢ ᠢᠯᠡᠷᠬᠡᠶ᠂ ᠬᠠᠮᠢᠶᠠᠷᠤᠯᠲᠠ ᠨᠢ ᠪᠣᠳᠠᠲᠠᠶᠢᠵᠢᠭᠰᠠᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠡᠷᠴᠢᠮᠲᠡᠢ ᠪᠠᠶᠢᠭᠤᠯᠤᠨ᠎ᠠ᠃ ᠪᠠᠶᠠᠨᠬᠤᠲᠠ ᠪᠠᠯᠭᠠᠰᠤ ᠶᠢᠨ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ᠂ ︽ᠪᠠᠶᠠᠨᠬᠤᠲᠠ ᠪᠠᠯᠭᠠᠰᠤ ᠶᠢᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠲᠣᠭᠲᠠᠭᠠᠪᠠ᠃ ᠡᠳᠦᠭᠡ ᠳᠠᠷᠠᠭᠠᠬᠢ ᠪᠠᠶᠢᠳᠠᠯ ᠢᠶᠠᠷ ᠲᠠᠶᠢᠯᠤᠮᠵᠢ ᠬᠢᠶ᠎ᠡ᠄             ᠨᠢᠭᠡ᠂ ᠨᠡᠶᠢᠲᠡᠯᠡᠭᠰᠡᠨ ᠨᠥᠬᠦᠴᠡᠯ ᠪᠠᠶᠢᠳᠠᠯ             2020 ᠣᠨ ᠪᠣᠯ ᠶᠠᠳᠠᠭᠤᠷᠠᠯ ᠠᠴᠠ ᠠᠩᠭᠢᠵᠢᠷᠠᠭᠤᠯᠬᠤ ᠪᠣᠱᠤᠭ᠎ᠠ ᠶᠢ ᠳᠠᠪᠠᠭ᠋ᠤ ᠠᠵᠢᠯ ᠲᠡᠭᠦᠰᠬᠦ ᠵᠢᠯ ᠪᠣᠯᠤᠨ᠎ᠠ᠃ ︽ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾᠎ ᠢ ᠦᠨᠳᠦᠰᠦᠯᠡᠪᠡᠯ ︵ᠥᠪᠥᠷ ᠵᠠᠰᠠᠭ ᠲᠠᠷᠬᠠᠭᠠᠭᠰᠠᠨ ︹ 2019 ︺ 18 ᠳ᠋ᠤᠭᠠᠷ ᠲᠣᠭᠠᠲᠤ︶᠂ ︽ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠠᠬᠢᠭᠤᠯᠤᠨ ᠰᠠᠶᠢᠲᠤᠷ ᠭᠦᠢᠴᠡᠳᠬᠡᠬᠦ ᠲᠤᠬᠠᠶ ᠮᠡᠳᠡᠭᠳᠡᠯ︾ ︵ᠥᠪᠥᠷ ᠲᠡᠳᠬᠦᠨ ᠳᠡᠮᠵᠢᠬᠦ ᠳᠤᠭᠤᠶᠢᠯᠠᠩ ᠠᠯᠪᠠᠨ ᠲᠠᠷᠬᠠᠭᠠᠭᠰᠠᠨ ︹ 2020 ︺ 17 ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠶᠠᠳᠠᠭᠤᠰ ᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ︿ᠠᠯᠠᠱᠠ ᠵᠡᠭᠦᠨ ᠬᠤᠰᠢᠭᠤᠨ ᠤ ᠶᠠᠳᠠᠭᠤᠰ ᠢ ᠲᠡᠳᠬᠦᠬᠦ ᠪᠠᠯᠠ ᠮᠥᠩᠭᠦ ᠶᠢᠨ ᠣᠷᠣᠭᠤᠯᠤᠯᠲᠠ ᠶᠢ ᠪᠣᠶ ᠪᠣᠯᠭᠠᠬᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠡᠷᠡᠭᠵᠢᠭᠦᠯᠬᠦ ᠲᠥᠰᠦᠯ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ﹀︾ ︵ᠠᠷᠤ ᠵᠡᠭᠦᠨ ᠬᠤᠰᠢᠭᠤᠨ ᠤ ᠶᠠᠳᠠᠭᠤᠰ ᠢ ᠲᠡᠳᠬᠦᠬᠦ ᠳᠤᠭᠤᠶᠢᠯᠠᠩ ᠲᠠᠷᠬᠠᠭᠠᠭᠰᠠᠨ ︹ 2019 ︺ 30 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2012 ᠣᠨ ᠠᠴᠠ ᠨᠠᠰᠢᠬᠢ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠶᠠᠳᠠᠭᠤᠰ ᠢ ᠲᠡᠳᠬᠦᠬᠦ ᠬᠥᠭᠵᠢᠯᠲᠡ ᠶᠢᠨ ᠪᠠᠯᠠ ᠮᠥᠩᠭᠦ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠨᠡᠶᠢᠯᠡᠯᠲᠡ ᠶᠢᠨ ᠪᠠᠯᠠ ᠮᠥᠩᠭᠦ᠂ ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠠᠭᠰᠠᠨ ᠪᠠᠯᠠ ᠮᠥᠩᠭᠦ ᠵᠡᠷᠭᠡ ᠪᠠᠯᠠ ᠮᠥᠩᠭᠦ ᠶᠢᠨ ᠣᠷᠣᠭᠤᠯᠤᠯᠲᠠ ᠠᠴᠠ ᠪᠣᠶ ᠪᠣᠯᠤᠭᠰᠠᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠠᠳᠬᠤᠬᠤ ᠶᠢᠨ ᠲᠤᠰᠠᠳᠠ᠂ ᠡᠷᠡᠰᠳᠡᠯ ᠢ ᠰᠡᠷᠭᠡᠶᠢᠯᠡᠨ᠂ ᠰᠤᠯᠠ ᠲᠠᠯᠪᠢᠵᠤ ᠭᠡᠭᠡᠭᠳᠡᠬᠦ ᠶᠢ ᠰᠡᠷᠭᠡᠶᠢᠯᠡᠨ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠵᠦ᠂ ᠶᠠᠳᠠᠭᠤᠷᠠᠯ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃             ᠬᠤᠶᠠᠷ᠂ ᠵᠣᠷᠢᠯᠲᠠ ᠶᠢᠨ ᠡᠭᠦᠷᠭᠡ             ᠪᠠᠶᠠᠨᠬᠤᠲᠠ ᠪᠠᠯᠭᠠᠰᠤ ᠶᠢᠨ ᠶᠠᠳᠠᠭᠤᠰ ᠢ ᠲᠡᠳᠬᠦᠬᠦ ᠲᠤᠰᠬᠠᠶ ᠪᠠᠯᠠ ᠮᠥᠩᠭᠦ ᠶᠢᠨ ᠣᠷᠣᠭᠤᠯᠤᠯᠲᠠ ᠠᠴᠠ ᠪᠣᠶ ᠪᠣᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠡᠷᠴᠢᠮᠲᠡᠢ ᠴᠢᠩᠭᠠᠷᠠᠭᠤᠯᠵᠤ᠂ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠨ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠪᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠬᠢ ᠶᠠᠳᠠᠭᠤᠰ ᠢ ᠲᠡᠳᠬᠦᠬᠦ ᠪᠠᠯᠠ ᠮᠥᠩᠭᠦ ᠶᠢᠨ ᠲᠤᠰᠠᠯᠠᠬᠤ ᠦᠷ᠎ᠡ ᠨᠥᠯᠥᠭᠡ ᠶᠢ ᠭᠦᠢᠴᠡᠳ ᠪᠠᠳᠠᠷᠠᠭᠤᠯᠵᠤ᠂ ᠶᠠᠳᠠᠭᠤᠰ ᠢ ᠲᠡᠳᠬᠦᠬᠦ ᠪᠠᠯᠠ ᠬᠥᠷᠥᠩᠭᠡ ᠶᠢᠨ ᠥᠮᠴᠢᠯᠡᠭᠴᠢ᠂ ᠡᠵᠡᠩᠨᠡᠭᠴᠢ ᠪᠠ ᠠᠰᠢᠭ ᠬᠦᠷᠲᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠂ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃             ᠭᠤᠷᠪᠠ᠂ ᠭᠤᠣᠯ ᠠᠭᠤᠯᠭ᠎ᠠ             1᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠪᠠᠯᠭᠠᠰᠤ ᠶᠢᠨ ᠶᠠᠳᠠᠭᠤᠰ ᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠤᠳᠤᠷᠢᠳᠴᠤ᠂ ᠤᠳᠤᠷᠢᠳᠬᠤ ᠳᠤᠭᠤᠶᠢᠯᠠᠩ ᠤᠨ ᠬᠤᠯᠪᠣᠭᠳᠠᠬᠤ ᠬᠠᠷᠢᠭᠤᠴᠠᠯᠭᠠᠲᠤ ᠨᠢᠭᠡᠴᠢ᠂ ᠰᠠᠯᠠᠭ᠎ᠠ ᠮᠥᠴᠢᠷ᠂ ᠡᠯ᠎ᠡ ᠭᠠᠴᠠᠭ᠎ᠠ ᠲᠣᠰᠬᠤᠨ ᠠᠵᠢᠯ ᠢᠶᠠᠨ ᠬᠤᠪᠢᠶᠠᠷᠢᠯᠠᠨ ᠬᠠᠮᠵᠢᠯᠴᠠᠨ᠎ᠠ᠃ ᠪᠠᠯᠭᠠᠰᠤ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠠᠴᠠ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ︔ ᠪᠠᠯᠭᠠᠰᠤᠨ ᠤ ᠬᠤᠷᠰᠢᠭᠰᠠᠨ ᠡᠮᠨᠡᠯᠭᠡ ᠶᠢᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠨᠢ ᠭᠠᠴᠠᠭ᠎ᠠ ᠲᠣᠰᠬᠤᠨ ᠤ ᠱᠠᠲᠤᠨ ᠤ ᠠᠵᠤ ᠦᠢᠯᠡᠰ ᠤᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ᠂ ᠡᠳ᠋ ᠬᠥᠷᠥᠩᠭᠡ ᠶᠢ ᠪᠦᠷᠢᠳᠬᠡᠨ ᠪᠠᠯᠠ ᠮᠥᠩᠭᠦ ᠶᠢ ᠬᠠᠷᠭᠤᠭᠤᠯᠬᠤ᠂ ᠦᠷ᠎ᠡ ᠠᠰᠢᠭ ᠢ ᠪᠠᠳᠠᠷᠠᠭᠤᠯᠬᠤ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠵᠢᠯᠣᠭᠤᠳᠬᠤ ᠠᠵᠢᠯ ᠢ ᠬᠠᠷᠢᠭᠤᠴᠠᠨ᠎ᠠ︔ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠨᠢ ᠶᠠᠳᠠᠭᠤᠰ ᠢ ᠲᠡᠳᠬᠦᠬᠦ ᠡᠳ᠋ ᠬᠥᠷᠥᠩᠭᠡ ᠶᠢ ᠳᠡᠩᠰᠡᠯᠡᠨ ᠳᠠᠩᠰᠠᠯᠠᠬᠤ ᠠᠵᠢᠯ ᠢ ᠬᠢᠨᠠᠨ ᠵᠢᠯᠣᠭᠤᠳᠤᠨ᠎ᠠ᠃             2᠂ ᠥᠮᠴᠢᠯᠡᠬᠦ ᠡᠷᠬᠡ ᠶᠢᠨ ᠬᠠᠷᠢᠶᠠᠯᠠᠯ᠃ ᠶᠠᠳᠠᠭᠤᠰ ᠢ ᠲᠡᠳᠬᠦᠬᠦ ᠲᠥᠷᠥᠯ ᠵᠦᠢᠯ ᠢ ᠰᠢᠯᠭᠠᠨ ᠠᠪᠤᠭᠰᠠᠨ ᠤ ᠳᠠᠷᠠᠭ᠎ᠠ ᠥᠮᠴᠢᠯᠡᠬᠦ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠵᠤ᠂ ᠡᠯ᠎ᠡ ᠭᠠᠴᠠᠭ᠎ᠠ ᠲᠣᠰᠬᠤᠨ ᠨᠤᠭᠤᠳ ᠬᠠᠮᠢᠶᠠᠷᠴᠤ ᠬᠠᠮᠠᠭᠠᠯᠠᠬᠤ ᠭᠤᠣᠯ ᠬᠠᠷᠢᠭᠤᠴᠠᠭᠴᠢ ᠶᠢ ᠨᠠᠶᠢᠳᠠᠪᠤᠷᠢᠵᠢᠭᠤᠯᠤᠨ᠎ᠠ᠃ ︽ᠬᠡᠨ ᠠᠰᠢᠭ ᠭᠥᠷᠳᠡᠪᠡᠯ᠂ ᠬᠡᠨ ᠬᠠᠮᠢᠶᠠᠷᠴᠤ ᠬᠠᠮᠠᠭᠠᠯᠠᠬᠤ︾ ᠵᠠᠷᠴᠢᠮ ᠢ ᠪᠠᠷᠢᠮᠲᠠᠯᠠᠵᠤ᠂ ᠡᠷᠦᠬᠡ ᠳᠤ ᠣᠷᠣᠭᠤᠯᠤᠭᠰᠠᠨ ᠲᠥᠷᠥᠯ ᠵᠦᠢᠯ ᠠᠴᠠ ᠪᠣᠶ ᠪᠣᠯᠤᠭᠰᠠᠨ ᠡᠳ᠋ ᠬᠥᠷᠥᠩᠭᠡ ᠶᠢ ᠲᠥᠷᠥᠯ ᠵᠦᠢᠯ ᠤᠨ ᠠᠰᠢᠭ ᠭᠥᠷᠳᠡᠬᠦ ᠡᠷᠦᠬᠡ ᠳᠤ ᠥᠮᠴᠢᠯᠡᠭᠦᠯᠵᠦ᠂ ᠠᠰᠢᠭ ᠭᠥᠷᠳᠡᠬᠦ ᠡᠷᠦᠬᠡ ᠠᠴᠠ ᠬᠠᠷᠢᠭᠤᠴᠠᠨ ᠡᠵᠡᠩᠨᠡᠨ᠎ᠡ︔ ᠬᠤᠰᠢᠭᠤ᠂ ᠪᠠᠯᠭᠠᠰᠤ᠂ ᠭᠠᠴᠠᠭ᠎ᠠ ᠲᠣᠰᠬᠤᠨ ᠤ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠭᠠᠴᠠᠭ᠎ᠠ ᠲᠣᠰᠬᠤᠨ ᠳᠤ ᠲᠤᠰᠠᠭᠠᠷ ᠬᠥᠷᠬᠦ ᠲᠥᠷᠥᠯ ᠵᠦᠢᠯ ᠢ ᠨᠢᠭᠡᠨᠲᠡ ᠭᠠᠴᠠᠭ᠎ᠠ ᠲᠣᠰᠬᠤᠨ ᠤ ᠬᠠᠮᠲᠤ ᠶᠢᠨ ᠬᠠᠮᠢᠶᠠᠷᠤᠯᠲᠠ ᠳᠤ ᠣᠷᠣᠭᠤᠯᠤᠭᠰᠠᠨ ᠡᠳ᠋ ᠬᠥᠷᠥᠩᠭᠡ ᠶᠢᠨ ᠥᠮᠴᠢᠯᠡᠬᠦ ᠡᠷᠬᠡ ᠨᠢ ᠭᠠᠴᠠᠭ᠎ᠠ ᠲᠣᠰᠬᠤᠨ ᠤ ᠬᠠᠮᠲᠤ ᠳᠤ ᠬᠠᠷᠢᠶᠠᠯᠠᠭᠳᠠᠨ᠎ᠠ︔ ᠲᠣᠰᠬᠤᠨ ᠤ ᠬᠤᠯᠪᠣᠭᠠᠯᠠᠨ ᠪᠠᠶᠢᠭᠤᠯᠤᠭᠰᠠᠨ ᠶᠠᠳᠠᠭᠤᠰ ᠢ ᠲᠡᠳᠬᠦᠬᠦ ᠲᠥᠷᠥᠯ ᠵᠦᠢᠯ ᠠᠴᠠ ᠪᠣᠶ ᠪᠣᠯᠤᠭᠰᠠᠨ ᠶᠠᠳᠠᠭᠤᠰ ᠢ ᠲᠡᠳᠬᠦᠬᠦ ᠡᠳ᠋ ᠬᠥᠷᠥᠩᠭᠡ ᠳᠤ ᠪᠣᠳᠠᠲᠤ ᠨᠥᠬᠦᠴᠡᠯ ᠪᠠᠶᠢᠳᠠᠯ ᠢ ᠦᠨᠳᠦᠰᠦᠯᠡᠨ ᠡᠯ᠎ᠡ ᠬᠤᠯᠪᠣᠭᠠᠯᠠᠨ ᠪᠠᠶᠢᠭᠤᠯᠤᠭᠰᠠᠨ ᠭᠠᠴᠠᠭ᠎ᠠ ᠲᠣᠰᠬᠤᠨ ᠤ ᠥᠮᠴᠢᠯᠡᠯ ᠤᠨ ᠡᠷᠬᠡ ᠶᠢᠨ ᠬᠠᠷᠢᠴᠠᠯ ᠢ ᠵᠠᠭᠠᠭᠯᠠᠨ ᠲᠣᠭᠲᠠᠭᠠᠪᠠ᠃ ᠬᠤᠰᠢᠭᠤᠨ ᠲᠠᠰ ᠤᠨ ᠪᠠᠯᠭᠠᠰᠤ ᠠᠯᠤᠰᠯᠠᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠶᠠᠳᠠᠭᠤᠰ ᠢ ᠲᠡᠳᠬᠦᠬᠦ ᠲᠥᠷᠥᠯ ᠵᠦᠢᠯ ᠢᠶᠠᠷ ᠪᠦᠷᠢᠯᠳᠦᠭᠰᠡᠨ ᠡᠳ᠋ ᠬᠥᠷᠥᠩᠭᠡ ᠶᠢᠨ ᠥᠮᠴᠢᠯᠡᠯ ᠤᠨ ᠡᠷᠬᠡ ᠨᠢ ᠬᠤᠰᠢᠭᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠷᠢᠶᠠᠯᠠᠭᠳᠠᠨ᠎ᠠ᠂ ᠥᠮᠴᠢᠯᠡᠯ ᠤᠨ ᠡᠷᠬᠡ ᠨᠢ ᠲᠣᠳᠣᠷᠬᠠᠶ ᠥᠬᠡᠶ ᠪᠣᠯ᠂ ᠬᠤᠰᠢᠭᠤᠨ ᠤ ᠵᠠᠰᠠᠭ ᠤᠨ ᠣᠷᠳᠣᠨ ᠠᠴᠠ ᠥᠮᠴᠢᠯᠡᠯ ᠤᠨ ᠡᠷᠬᠡ ᠶᠢᠨ ᠬᠠᠷᠢᠶᠠᠯᠠᠯ ᠢ ᠲᠣᠭᠲᠠᠭᠠᠪᠠ᠃ ᠲᠥᠷᠥᠯ ᠵᠦᠢᠯ ᠤᠨ ᠶᠣᠰᠣᠭᠠᠷ ᠥᠮᠴᠢᠯᠡᠬᠦ ᠡᠷᠬᠡ ᠶᠢ ᠲᠣᠳᠣᠷᠬᠠᠶᠢᠯᠠᠭᠰᠠᠨ ᠤ ᠳᠠᠷᠠᠭ᠎ᠠ᠂ ᠪᠥᠲᠥᠭᠡᠨ ᠪᠠᠶᠢᠭᠤᠯᠬᠤ ᠨᠢᠭᠡᠴᠢ ᠨᠢ ᠥᠮᠴᠢᠯᠡᠬᠦ ᠡᠷᠬᠡ ᠶᠢᠨ ᠨᠢᠭᠡᠴᠢ ᠲᠠᠢ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠭᠠᠷᠳᠠᠮ ᠢ ᠭᠦᠢᠴᠡᠳᠬᠡᠬᠦ ᠶᠢᠨ ᠬᠠᠮᠲᠤ᠂ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠨᠢᠭᠡᠴᠢ ᠳᠤ ᠰᠢᠯᠵᠢᠭᠦᠯᠦᠨ ᠲᠤᠰᠢᠶᠠᠨ᠎ᠠ᠃             3᠂ ᠵᠠᠯᠭᠠᠮᠵᠢ ᠡᠵᠡᠩᠨᠡᠯᠲᠡ ᠪᠠ ᠬᠠᠮᠢᠶᠠᠷᠤᠯᠲᠠ᠃ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠡᠳ᠋ ᠬᠥᠷᠥᠩᠭᠡ ᠶᠢ ᠵᠣᠬᠢᠬᠤ ᠥᠮᠴᠢᠯᠡᠬᠦ ᠡᠷᠬᠡ ᠶᠢᠨ ᠭᠤᠣᠯ ᠬᠠᠷᠢᠭᠤᠴᠠᠭᠴᠢ ᠠᠴᠠ ᠬᠠᠮᠢᠶᠠᠷᠤᠨ ᠬᠠᠮᠠᠭᠠᠯᠠᠬᠤ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠪᠣᠢ ᠪᠣᠯᠭᠠᠬᠤ ᠵᠡᠷᠭᠡ ᠠᠷᠭ᠎ᠠ ᠪᠠᠷᠢᠯ ᠢᠶᠠᠷ ᠳᠡᠮᠵᠢᠨ ᠬᠠᠮᠢᠶᠠᠷᠤᠨ ᠬᠠᠮᠠᠭᠠᠯᠠᠬᠤ ᠬᠦᠴᠦᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠥᠳᠡᠯᠮᠦᠷᠢ ᠬᠦᠴᠦᠨ ᠢ ᠤᠷᠢᠳᠠᠪᠠᠷ ᠰᠢᠩᠭᠡᠭᠡᠨ ᠠᠪᠴᠤ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠨ ᠬᠠᠮᠠᠭᠠᠯᠠᠬᠤ ᠳᠤ ᠣᠷᠣᠯᠴᠠᠭᠤᠯᠤᠨ᠎ᠠ︔ ᠡᠵᠡᠩᠨᠡᠯᠲᠡ ᠶᠢᠨ ᠴᠢᠨᠠᠷᠲᠠᠶ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠬᠤᠪᠢ ᠣᠷᠣᠭᠤᠯᠵᠤ ᠠᠰᠢᠭ ᠬᠤᠪᠢᠶᠠᠬᠤ ᠠᠷᠭ᠎ᠠ ᠪᠠᠷᠢᠯ ᠢ ᠵᠢᠷᠤᠮᠵᠢᠭᠤᠯᠤᠨ᠂ ᠰᠲ᠋ᠣᠺ ᠤᠨ ᠡᠷᠬᠡ ᠶᠢ ᠠᠯᠢ ᠴᠢᠳᠠᠬᠤ ᠪᠠᠷ ᠬᠠᠷᠭᠤᠭᠤᠯᠤᠨ ᠪᠠᠶᠢᠴᠠᠭᠠᠵᠤ ᠪᠣᠯᠬᠤ ᠪᠣᠳᠠᠰᠵᠢᠭᠰᠠᠨ ᠡᠳ᠋ ᠬᠥᠷᠥᠩᠭᠡ ᠪᠣᠯᠭᠠᠨ ᠪᠦᠷᠢᠯᠳᠦᠭᠦᠯᠵᠦ᠂ ᠡᠵᠡᠩᠨᠡᠯᠲᠡ ᠶᠢᠨ ᠡᠯ᠎ᠡ ᠲᠠᠯ᠎ᠠ ᠶᠢᠨ ᠡᠷᠬᠡ ᠡᠭᠦᠷᠭᠡ ᠵᠢᠴᠢ ᠰᠲ᠋ᠣᠺ ᠤᠨ ᠡᠷᠬᠡ ᠪᠠᠨ ᠪᠤᠴᠠᠭᠠᠨ ᠭᠠᠷᠭᠠᠬᠤ ᠪᠠ ᠰᠢᠢᠳᠪᠦᠷᠢᠯᠡᠬᠦ ᠠᠷᠭ᠎ᠠ ᠪᠠᠷᠢᠯ ᠵᠡᠷᠭᠡ ᠶᠢ ᠲᠣᠳᠣᠷᠬᠠᠶᠢᠯᠠᠵᠤ᠂ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠭᠠᠵᠢᠭᠤᠯᠤᠨ᠎ᠠ᠃ ᠠᠵᠤ ᠦᠢᠯᠡᠰ ᠢᠶᠠᠷ ᠶᠠᠳᠠᠭᠤᠰ ᠢ ᠲᠡᠳᠬᠦᠬᠦ ᠶᠢᠨ ︽ᠨᠢᠭᠡ ᠯᠡ ᠵᠦᠢᠯ ᠢ ᠰᠢᠢᠳᠪᠦᠷᠢᠯᠡᠬᠦ︾᠎ ᠶᠢ ᠡᠷᠡᠰ ᠰᠡᠷᠭᠡᠶᠢᠯᠡᠨ᠎ᠡ᠃ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠶᠠᠳᠠᠭᠤᠰ ᠢ ᠲᠡᠳᠬᠦᠬᠦ ᠡᠳ᠋ ᠬᠥᠷᠥᠩᠭᠡ ᠶᠢ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠬᠠᠮᠢᠶᠠᠷᠤᠨ ᠬᠠᠮᠠᠭᠠᠯᠠᠵᠤ ᠪᠣᠯᠤᠨ᠎ᠠ᠂ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠨ ᠬᠠᠮᠠᠭᠠᠯᠠᠬᠤ ᠵᠠᠷᠤᠳᠠᠯ ᠢ ᠤᠷᠢᠳᠠᠪᠠᠷ ᠡᠵᠡᠩᠨᠡᠯᠲᠡ ᠶᠢᠨ ᠠᠰᠢᠭ ᠣᠯᠵᠠᠪᠤᠷᠢ ᠶᠢᠨ ᠳᠣᠲᠣᠷ᠎ᠠ ᠠᠴᠠ ᠭᠠᠷᠭᠠᠪᠠ᠃ ᠡᠵᠡᠩᠨᠡᠯᠲᠡ ᠬᠠᠮᠠᠭᠠᠯᠠᠯᠲᠠ ᠶᠢᠨ ᠠᠵᠢᠯᠲᠠᠨ ᠤ ᠶᠠᠳᠠᠭᠤᠰ ᠢ ᠲᠡᠳᠬᠦᠬᠦ ᠡᠳ᠋ ᠬᠥᠷᠥᠩᠭᠡ ᠶᠢ ᠳᠤᠷ᠎ᠠ ᠪᠠᠷ ᠢᠶᠠᠨ ᠠᠰᠢᠭᠯᠠᠨ ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ ᠠᠷᠭ᠎ᠠ ᠪᠠᠷᠢᠯ ᠢᠶᠠᠷ ᠪᠠᠯᠠ ᠲᠣᠬᠢᠷᠠᠭᠤᠯᠭ᠎ᠠ ᠬᠢᠬᠦ ᠶᠢ ᠬᠠᠲᠠᠭᠤ ᠬᠤᠷᠢᠭᠯᠠᠨ᠎ᠠ᠃ ᠥᠮᠴᠢᠯᠡᠬᠦ ᠡᠷᠬᠡ ᠶᠢᠨ ᠤᠯᠤᠰ ᠤᠨ ᠥᠮᠴᠢᠯᠡᠯᠲᠦ ᠪᠤᠶᠤ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠬᠠᠷᠢᠶᠠᠯᠠᠭᠳᠠᠬᠤ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠬᠥᠳᠡᠭᠡ ᠲᠣᠰᠬᠤᠨ ᠤ ᠬᠠᠮᠲᠤ ᠨᠡᠶᠢᠲᠡ ᠶᠢᠨ ︽ᠭᠤᠷᠪᠠᠨ ᠪᠠᠯᠠ︾᠎ ᠶᠢᠨ ᠬᠠᠮᠢᠶᠠᠷᠤᠯᠲᠠ ᠶᠢᠨ ᠬᠤᠯᠪᠣᠭᠳᠠᠬᠤ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ ᠥᠮᠴᠢᠯᠡᠬᠦ ᠡᠷᠬᠡ ᠶᠢᠨ ᠬᠠᠷᠢᠶᠠᠯᠠᠯ ᠢ ᠡᠷᠦᠬᠡ ᠳᠤ ᠬᠦᠷᠭᠡᠬᠦ ᠲᠥᠷᠥᠯ ᠤᠨ ᠡᠳ᠋ ᠬᠥᠷᠥᠩᠭᠡ ᠶᠢ ᠮᠠᠯᠵᠢᠬᠤ ᠲᠠᠷᠢᠶᠠᠯᠠᠬᠤ ᠡᠷᠦᠬᠡ ᠥᠪᠡᠷᠲᠡᠭᠡᠨ ᠬᠠᠮᠢᠶᠠᠷᠴᠤ᠂ ᠭᠠᠴᠠᠭ᠎ᠠ ᠲᠣᠰᠬᠤᠨ ᠤ ᠬᠠᠮᠲᠤ ᠨᠡᠶᠢᠲᠡ ᠨᠢ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠎ᠠ᠃ ᠪᠠᠶᠢᠭᠠᠯᠢ ᠶᠢᠨ ᠭᠠᠮᠰᠢᠭ ᠵᠡᠷᠭᠡ ᠲᠡᠮᠡᠴᠡᠰᠢ ᠥᠬᠡᠶ ᠬᠦᠴᠦᠨ ᠠᠴᠠ ᠪᠣᠯᠵᠣ ᠶᠠᠳᠠᠭᠤᠰ ᠢ ᠲᠡᠳᠬᠦᠬᠦ ᠡᠳ᠋ ᠬᠥᠷᠥᠩᠭᠡ ᠶᠢ ᠡᠪᠳᠡᠨ ᠰᠦᠢᠳᠬᠡᠭᠰᠡᠨ ᠲᠣᠬᠢᠶᠠᠯᠳᠤᠯ ᠳᠤ᠂ ᠲᠤᠰᠬᠠᠶ ᠮᠡᠷᠭᠡᠵᠢᠯ ᠤᠨ ᠬᠢᠨᠠᠨ ᠲᠣᠭᠲᠠᠭᠠᠯᠲᠠ ᠶᠢᠨ ᠰᠠᠨᠠᠯ ᠲᠠᠢ ᠪᠠᠶᠢᠨ᠎ᠠ ᠪᠥᠭᠡᠳ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢᠨ ᠬᠤᠯᠪᠣᠭᠳᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠢᠨᠠᠨ ᠲᠠᠩᠰᠠᠨ ᠠᠴᠠ ᠭᠠᠷᠭᠠᠨ᠎ᠠ︔ ᠵᠣᠷᠢᠭᠤᠳᠠ ᠶᠢᠨ ᠰᠢᠯᠲᠠᠭᠠᠨ ᠠᠴᠠ ᠪᠤᠯᠵᠦ ᠡᠳ᠋ ᠬᠦᠷᠦᠩᠭᠡ ᠶᠢ ᠡᠪᠳᠡᠵᠦ ᠰᠦᠢᠳᠬᠡᠭᠰᠡᠨ ᠲᠣᠬᠢᠶᠠᠯᠳᠤᠯ ᠳᠤ᠂ ᠬᠤᠯᠪᠣᠭᠳᠠᠬᠤ ᠬᠥᠮᠦᠰ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶ ᠶᠢᠨ ᠬᠠᠷᠢᠭᠤᠴᠠᠯᠭ᠎ᠠ ᠲᠣᠭᠠᠴᠠᠬᠤ ᠬᠡᠷᠡᠭᠲᠡᠶ᠃ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠲᠥᠷᠥᠯ ᠵᠦᠢᠯ ᠤᠨ ᠡᠪᠳᠡᠨ ᠰᠦᠢᠳᠬᠡᠭᠰᠡᠨ ᠪᠠᠷᠢᠯᠭ᠎ᠠ ᠶᠢᠨ ᠰᠡᠯᠪᠢᠨ ᠰᠡᠷᠭᠦᠭᠡᠬᠦ ᠪᠠᠯᠠ ᠮᠥᠩᠭᠦ ᠶᠢ ᠵᠠᠷᠴᠢᠮ ᠳᠡᠭᠡᠷ᠎ᠡ ᠪᠠᠨ ᠡᠯ᠎ᠡ ᠭᠠᠴᠠᠭ᠎ᠠ ᠲᠣᠰᠬᠤᠨ ᠠᠴᠠ ᠥᠪᠡᠷᠲᠡᠭᠡᠨ ᠰᠢᠢᠳᠪᠦᠷᠢᠯᠡᠨ᠎ᠡ᠃             4᠂ ᠡᠳ᠋ ᠬᠦᠷᠦᠩᠭᠡ ᠶᠢᠨ ᠠᠰᠢᠭ ᠣᠷᠣᠯᠭ᠎ᠠ ᠪᠠ ᠬᠤᠪᠢᠶᠠᠷᠢᠯᠠᠯᠲᠠ᠃ ᠡᠯ᠎ᠡ ᠭᠠᠴᠠᠭ᠎ᠠ ᠲᠣᠰᠬᠤᠨ ᠨᠤᠭᠤᠳ ᠵᠢᠯ ᠪᠦᠷᠢ ᠶᠢᠨ ᠡᠬᠢᠨ ᠳᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠲᠣᠭᠲᠠᠭᠠᠵᠤ᠂ ᠶᠠᠳᠠᠭᠤᠰ ᠢ ᠲᠡᠳᠬᠦᠬᠦ ᠪᠠᠯᠠ ᠮᠥᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃ ᠡᠷᠦᠬᠡ ᠳᠤ ᠬᠦᠷᠴᠦ ᠡᠵᠡᠩᠨᠡᠬᠦ ᠲᠥᠷᠥᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠠᠰᠢᠭ ᠭᠥᠷᠳᠡᠬᠦ ᠡᠷᠦᠬᠡ ᠳᠤ ᠥᠮᠴᠢᠯᠡᠭᠦᠯᠵᠦ᠂ ᠭᠠᠴᠠᠭ᠎ᠠ ᠲᠣᠰᠬᠤᠨ ᠳᠤ ᠬᠦᠷᠴᠦ ᠡᠵᠡᠩᠨᠡᠬᠦ ᠲᠥᠷᠥᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠮᠲᠤ ᠳᠤ ᠥᠮᠴᠢᠯᠡᠭᠦᠯᠦᠨ᠎ᠡ᠃ ᠵᠠᠷᠴᠢᠮ ᠳᠡᠭᠡᠷ᠎ᠡ ᠪᠠᠨ ᠡᠵᠡᠩᠨᠡᠯᠲᠡ ᠶᠢᠨ ᠲᠥᠷᠥᠯ ᠤᠨ ᠡᠳ᠋ ᠬᠥᠷᠥᠩᠭᠡ ᠶᠢᠨ ᠵᠢᠯ ᠤᠨ ᠠᠰᠢᠭ ᠣᠷᠣᠯᠭ᠎ᠠ ᠶᠢ ᠶᠠᠳᠠᠭᠤᠰ ᠢ ᠲᠡᠳᠬᠦᠬᠦ ᠪᠠᠯᠠ ᠮᠥᠩᠭᠦ ᠳᠤ ᠣᠷᠣᠭᠤᠯᠤᠭᠰᠠᠨ ᠪᠠᠩᠬᠢ ᠶᠢᠨ ᠠᠳᠠᠯᠢ ᠬᠤᠭᠤᠴᠠᠭᠠᠨ ᠤ ᠬᠦᠦ ᠮᠥᠩᠭᠦ ᠶᠢᠨ ᠰᠠᠭᠤᠷᠢ ᠬᠠᠮᠲᠤ ᠶᠢᠨ ᠡᠵᠡᠩᠨᠡᠯᠲᠡ ᠶᠢᠨ ᠲᠥᠷᠥᠯ ᠤᠨ ᠡᠳ᠋ ᠬᠥᠷᠥᠩᠭᠡ ᠶᠢᠨ ᠠᠰᠢᠭ ᠣᠷᠣᠯᠭ᠎ᠠ ᠳᠤ ︽ᠤᠷᠢᠳᠠᠪᠠᠷ ᠬᠠᠮᠲᠤ ᠨᠡᠶᠢᠲᠡ ᠳᠤ ᠬᠠᠷᠢᠶᠠᠯᠠᠭᠤᠯᠵᠤ ᠳᠠᠷᠠᠭ᠎ᠠ ᠨᠢ ᠬᠤᠪᠢᠶᠠᠷᠢᠯᠠᠬᠤ︾ ᠠᠷᠭ᠎ᠠ ᠪᠠᠷᠢᠯ ᠢ‌‍ᠬᠡᠷᠡᠭᠵᠢᠭᠦᠯᠵᠦ᠂ ᠭᠤᠤᠯᠳᠠᠭᠤ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ᠂ ᠴᠡᠴᠡᠷᠯᠢᠭᠵᠢᠭᠦᠯᠦᠯᠲᠡ ᠶᠢ ᠪᠠᠲᠤᠯᠠᠬᠤ᠂ ᠠᠮᠤᠷ ᠢ ᠬᠠᠮᠠᠭᠠᠯᠠᠬᠤ᠂ ᠵᠠᠮ ᠬᠠᠮᠠᠭᠠᠯᠠᠬᠤ᠂ ᠣᠶ ᠰᠢᠭᠤᠶ ᠬᠠᠮᠠᠭᠠᠯᠠᠬᠤ᠂ ᠤᠰᠤ ᠬᠠᠮᠠᠭᠠᠯᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠪᠣᠢ ᠪᠣᠯᠭᠠᠬᠤ ᠳᠤ ᠬᠡᠷᠡᠭᠯᠡᠵᠦ᠂ ᠶᠠᠳᠠᠭᠤ ᠬᠦᠴᠢᠷᠳᠡᠯᠲᠡᠶ ᠬᠥᠮᠥᠰ ᠤᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠥᠬᠡᠶ᠂ ᠵᠡᠮᠳᠡᠭ᠂ ᠬᠦᠨᠳᠦ ᠡᠪᠡᠳᠴᠢᠨ ᠵᠡᠷᠭᠡ ᠬᠦᠴᠢᠷᠳᠡᠯᠲᠡᠶ ᠬᠥᠮᠦᠰ ᠲᠤ ᠵᠣᠬᠢᠰᠲᠠᠶ ᠨᠥᠬᠦᠪᠥᠷᠢ ᠥᠭᠴᠦ᠂ ᠦᠯᠡᠳᠡᠪᠦᠷᠢ ᠠᠰᠢᠭ ᠣᠷᠣᠯᠭ᠎ᠠ ᠶᠢ ᠭᠠᠴᠠᠭ᠎ᠠ ᠲᠣᠰᠬᠤᠨ ᠤ ᠳᠣᠲᠣᠷᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠦᠢᠯᠡᠰ ᠤᠨ ᠪᠥᠲᠥᠭᠡᠨ ᠪᠠᠶᠢᠭᠤᠯᠤᠯᠲᠠ ᠪᠠ ᠥᠷᠭᠡᠳᠬᠡᠨ ᠨᠥᠬᠦᠨ ᠦᠢᠯᠡᠳᠪᠦᠷᠢᠯᠡᠬᠦ ᠳᠤ ᠬᠡᠷᠡᠭᠵᠢᠭᠦᠯᠦᠨ᠎ᠡ᠃             ᠲᠦᠷᠪᠡ᠂ ᠬᠢᠨᠠᠯᠲᠠ ᠲᠠᠯᠪᠢᠬᠤ ᠪᠠ ᠪᠠᠶᠢᠴᠠᠭᠠᠬᠤ᠃             ᠶᠠᠳᠠᠭᠤᠰ ᠢ ᠲᠡᠳᠬᠦᠬᠦ ᠡᠳ᠋ ᠬᠥᠷᠥᠩᠭᠡ ᠳᠤ ᠬᠥᠳᠡᠯᠦᠩᠭᠦᠶ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠲᠣᠭᠲᠠᠯᠴᠠᠭ᠎ᠠ ᠶᠢ ᠪᠠᠶᠢᠭᠤᠯᠵᠤ᠂ ᠶᠠᠳᠠᠭᠤᠰ ᠢ ᠲᠡᠳᠬᠦᠬᠦ᠂ ᠡᠳ᠋ ᠤᠨ ᠵᠠᠰᠠᠭ᠂ ᠬᠤᠯᠪᠣᠭᠳᠠᠬᠤ ᠰᠠᠯᠠᠭ᠎ᠠ ᠮᠥᠴᠢᠷ ᠤᠳ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠪᠠᠯᠭᠠᠰᠤᠨ ᠤ ᠵᠠᠰᠠᠭ ᠤᠨ ᠣᠷᠳᠣᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠨ᠎ᠠ᠃ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠠᠴᠠ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠡᠳ᠋ ᠤᠨ ᠵᠠᠰᠠᠭ ᠤᠨ ᠭᠠᠵᠠᠷ ᠵᠡᠷᠭᠡ ᠬᠤᠯᠪᠣᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠭᠦᠢᠴᠡᠳᠬᠡᠵᠦ᠂ ᠬᠠᠮᠢᠶᠠᠷᠤᠯᠲᠠ ᠶᠢᠨ ᠲᠤᠷᠰᠢᠯᠭ᠎ᠠ ᠪᠠᠨ ᠳ᠋ᠦᠩᠨᠡᠨ᠂ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠰᠠᠭᠤᠳᠠᠯ ᠢ ᠬᠡᠨ ᠳᠠᠷᠤᠢ ᠳᠤᠨᠢ ᠵᠣᠬᠢᠴᠠᠭᠤᠯᠤᠨ᠎ᠠ᠃                               ᠲᠠᠶᠢᠯᠤᠮᠵᠢ ᠬᠢᠭᠰᠡᠨ ᠨᠢᠭᠡᠴᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ             ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ       ︽ᠪᠠᠶᠠᠨᠬᠤᠲᠠ ᠪᠠᠯᠭᠠᠰᠤ ᠶᠢᠨ ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠵᠠᠷᠯᠠᠨ ᠨᠡᠶᠢᠲᠡᠯᠡᠬᠦ ᠲᠤᠬᠠᠶ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ                                     ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号