| | ᠨᠢᠭᠡ᠂ ᠪᠣᠳᠣᠯᠭ᠎ᠠ ᠶᠢ ᠲᠣᠭᠲᠠᠭᠠᠭᠰᠠᠨ ᠨᠥᠬᠦᠴᠡᠯ ᠪᠠᠶᠢᠳᠠᠯ | | ᠶᠠᠳᠠᠭᠤᠷᠠᠯ ᠠᠴᠠ ᠠᠩᠭᠢᠵᠢᠷᠠᠭᠤᠯᠬᠤ ᠪᠣᠱᠤᠭ᠎ᠠ ᠶᠢ ᠳᠠᠪᠠᠭ᠋ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠪᠣᠢ ᠪᠣᠯᠭᠠᠬᠤ ᠪᠠ | ᠬᠠᠮᠢᠶᠠᠷᠴᠤ ᠵᠣᠬᠢᠴᠠᠭᠤᠯᠬᠤ ᠲᠦᠷ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠠᠯᠪᠠᠨ ᠲᠠᠷᠬᠠᠭᠠᠭᠰᠠᠨ ︹ | 2020 ︺ 31 ᠳ᠋ᠦ᠋ᠭᠡᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢ ᠪᠣᠢ ᠪᠣᠯᠭᠠᠵᠤ ᠶᠠᠳᠠᠭᠤᠷᠠᠯ ᠠᠴᠠ ᠠᠩᠭᠢᠵᠢᠷᠠᠭᠤᠯᠬᠤ ᠶᠢ ᠠᠬᠢᠭᠤᠯᠬᠤ ᠠᠵᠢᠯ ᠤᠨ | ᠬᠡᠷᠡᠭᠵᠢᠭᠦᠯᠬᠦ ᠲᠥᠰᠦᠯ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2020 ︺ 17 ᠳ᠋ᠤᠭᠠᠷ | ᠲᠣᠭᠠᠲᠤ︶ ᠢ ᠦᠨᠳᠦᠰᠦᠯᠡᠪᠡᠯ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠠᠵᠢᠯ ᠤᠨ | ᠬᠠᠮᠲᠤ ᠶᠢᠨ ᠬᠦᠴᠦᠨ ᠢ ᠪᠦᠷᠢᠯᠳᠦᠭᠦᠯᠵᠦ᠂ ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠬᠢᠭᠡᠳ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠨᠠᠷᠢᠯᠢᠭ ᠣᠨᠣᠴᠠᠲᠠᠶ ᠪᠠᠷ ᠬᠠᠷᠢᠯᠴᠠᠭ᠎ᠠ | ᠬᠤᠯᠪᠣᠭ᠎ᠠ ᠶᠢ ᠰᠠᠶᠢᠲᠤᠷ ᠭᠦᠢᠴᠡᠳᠬᠡᠵᠦ᠂ ᠶᠠᠳᠠᠭᠤ ᠬᠦᠴᠢᠷᠳᠡᠯᠲᠡᠶ ᠬᠥᠮᠥᠰ ᠤᠨ ᠳᠣᠲᠣᠭᠠᠳᠤ ᠶᠢᠨ ᠬᠥᠳᠡᠯᠭᠡᠬᠦ | ᠬᠦᠴᠦᠨ ᠢ ᠬᠥᠭᠵᠢᠭᠡᠨ᠂ ᠶᠠᠳᠠᠭᠤᠷᠠᠯ ᠠᠴᠠ ᠲᠣᠭᠲᠠᠭᠤᠨ ᠠᠩᠭᠢᠵᠢᠷᠠᠭᠤᠯᠬᠤ ᠰᠠᠭᠤᠷᠢ ᠶᠢ ᠪᠠᠬᠢᠵᠢᠭᠦᠯᠵᠦ᠂ | ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ | ᠬᠠᠮᠢᠶᠠᠷᠤᠯᠲᠠ ᠶᠢ ᠤᠯᠠᠮ ᠠᠬᠢᠭᠤᠯᠤᠨ ᠵᠢᠷᠤᠮᠵᠢᠭᠤᠯᠤᠨ᠂ ᠮᠠᠨ ᠤ ᠪᠠᠯᠭᠠᠰᠤᠨ ᠤ ᠪᠣᠳᠠᠲᠤ ᠨᠥᠬᠦᠴᠡᠯ ᠪᠠᠶᠢᠳᠠᠯ ᠲᠠᠢ | ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | | ᠬᠤᠶᠠᠷ᠂ ᠶᠠᠭᠤ ᠶᠢ ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ | ᠭᠡᠬᠦ ᠪᠤᠢ︖ | | ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠣᠯ ︽ | ᠨᠤᠲᠤᠭ ᠠᠴᠠ ᠪᠠᠨ ᠰᠠᠯᠵᠤ ᠳᠡᠶᠢᠯᠬᠦ ᠥᠬᠡᠶ᠂ ᠲᠡᠳᠬᠦᠬᠦ ᠠᠵᠢᠯ ᠥᠬᠡᠶ᠂ ᠶᠠᠳᠠᠭᠤᠷᠠᠯ ᠠᠴᠠ ᠠᠩᠭᠢᠵᠢᠷᠠᠭᠤᠯᠬᠤ | ᠴᠢᠳᠠᠯ ᠥᠬᠡᠶ︾ ᠮᠥᠷᠲᠡᠭᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠢ | ᠡᠭᠦᠷᠭᠡᠯᠡᠵᠦ ᠳᠡᠶᠢᠯᠬᠦ ᠴᠢᠳᠠᠪᠤᠷᠢ ᠲᠠᠢ ᠪᠥᠭᠡᠳ ᠲᠤᠬᠠᠶ ᠶᠢᠨ ᠭᠠᠵᠠᠷ ᠬᠡᠷ ᠣᠶᠢᠷ᠎ᠠ ᠬᠠᠪᠢ ᠳᠠᠭᠠᠨ ᠠᠵᠢᠯ ᠤᠯᠬᠤ | ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠶᠢᠨ ᠬᠦᠴᠦᠨ ᠢ ᠲᠥᠪᠬᠢᠨᠡᠭᠦᠯᠬᠦ ᠪᠠᠷ ᠭᠤᠤᠯ | ᠵᠣᠷᠢᠯᠭ᠎ᠠ ᠪᠣᠯᠭᠠᠭᠰᠠᠨ᠂ ᠨᠡᠶᠢᠭᠡᠮ ᠳᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠠᠰᠢᠭ | ᠬᠤᠨᠵᠢᠪᠣᠷᠢ ᠶᠢᠨ ᠪᠤᠰᠤ ᠴᠢᠨᠠᠷᠲᠠᠶ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠪᠣᠯᠤᠨ᠎ᠠ᠃ | | ᠭᠤᠷᠪᠠ᠂ ᠠᠵᠢᠯᠲᠠᠨ ᠢ ᠰᠣᠩᠭᠤᠨ ᠤᠷᠢᠬᠤ ᠬᠡᠪᠴᠢᠶ᠎ᠡ | | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠬᠡᠷ ᠲᠡᠭᠡᠨ ᠬᠤᠴᠣᠷᠤᠭᠰᠠᠨ ᠮᠠᠯᠵᠢᠬᠤ | ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠳᠣᠲᠣᠷᠠᠬᠢ ᠠᠵᠢᠯ ᠤᠯᠬᠤ ᠬᠦᠰᠡᠯ ᠲᠠᠢ᠂ | ᠰᠢᠯᠵᠢᠵᠦ ᠠᠵᠢᠯ ᠤᠯᠬᠤ ᠴᠢᠳᠠᠪᠤᠷᠢ ᠥᠬᠡᠶ᠂ ᠡᠵᠡᠩᠨᠡᠬᠦ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠥᠬᠡᠶ | ᠬᠠᠤᠯᠢ ᠪᠠᠷ ᠵᠢᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠤᠷᠢᠳᠠᠪᠠᠷ ᠲᠥᠪᠬᠢᠨᠡᠭᠦᠯᠵᠦ᠂ ᠬᠥᠳᠡᠯᠮᠦᠷᠢᠯᠡᠬᠦ ᠴᠢᠳᠠᠪᠤᠷᠢ ︵ᠬᠥᠳᠡᠯᠮᠦᠷᠢᠯᠡᠬᠦ | ᠴᠢᠳᠠᠪᠤᠷᠢ ᠪᠠᠨ ᠠᠯᠳᠠᠭᠰᠠᠨ︶ ᠥᠬᠡᠶ ᠪᠣᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ | ᠳᠣᠭᠢᠷᠠᠭᠤᠯᠵᠤ ᠪᠣᠯᠬᠤ ᠥᠬᠡᠶ᠃ ᠡᠯ᠎ᠡ ᠭᠠᠴᠠᠭ᠎ᠠ ᠲᠣᠰᠬᠤᠨ ᠨᠢ ᠶᠠᠳᠠᠭᠤ ᠬᠦᠴᠢᠷᠳᠡᠯᠲᠡᠶ ᠬᠥᠮᠥᠰ ᠤᠨ | ᠬᠥᠳᠡᠯᠮᠦᠷᠢᠯᠡᠬᠦ ᠴᠢᠳᠠᠪᠤᠷᠢ ᠶᠢᠨ ᠪᠠᠶᠢᠳᠠᠯ ᠢ ᠦᠨᠳᠦᠰᠦᠯᠡᠨ᠂ ᠬᠠᠤᠯᠢ ᠪᠠᠷ ᠵᠢᠭᠠᠭᠰᠠᠨ ᠬᠥᠳᠡᠯᠮᠦᠷᠢᠯᠡᠬᠦ ᠨᠠᠰᠤ ᠠᠴᠠ | ᠬᠡᠲᠦᠷᠡᠭᠰᠡᠳ ᠢ ᠪᠠᠯᠭᠠᠰᠤ᠂ ᠲᠣᠰᠬᠤᠨ ᠤ ᠬᠤᠶᠠᠷ ᠱᠠᠲᠤᠨ ᠤ ᠬᠢᠨᠠᠨ ᠲᠣᠭᠲᠠᠭᠠᠵᠤ ᠰᠤᠳᠤᠯᠤᠨ ᠮᠠᠭᠠᠳᠯᠠᠬᠤ ᠪᠠᠷ | ᠳᠡᠮᠵᠢᠨ᠂ ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ | ᠡᠭᠦᠷᠭᠡᠯᠡᠵᠦ ᠳᠡᠶᠢᠯᠬᠦ ᠶᠢ ᠨᠢ ᠪᠦᠬᠦᠯᠢ 70 ᠨᠠᠰᠤ ᠬᠦᠷᠲᠡᠯ᠎ᠡ ᠠᠭᠤᠵᠢᠭᠤ ᠲᠠᠯᠪᠢᠵᠤ ᠪᠣᠯᠤᠨ᠎ᠠ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠨᠢᠭᠡ ᠬᠥᠮᠦᠨ ᠤᠯᠠᠨ ᠠᠵᠢᠯ ᠤᠨ ᠪᠠᠶᠢᠷᠢ᠂ ᠨᠢᠭᠡ ᠠᠵᠢᠯ ᠤᠨ | ᠪᠠᠶᠢᠷᠢ ᠳᠤ ᠤᠯᠠᠨ ᠬᠥᠮᠦᠨ ᠲᠣᠬᠢᠷᠠᠭᠤᠯᠬᠤ ᠶᠢ ᠵᠥᠪᠰᠢᠶᠡᠷᠡᠬᠦ ᠦᠭᠡᠢ᠃ | | ᠲᠦᠷᠪᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠡᠷᠬᠢᠯᠡᠭᠰᠡᠳ ᠤᠨ | ᠬᠠᠮᠢᠶᠠᠷᠤᠯᠲᠠ | | ︽ᠬᠡᠨ ᠬᠥᠮᠦᠨ ᠬᠡᠷᠡᠭᠯᠡᠪᠡᠯ ᠬᠡᠨ ᠬᠠᠮᠢᠶᠠᠷᠴᠤ ᠵᠣᠬᠢᠴᠠᠭᠤᠯᠬᠤ︾ ᠵᠠᠷᠴᠢᠮ ᠤᠨ ᠶᠣᠰᠣᠭᠠᠷ᠂ ᠶᠠᠳᠠᠭᠤᠰ ᠢ | ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠤᠬᠠᠶᠢᠯᠠᠭᠰᠠᠨ ᠠᠵᠢᠯ᠂ ᠡᠳᠦᠷ | ᠲᠤᠳᠤᠮ ᠤᠨ ᠠᠵᠢᠯ ᠢ ᠠᠵᠢᠯ ᠣᠯᠭᠤᠭᠴᠢ ᠨᠢᠭᠡᠴᠢ ᠠᠴᠠ ᠬᠠᠷᠢᠭᠤᠴᠠᠨ ᠬᠠᠮᠢᠶᠠᠷᠴᠤ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠲᠣᠬᠢᠷᠠᠭᠤᠯᠤᠭᠰᠠᠨ ᠬᠥᠮᠦᠰ ᠤᠨ ᠵᠢᠯ ᠤᠨ ᠡᠴᠦᠰ ᠤᠨ ᠬᠢᠨᠠᠨ | ᠦᠨᠡᠯᠡᠯᠲᠡ ᠶᠢ ᠪᠠᠯᠭᠠᠰᠤᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ᠂ ᠠᠵᠢᠯ ᠣᠯᠭᠤᠭᠴᠢ | ᠨᠢᠭᠡᠴᠢ ᠨᠦᠭᠦᠳ ᠰᠢᠯᠭᠠᠨ ᠦᠨᠡᠯᠡᠬᠦ ᠦᠨᠳᠦᠰᠦᠯᠡᠯ ᠶᠢ ᠬᠠᠩᠭᠠᠨ᠎ᠠ᠃ ᠠᠵᠢᠯ ᠤᠨ ᠪᠠᠶᠢᠷᠢ ᠳᠤ ᠭᠠᠷᠬᠤ ᠬᠥᠮᠦᠰ ᠢ | ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠰᠤᠷᠭᠠᠯᠲᠠ ᠶᠢ ᠵᠣᠬᠢᠶᠠᠨ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ | ᠲᠥᠷᠥ ᠶᠢᠨ ᠪᠣᠳᠣᠯᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ | ᠂ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠶᠢᠨ ᠮᠡᠳᠡᠯᠭᠡ᠂ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ | ᠠᠷᠭ᠎ᠠ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠣᠯᠪᠠᠰᠤᠷᠠᠭᠤᠯᠵᠤ᠂ ᠠᠵᠢᠯ ᠣᠯᠭᠤᠭᠴᠢ ᠨᠢᠭᠡᠴᠢ ᠬᠢᠭᠡᠳ | ᠠᠵᠢᠯ ᠤᠨ ᠪᠠᠶᠢᠷᠢ ᠳᠤ ᠭᠠᠷᠬᠤ ᠬᠥᠮᠦᠰ ᠦᠢᠯᠡᠴᠢᠯᠡᠭᠡᠨ ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ | ᠡᠭᠦᠷᠭᠡ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ | ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ᠂ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠵᠡᠷᠭᠡ | ᠠᠭᠤᠯᠭ᠎ᠠ ᠶᠢ ᠲᠣᠳᠣᠷᠬᠠᠶᠢᠯᠠᠵᠤ᠂ ᠵᠥᠪᠳᠡᠯᠴᠡᠬᠡᠷ ᠲᠤ ᠵᠢᠯ ᠳᠤ ᠨᠢᠭᠡ ᠤᠳᠠᠭ᠎ᠠ ᠭᠠᠷ ᠤᠨ ᠥᠰᠥᠭ ᠵᠢᠷᠤᠵᠤ᠂ ᠬᠢᠨᠠᠨ | ᠦᠨᠡᠯᠡᠯᠲᠡ ᠳᠤ ᠬᠢᠷᠢ ᠲᠡᠩᠴᠡᠭᠰᠡᠨ᠂ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠵᠦ ᠳᠡᠶᠢᠯᠬᠦ ᠴᠢᠳᠠᠪᠤᠷᠢ ᠲᠠᠢ | ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠪᠣᠳᠠᠲᠠᠶ ᠬᠡᠷᠡᠭᠴᠡᠭᠡ ᠪᠠᠨ ᠦᠨᠳᠦᠰᠦᠯᠡᠨ | ᠳᠠᠷᠠᠭᠠᠯᠠᠯ ᠢᠶᠠᠷ ᠦᠷᠭᠦᠯᠵᠢᠯᠡᠨ ᠤᠷᠢᠨ ᠲᠣᠮᠢᠯᠠᠵᠤ ᠪᠣᠯᠤᠨ᠎ᠠ᠃ ᠶᠠᠳᠠᠭᠤᠰ ᠢ ᠲᠡᠳᠬᠦᠬᠦ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠱᠠᠭᠠᠷᠳᠠᠭᠳᠠᠬᠤ ᠨᠥᠬᠦᠪᠥᠷᠢ ᠶᠢᠨ ᠪᠠᠯᠠ ᠮᠥᠩᠭᠦ ᠶᠢ ᠬᠡᠷᠡᠯ | ᠴᠡᠨᠡᠭ ᠢᠶᠠᠷ ᠶᠠᠳᠠᠭᠤᠰ ᠢ ᠲᠡᠳᠬᠦᠬᠦ ᠴᠠᠬᠢᠯᠭᠠᠨ ᠥᠷᠲᠡᠭᠡᠨ ᠤ ᠠᠰᠢᠭ ᠣᠷᠣᠯᠭ᠎ᠠ᠂ ᠡᠳ᠋ ᠤᠨ ᠵᠠᠰᠠᠭ ᠤᠨ ᠪᠠᠯᠠ | ᠮᠥᠩᠭᠦ ᠵᠡᠷᠭᠡ ᠠᠴᠠ ᠭᠠᠷᠭᠠᠵᠤ᠂ ᠠᠵᠢᠯ ᠣᠯᠭᠤᠭᠴᠢ ᠨᠢᠭᠡᠴᠢ ᠨᠢ ᠪᠠᠶᠢᠳᠠᠯ ᠢ ᠦᠵᠡᠵᠦ ᠪᠠᠶᠢᠭᠠᠳ ᠲᠥᠪᠬᠢᠨᠡᠭᠦᠯᠬᠦ | ᠬᠥᠮᠦᠰ ᠲᠤ ᠰᠠᠨᠠᠭᠠᠨ ᠳᠤ ᠥᠬᠡᠶ ᠭᠡᠮᠲᠦᠯ ᠤᠨ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠭᠦᠨ᠎ᠡ᠃ | ᠴᠠᠯᠢᠩ ᠬᠥᠯᠥᠰᠦᠨ ᠤ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1500 ᠲᠥᠭᠦᠷᠢᠭ ᠢᠶᠠᠷ ᠬᠡᠷᠡᠭᠵᠢᠭᠦᠯᠵᠦ᠂ | ᠤᠷᠢᠨ ᠬᠡᠷᠡᠭᠯᠡᠬᠦ ᠬᠤᠭᠤᠴᠠᠭ᠎ᠠ ᠨᠢ 2 ᠵᠢᠯ ᠪᠣᠯᠤᠨ᠎ᠠ᠂ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠡᠳ᠋ ᠤᠨ | ᠵᠠᠰᠠᠭ ᠠᠴᠠ ᠨᠥᠬᠦᠪᠥᠷᠢ ᠶᠢ ᠵᠣᠭᠰᠣᠭᠠᠵᠤ᠂ ᠠᠵᠢᠯ ᠤᠨ ᠪᠠᠶᠢᠷᠢ ᠳᠤ ᠦᠷᠭᠦᠯᠵᠢᠯᠡᠨ ᠤᠷᠢᠬᠤ ᠱᠠᠭᠠᠷᠳᠠᠯᠭ᠎ᠠ ᠲᠠᠢ᠂ | ᠦᠷᠭᠦᠯᠵᠢᠯᠡᠨ ᠤᠷᠢᠭᠳᠠᠭᠰᠠᠳ ᠤᠨ ᠴᠠᠯᠢᠩ ᠬᠥᠯᠥᠰᠦ ᠶᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ︵ | ᠶᠠᠳᠠᠭᠤᠰ ᠢ ᠲᠡᠳᠬᠦᠬᠦ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠪᠠᠯᠠ ᠮᠥᠩᠭᠦ ᠪᠠᠭᠲᠠᠨ᠎ᠠ︶ ᠶᠢᠨ | ᠳᠣᠲᠣᠷ᠎ᠠ ᠠᠴᠠ ᠭᠠᠷᠭᠠᠪᠠ᠃ ᠴᠠᠯᠢᠩ ᠣᠯᠭᠤᠬᠤ ᠳᠤ ᠠᠵᠢᠯ ᠣᠯᠭᠤᠭᠴᠢ ᠨᠢᠭᠡᠴᠢ ︽ᠪᠦᠬᠦᠨ ᠳᠤ ᠳᠣᠭᠢᠷᠠᠬᠤ | ᠺᠠᠷᠲ︾ ᠢᠶᠠᠷ ᠳᠠᠮᠵᠢᠭᠤᠯᠵᠤ᠂ ᠨᠡᠶᠢᠭᠡᠮ ᠤᠨ ᠳᠠᠭᠠᠳᠬᠠᠯ ᠤᠨ ᠺᠠᠷᠲ ᠪᠤᠶᠤ ᠪᠠᠩᠬᠢ ᠶᠢᠨ ᠺᠠᠷᠲ ᠢᠶᠠᠷ ᠰᠠᠷ᠎ᠠ ᠪᠠᠷ | ᠪᠤᠳᠤᠵᠤ ᠣᠯᠭᠤᠨ᠎ᠠ᠃ | | ᠲᠠᠪᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠬᠠᠮᠢᠶᠠᠷᠤᠯᠲᠠ ᠶᠢᠨ | ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠠᠴᠠ ᠬᠤᠯᠪᠣᠭᠳᠠᠬᠤ ᠬᠥᠮᠦᠰ ᠤᠨ ᠬᠠᠷᠢᠭᠤᠴᠠᠯᠭ᠎ᠠ ᠶᠢ ᠬᠡᠷᠬᠢᠨ | ᠬᠠᠷᠢᠭᠤᠴᠠᠯᠭ᠎ᠠ ᠲᠣᠭᠠᠴᠠᠬᠤ ᠪᠤᠢ︖ | | 1᠂ ᠠᠵᠢᠯᠯᠠᠬᠤ ᠴᠠᠭ ᠢ ᠴᠢᠩᠭ᠎ᠠ ᠵᠢᠷᠤᠮᠯᠠᠨ᠂ ᠠᠵᠢᠯ ᠤᠨ ᠪᠠᠶᠢᠷᠢ ᠳᠤ ᠭᠠᠷᠤᠭᠰᠠᠨ ᠬᠤᠭᠤᠴᠠᠭᠠᠨ ᠳᠤ | ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠵᠤ ᠪᠣᠯᠬᠤ ᠥᠬᠡᠶ︔ ᠠᠵᠢᠯ ᠤᠨ ᠪᠠᠶᠢᠷᠢ ᠪᠠᠨ ᠬᠠᠶᠢᠷᠠᠯᠠᠨ | ᠠᠵᠢᠯ ᠦᠢᠯᠡᠰ ᠢᠶᠠᠨ ᠳᠡᠭᠡᠳᠦᠯᠡᠵᠦ᠂ ᠬᠠᠷᠢᠭᠤᠴᠠᠯᠭ᠎ᠠ ᠶᠢᠨ ᠳᠣᠲᠣᠷᠠᠬᠢ ᠠᠵᠢᠯ ᠳᠠᠭᠠᠨ ᠨᠠᠷᠢᠨ ᠬᠢᠨᠠᠮᠠᠭᠠᠶ | ᠬᠠᠷᠢᠭᠤᠴᠠᠵᠤ᠂ ᠨᠡᠯᠢᠶᠡᠳ ᠴᠢᠩᠭ᠎ᠠ ᠠᠵᠢᠯ ᠦᠢᠯᠡᠰ ᠲᠡᠭᠡᠨ ᠵᠢᠳᠬᠦᠬᠦ ᠰᠡᠳᠬᠢᠯᠭᠡ ᠪᠠ ᠬᠠᠷᠢᠭᠤᠴᠠᠯᠭᠠᠲᠤ | ᠰᠡᠳᠬᠢᠯᠭᠡ ᠲᠠᠢ ᠪᠠᠶᠢᠬᠤ ᠬᠡᠷᠡᠭᠲᠡᠢ︔ ᠡᠯ᠎ᠡ ᠲᠥᠷᠥᠯ ᠤᠨ ᠳᠦᠷᠢᠮ ᠲᠣᠭᠲᠠᠭᠠᠯ ᠢ ᠰᠠᠶᠢᠲᠤᠷ ᠵᠢᠷᠤᠮᠯᠠᠨ ᠰᠠᠬᠢᠵᠤ᠂ | ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | | 2᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠳᠤ ᠭᠠᠷᠬᠤ ᠶᠢ | ᠰᠢᠯᠭᠠᠬᠤ ᠠᠵᠢᠯ ᠢ ᠠᠵᠢᠯ ᠣᠯᠭᠤᠭᠴᠢ ᠨᠢᠭᠡᠴᠢ ᠬᠠᠷᠢᠭᠤᠴᠠᠨ᠎ᠠ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠠᠵᠢᠯᠲᠠᠨ ᠬᠥᠳᠡᠯᠮᠦᠷᠢ ᠶᠢᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠠᠵᠢᠯ ᠳᠤ | ᠭᠠᠷᠬᠤ ᠶᠢ ᠰᠢᠯᠭᠠᠬᠤ ᠬᠠᠮᠢᠶᠠᠷᠤᠯᠲᠠ ᠶᠢᠨ ᠲᠦᠷᠢᠮ ᠢ ᠪᠠᠷᠢᠮᠲᠠᠯᠠᠨ᠎ᠠ ︵ᠰᠠᠷ᠎ᠠ ᠪᠦᠷᠢ ᠪᠦᠬᠦᠯᠢ ᠠᠵᠢᠯ ᠢᠶᠠᠷ | ᠠᠵᠢᠯᠯᠠᠪᠠᠯ 22 ᠡᠳᠦᠷ ᠪᠣᠯᠤᠨ᠎ᠠ︶᠄ | | ⑴ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠳᠦᠷᠢᠮ᠃ ᠲᠣᠭᠲᠠᠭᠰᠠᠨ ᠠᠵᠢᠯᠯᠠᠬᠤ ᠴᠠᠭ ᠲᠤ | ᠭᠠᠷ ᠤᠨ ᠦᠰᠦᠭ ᠵᠢᠷᠤᠭᠰᠠᠨ ᠦᠭᠡᠢ ᠪᠣᠯ ᠬᠤᠵᠢᠮᠳᠠᠭᠰᠠᠨ ᠳᠤ ᠲᠣᠭᠠᠴᠠᠭᠳᠠᠨ᠎ᠠ᠂ ᠠᠵᠢᠯᠯᠠᠬᠤ ᠴᠠᠭ ᠲᠤ | ᠵᠥᠪᠰᠢᠶᠡᠷᠡᠯ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠰᠠᠯᠵᠤ ᠶᠠᠪᠤᠭᠰᠠᠨ ᠢ ᠡᠷᠲᠡ ᠠᠵᠢᠯ ᠠᠴᠠ ᠪᠠᠨ ᠪᠠᠭᠤᠭᠰᠠᠨ | ᠪᠤᠶᠤ ᠠᠵᠢᠯ ᠤᠨ ᠪᠠᠶᠢᠷᠢ ᠠᠴᠠ ᠪᠠᠨ ᠰᠠᠯᠤᠭᠰᠠᠨ ᠳᠤ ᠲᠣᠭᠠᠴᠠᠭᠳᠠᠨ᠎ᠠ᠃ ᠬᠤᠵᠢᠭᠳᠠᠭᠰᠠᠨ᠂ ᠡᠷᠲᠡ | ᠠᠵᠢᠯ ᠠᠴᠠ ᠪᠠᠨ ᠭᠠᠷᠤᠭᠰᠠᠨ᠂ ᠠᠵᠢᠯ ᠠᠴᠠ ᠪᠠᠨ ᠬᠤᠶᠠᠷ ᠴᠠᠭ ᠠᠴᠠ ᠳᠡᠭᠡᠭᠰᠢ ᠠᠵᠢᠯ ᠠᠴᠠ ᠪᠠᠨ ᠰᠠᠯᠤᠭᠰᠠᠨ | ᠲᠣᠬᠢᠶᠠᠯᠳᠤᠯ ᠳᠤ ᠨᠢᠭᠡ ᠡᠳᠦᠷ ᠠᠵᠢᠯ ᠰᠠᠭᠠᠲᠠᠭᠰᠠᠨ ᠢᠶᠠᠷ ᠦᠵᠡᠨ᠎ᠡ︔ ᠠᠵᠢᠯ ᠰᠠᠭᠠᠲᠠᠭᠠᠳ ᠴᠢᠯᠥᠭᠡ ᠠᠪᠤᠭᠰᠠᠨ | ᠦᠭᠡᠢ ᠪᠤᠶᠤ ᠴᠢᠯᠥᠭᠡ ᠭᠤᠶᠤᠭᠠᠳ ᠵᠥᠪᠰᠢᠶᠡᠷᠡᠯ ᠣᠯᠤᠭᠰᠠᠨ ᠦᠭᠡᠢ ᠲᠣᠬᠢᠶᠠᠯᠳᠤᠯ ᠳᠤ᠂ ᠠᠵᠢᠯ ᠳᠤ ᠭᠠᠷᠤᠭᠰᠠᠨ | ᠦᠭᠡᠢ ᠶᠢ ᠠᠵᠢᠯ ᠰᠠᠭᠠᠲᠠᠭᠰᠠᠨ ᠢᠶᠠᠷ ᠦᠵᠡᠨ᠎ᠡ᠃ | | ︵2︶ ᠬᠡᠷᠡᠭ ᠤᠨ ᠴᠢᠯᠥᠭᠡᠨ ᠤ ᠳᠦᠷᠢᠮ᠃ ᠭᠤᠷᠪᠠᠨ ᠡᠳᠦᠷ ᠤᠨ ᠳᠣᠲᠣᠷ᠎ᠠ ︵ᠭᠤᠷᠪᠠᠨ ᠡᠳᠦᠷ ᠢ | ᠪᠠᠭᠲᠠᠭᠠᠨ᠎ᠠ︶ ᠠᠵᠢᠯ ᠣᠯᠭᠤᠭᠴᠢ ᠨᠢᠭᠡᠴᠢ ᠠᠴᠠ ᠴᠢᠯᠥᠭᠡ ᠭᠤᠶᠤᠪᠠᠯ᠂ ᠵᠥᠪᠰᠢᠶᠡᠷᠡᠯ ᠣᠯᠤᠭᠰᠠᠨ ᠤ ᠳᠠᠷᠠᠭ᠎ᠠ | ᠰᠠᠶ᠋ᠢ ᠴᠢᠯᠥᠭᠡ ᠶᠢ ᠨᠢ ᠵᠥᠪᠰᠢᠶᠡᠷᠡᠵᠦ ᠪᠣᠯᠤᠨ᠎ᠠ︔ ᠭᠤᠷᠪᠠᠨ ᠡᠳᠦᠷ ᠠᠴᠠ ᠳᠡᠭᠡᠭᠰᠢ ᠲᠣᠬᠢᠶᠠᠯᠳᠤᠯ ᠳᠤ | ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠴᠢᠯᠥᠭᠡ ᠶᠢ ᠨᠢ ᠵᠥᠪᠰᠢᠶᠡᠷᠡᠵᠦ ᠪᠣᠯᠤᠨ᠎ᠠ᠃ ᠡᠰᠡ ᠲᠡᠭᠡᠪᠡᠯ ᠠᠵᠢᠯ | ᠰᠠᠭᠠᠲᠠᠭᠰᠠᠨ ᠢᠶᠠᠷ ᠰᠢᠢᠳᠪᠦᠷᠢᠯᠡᠨ᠎ᠡ᠃ | | ︵3︶ ᠡᠪᠡᠳᠴᠢᠨ ᠤ ᠴᠢᠯᠥᠭᠡ ᠶᠢᠨ ᠳᠦᠷᠢᠮ᠃ ᠲᠠᠪᠤᠨ ᠡᠳᠦᠷ ᠤᠨ ᠳᠣᠲᠣᠷ᠎ᠠ ︵ᠲᠠᠪᠤᠨ ᠡᠳᠦᠷ ᠢ | ᠪᠠᠭᠲᠠᠭᠠᠨ᠎ᠠ︶ ᠡᠮᠨᠡᠯᠭᠡ ᠶᠢᠨ ᠬᠤᠷᠢᠶᠠᠨ ᠤ ᠬᠤᠯᠪᠣᠭᠳᠠᠬᠤ ᠭᠡᠷᠡᠴᠢ ᠪᠠᠨ ᠠᠪᠴᠤ ᠠᠵᠢᠯ ᠣᠯᠭᠤᠭᠴᠢ ᠨᠢᠭᠡᠴᠢ ᠠᠴᠠ | ᠴᠢᠯᠥᠭᠡ ᠭᠤᠶᠤᠨ᠎ᠠ᠂ ᠵᠥᠪᠰᠢᠶᠡᠷᠡᠯ ᠣᠯᠤᠭᠰᠠᠨ ᠤ ᠳᠠᠷᠠᠭ᠎ᠠ ᠰᠠᠶ᠋ᠢ ᠴᠢᠯᠥᠭᠡ ᠵᠥᠪᠰᠢᠶᠡᠷᠡᠵᠦ ᠪᠣᠯᠤᠨ᠎ᠠ︔ ᠲᠠᠪᠤᠨ | ᠡᠳᠦᠷ ᠠᠴᠠ ᠳᠡᠭᠡᠭᠰᠢ ᠬᠤᠰᠢᠭᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠭᠡᠷᠡᠴᠢ ᠪᠠᠨ ᠠᠪᠴᠤ | ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠵᠦ᠂ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠨ | ᠬᠠᠮᠢᠶᠠᠷᠬᠤ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠴᠢᠯᠥᠭᠡ ᠶᠢ ᠨᠢ ᠵᠥᠪᠰᠢᠶᠡᠷᠡᠵᠦ ᠪᠣᠯᠤᠨ᠎ᠠ | ᠃ ᠡᠰᠡ ᠲᠡᠭᠡᠪᠡᠯ ᠠᠵᠢᠯ ᠰᠠᠭᠠᠲᠠᠭᠰᠠᠨ ᠢᠶᠠᠷ ᠰᠢᠢᠳᠪᠦᠷᠢᠯᠡᠨ᠎ᠡ᠃ | | ︵4︶ ᠤᠷᠤᠭ ᠤᠨ ᠴᠢᠯᠥᠭᠡ᠂ ᠪᠡᠯᠪᠡᠰᠦᠷᠡᠯ ᠤᠨ ᠴᠢᠯᠥᠭᠡ᠂ ᠬᠥᠩᠭᠡᠵᠢᠯᠲᠡ ᠶᠢᠨ ᠴᠢᠯᠥᠭᠡ ᠶᠢ | ᠤᠯᠤᠰ ᠠᠴᠠ ᠵᠢᠭᠠᠭᠰᠠᠨ ᠠᠮᠠᠷᠠᠯᠲᠠ ᠶᠢᠨ ᠬᠤᠭᠤᠴᠠᠭ᠎ᠠ ᠪᠠᠷ ᠭᠦᠢᠴᠡᠳᠬᠡᠨ᠎ᠡ᠃ | | 3᠂ ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ | ᠠᠵᠢᠯᠲᠠᠨ ᠳᠤ ᠳᠣᠤᠷᠠᠬᠢ ᠪᠠᠶᠢᠳᠠᠯ ᠤᠨ ᠨᠢᠭᠡ ᠨᠢ ᠲᠣᠬᠢᠶᠠᠯᠳᠤᠯ ᠳᠤ᠂ ᠳᠠᠷᠠᠭᠠᠯᠠᠯ ᠪᠠᠷ ᠬᠥᠳᠡᠯᠮᠦᠷᠢ ᠶᠢᠨ ᠭᠡᠷ᠎ᠡ ᠶᠢ | ᠬᠦᠴᠦᠨ ᠥᠬᠡᠶ ᠪᠣᠯᠭᠠᠬᠤ ᠶᠢᠨ ᠬᠠᠮᠲᠤ᠂ ᠪᠠᠯᠭᠠᠰᠤᠨ ᠤ ᠵᠠᠰᠠᠭ ᠤᠨ ᠣᠷᠳᠣᠨ ᠠᠴᠠ ᠬᠡᠨ ᠳᠠᠷᠤᠢ ᠳᠤᠨᠢ | ᠬᠤᠰᠢᠭᠤᠨ ᠱᠠᠲᠤᠨ ᠤ ᠬᠤᠯᠪᠣᠭᠳᠠᠬᠤ ᠰᠠᠯᠠᠭ᠎ᠠ ᠮᠥᠴᠢᠷ ᠲᠤ ᠮᠡᠳᠡᠭᠦᠯᠵᠦ ᠠᠵᠢᠯ ᠤᠨ ᠪᠠᠶᠢᠷᠢ ᠶᠢᠨ ᠨᠥᠬᠦᠪᠥᠷᠢ | ᠵᠢᠴᠢ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠣᠯᠭᠤᠬᠤ ᠶᠢ ᠵᠣᠭᠰᠣᠭᠠᠨ᠎ᠠ᠃ | | ︵1︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠳᠠᠨ ᠰᠠᠶᠢᠨ | ᠳᠤᠷ᠎ᠠ ᠠᠴᠠ ᠪᠠᠨ ᠬᠥᠳᠡᠯᠮᠦᠷᠢ ᠶᠢᠨ ᠭᠡᠷ᠎ᠡ ᠪᠤᠶᠤ ᠬᠥᠳᠡᠯᠮᠦᠷᠢ ᠦᠢᠯᠡᠴᠢᠯᠡᠭᠡ ᠶᠢᠨ ᠬᠡᠯᠡᠯᠴᠡᠭᠡᠷ ᠢ ᠴᠤᠴᠠᠯᠬᠤ ᠪᠠᠷ | ᠬᠦᠰᠡᠯᠲᠡ ᠭᠠᠷᠭᠠᠭᠰᠠᠨ︔ | | ︵2︶ ᠪᠤᠰᠤᠳ ᠠᠷᠭ᠎ᠠ ᠵᠠᠮ ᠢᠶᠠᠷ ᠨᠢᠭᠡᠨᠲᠡ ᠠᠵᠢᠯ ᠣᠯᠤᠭᠰᠠᠨ︔ | | ︵3︶ ᠨᠠᠰᠤ ᠪᠠᠷᠠᠭᠰᠠᠨ︔ | | ︵4︶ ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠤᠰᠢᠶᠠᠯ | ᠬᠠᠷᠢᠭᠤᠴᠠᠯᠭ᠎ᠠ ᠪᠠᠨ ᠡᠭᠦᠷᠭᠡᠯᠡᠵᠦ ᠳᠡᠶᠢᠯᠬᠦ ᠦᠭᠡᠢ ᠪᠠᠶᠢᠬᠤ︔ | | ︵5︶ ᠬᠠᠤᠯᠢ ᠶᠢ ᠬᠦᠨᠳᠦ ᠨᠣᠴᠢᠲᠠᠶ ᠵᠥᠷᠢᠴᠡᠨ ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ︔ | | ︵6︶ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠭᠳᠡᠭᠰᠡᠨ︔ | | | ︵7︶ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠠᠴᠠ ᠪᠣᠯᠵᠣ ᠶᠠᠳᠠᠭᠤᠰ ᠢ ᠲᠡᠳᠬᠦᠬᠦ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠠᠰᠤᠭᠰᠠᠨ ᠪᠤᠶᠤ ᠬᠦᠴᠦᠨ ᠥᠬᠡᠶ ᠪᠣᠯᠭᠠᠭᠰᠠᠨ︔ | | | ︵8︶ ᠦᠷᠭᠦᠯᠵᠢᠯᠡᠨ ᠠᠵᠢᠯᠯᠠᠬᠤ ᠳᠤ ᠲᠣᠬᠢᠷᠠᠮᠵᠢ ᠦᠭᠡᠢ ᠬᠠᠤᠯᠢ ᠪᠠᠷ ᠵᠢᠭᠠᠭᠰᠠᠨ ᠪᠤᠰᠤᠳ | ᠪᠠᠶᠢᠳᠠᠯ ᠤᠳ᠃ | | | | ᠲᠣᠰ ᠲᠠᠶᠢᠯᠤᠮᠵᠢ ᠶᠢᠨ ᠮᠠᠲ᠋ᠧᠷᠢᠶᠠᠯ ᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃ | | ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ᠄ | | | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ | ᠶᠠᠳᠠᠭᠤᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠪᠣᠢ ᠪᠣᠯᠭᠠᠬᠤ ᠪᠠ | ᠬᠠᠮᠢᠶᠠᠷᠴᠤ ᠵᠣᠬᠢᠴᠠᠭᠤᠯᠬᠤ ᠲᠦᠷ ᠬᠡᠷᠡᠭᠵᠢᠭᠦᠯᠬᠦ ᠠᠷᠭ᠎ᠠ ᠶᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |