ᠮᠤᠩᠭᠤᠯ ᠵᠢᠯᠤᠭᠤᠴᠢ ᠨᠠᠷ  ᠤᠨ ᠬᠠᠯᠠᠭᠤᠨ ᠰᠡᠳᠭᠢᠯ
ᠨᠡᠶᠢᠲᠡᠯᠡᠭᠰᠡᠨ ᠴᠠᠭ᠄
2021/7/1
ᠰᠡᠴᠡᠨᠪᠠᠳᠤ    ᠪᠠᠶᠠᠨᠬᠤᠳᠠ ᠳᠤ 800 ᠭᠠᠷᠤᠢ ᠲᠦᠷᠢᠶᠡᠰᠦᠨ ᠮᠠᠰᠢᠨ ᠠᠶᠠᠨᠴᠢᠳ ᠎ ᠲᠤ ᠦᠢᠯᠡᠴᠢᠯᠡᠳᠡᠭ ᠤᠨ ᠲᠤᠳᠤᠷ᠎ᠠ ᠵᠢᠷᠠᠭᠠᠳ ᠮᠤᠩᠭᠤᠯ ᠵᠢᠯᠤᠭᠤᠴᠢ ᠪᠠᠭᠳᠠᠵᠤ ᠪᠠᠶᠢᠳᠠᠭ᠃  
ᠲᠡᠳᠡ ᠰᠡᠳᠭᠢᠯ ᠨᠡᠶᠢᠯᠡᠵᠤ᠂ ᠦᠪᠡᠷ ᠤᠨ ᠰᠠᠶᠢᠨ ᠲᠤᠷ᠎ᠠ ᠠᠴᠠ ᠪᠠᠨ ᠵᠤᠭᠤᠰ ᠮᠦᠩᠭᠦ ᠬᠠᠨᠳᠢᠪᠯᠠᠨ᠂ ᠠᠯᠠᠱᠠ ᠵᠡᠭᠦᠨ ᠬᠤᠰᠢᠭᠤᠨ ᠤ ᠨᠠᠰᠤᠳᠠᠶᠢᠴᠤᠳ ᠢ ᠠᠰᠠᠷᠠᠨ ᠬᠠᠷᠠᠭᠠᠯᠵᠠᠬᠤ ᠲᠦᠪ ᠤᠨ 36 ᠪᠤᠭᠤᠷᠤᠯ ᠨᠠᠰᠤᠳᠠᠨ ᠪᠤᠯᠤᠨ 10 ᠠᠵᠢᠯᠳᠠᠨ ᠳᠤ ᠭᠤᠯᠢᠷ᠂ ᠲᠤᠳᠤᠷᠭ᠎ᠠ᠂ ᠲᠤᠰᠤ᠂ ᠦᠨᠢᠶᠡᠨ ᠰᠦ᠂ ᠪᠤᠤᠪᠤ ᠵᠢᠮᠢᠰ ᠬᠦᠷᠭᠡᠵᠤ᠂ ᠪᠤᠯᠭᠤᠭᠠᠨ ᠲᠤᠬᠤᠨᠢᠭᠤᠯᠵᠤ ᠪᠠᠶᠢᠭ᠎ᠠ ᠰᠡᠳᠭᠢᠯ ᠢᠶᠠᠨ ᠢᠯᠡᠳᠭᠡᠨ᠂ ᠡ᠊ᠨᠳᠡᠬᠢ ᠨᠠᠰᠤᠳᠠᠶᠢᠴᠤᠳ ᠲᠠᠢ ᠵᠤᠭᠤᠭ ᠶᠠᠷᠢᠯᠴᠠᠨ᠂ ᠲᠡᠳᠡᠨᠡᠷ ᠤᠨ ᠪᠡᠶ᠎ᠡ ᠶᠢᠨ ᠡᠷᠡᠭᠦᠯ ᠮᠡᠨᠳᠦ᠂ ᠠᠰᠠᠷᠠᠨ ᠬᠠᠷᠠᠭᠠᠯᠵᠠᠬᠤ ᠲᠦᠪ ᠲᠠᠬᠢ ᠠᠮᠢᠳᠤᠷᠠᠯ ᠤᠨ ᠪᠠᠶᠢᠳᠠᠯ ᠢ ᠦᠢᠯᠠᠭᠠᠬᠤ ᠶᠢᠨ ᠬᠠᠮᠳᠤ ᠠᠵᠢᠯᠳᠡᠨ ᠠᠴᠠ ᠨᠠᠰᠤᠳᠠᠶᠢᠴᠤᠳ ᠤᠨ ᠢᠳᠡᠵᠤ ᠤᠤᠭᠤᠬᠤ᠂ ᠬᠤᠨᠤᠵᠤ ᠰᠠᠭᠤᠬᠤ᠂ ᠭᠡᠷ  ᠲᠤᠯᠠᠭᠠᠯᠠᠭ᠎ᠠ᠂ ᠡᠮ ᠲᠠᠩ᠂ ᠡᠮᠴᠢ ᠰᠤᠪᠢᠯᠠᠬᠴᠢ᠂ ᠬᠤᠭᠤᠯᠠ ᠤᠮᠳᠠᠭᠠᠨ ᠤ ᠲᠤᠬᠢᠷᠠᠭᠤᠯᠭ᠎ᠠ ᠶᠢ ᠠᠰᠠᠭᠤᠨ ᠦᠢᠯᠠᠭᠠᠵᠤ᠂ ᠬᠠᠪᠰᠤᠷᠤᠯᠭ᠎ᠠ ᠲᠡᠮᠵᠢᠯᠭᠡ ᠶᠢᠨ ᠱᠠᠭᠠᠷᠳᠠᠯᠭ᠎ᠠ ᠲᠠᠢ ᠪᠠᠶᠢᠪᠠᠯ ᠰᠠᠨᠠᠯ ᠪᠤᠳᠤᠯ ᠢᠶᠠᠨ ᠶᠠᠷᠢᠵᠤ ᠪᠠᠶᠢᠬᠤ ᠶᠢ ᠨᠠᠶᠢᠳᠠᠵᠤ ᠪᠠᠶᠢᠯ᠎ᠠ᠃ ᠲᠤᠰ ᠲᠦᠪ ᠤᠨ ᠬᠠᠷᠢᠭᠤᠴᠠᠯᠭᠠᠳᠠᠨ ᠤ ᠲᠠᠨᠢᠯᠴᠠᠭᠤᠯᠬᠤ ᠪᠠᠷ᠂ 2019 ᠤᠨ ᠤ 1 ᠰᠠᠷ᠎ᠠ ᠶᠢᠨ 1᠎ ᠤ ᠡᠳᠦᠷ ᠠᠰᠢᠬᠯᠠᠯᠳᠠ ᠳᠤ ᠤᠷᠤᠵᠤ᠂ ᠨᠠᠰᠤᠳᠠᠶᠢᠴᠤᠳ ᠢ ᠠᠰᠠᠷᠠᠨ ᠬᠠᠷᠠᠭᠠᠯᠵᠠᠬᠤ ᠠᠵᠢᠯ ᠢᠶᠠᠨ ᠡᠬᠢᠯᠡᠭᠦᠯᠦᠭᠰᠡᠨ ᠠᠴᠠ ᠦᠨᠦᠳᠦᠷ ᠪᠤᠯᠬᠤ ᠳᠤ ᠪᠦᠬᠦᠯᠢ ᠬᠤᠶᠠᠷ ᠵᠢᠯ ᠤᠨ ᠨᠢᠭᠤᠷ ᠦᠵᠡᠵᠤ᠂ ᠤᠳᠤ 36 ᠨᠠᠰᠤᠳᠠᠨ ᠎ ᠢ ᠠᠰᠠᠷᠠᠨ ᠬᠠᠷᠠᠭᠠᠯᠵᠠᠵᠤ᠂ ᠤᠯᠠᠩᠬᠢ ᠨᠢ ᠵᠢᠷᠠ ᠲᠠᠯᠠᠨ ᠨᠠᠰᠤᠨ ᠠᠴᠠ ᠲᠡᠭᠡᠭᠰᠢ ᠪᠠᠶᠢᠵᠤ᠂ ᠨᠠᠰᠤ ᠪᠠᠷ ᠬᠠᠮᠤᠭ ᠦᠨᠳᠦᠷ ᠨᠢ 95 ᠬᠦᠷᠴᠦ᠂ ᠠᠰᠠᠷᠠᠨ ᠬᠠᠷᠠᠭᠠᠯᠵᠠᠬᠤ ᠰᠦᠢᠳᠭᠡᠯ ᠢ 1680 ᠲᠦᠭᠦᠷᠢᠭ ᠠᠴᠠ 2600 ᠲᠦᠭᠦᠷᠢᠭ ᠤᠨ ᠬᠤᠭᠤᠷᠤᠨᠳᠤ ᠠᠳᠠᠯᠢ ᠪᠤᠰᠤ ᠪᠠᠷᠢᠮᠵᠢᠶ᠎ᠠ ᠪᠠᠷ ᠬᠤᠷᠢᠶᠠᠳᠠᠭ᠂  ᠡ᠊ᠨᠳᠡ ᠪᠠᠶᠢᠭ᠎ᠠ ᠨᠠᠰᠤᠳᠠᠶᠢᠴᠤᠳ ᠤᠨ ᠤᠯᠠᠩᠬᠢ ᠨᠢ ᠭᠡᠷ ᠲᠡᠭᠡᠨ ᠠᠰᠠᠷᠠᠵᠤ ᠬᠠᠷᠠᠭᠠᠯᠵᠠᠭᠤᠯᠬᠤ ᠬᠦᠮᠦᠨ ᠪᠠᠶᠢᠬᠤ ᠦᠬᠡᠢ᠂ ᠦᠷ᠎ᠡ ᠬᠡᠤᠬᠡᠳ ᠨᠢ ᠠᠵᠢᠯ ᠦᠢᠯᠡᠰ ᠤᠨ ᠶᠠᠭᠠᠷᠠᠤ ᠠᠴᠠ ᠠᠰᠠᠷᠠᠵᠤ ᠲᠤᠳᠤᠮᠳᠠᠬᠤ ᠵᠠᠪ ᠴᠢᠯᠦᠭᠡ ᠪᠠᠶᠢᠬᠤ ᠦᠭᠡᠢ ᠪᠤᠶᠤ ᠦᠷ᠎ᠡ ᠬᠡᠤᠬᠡᠳ ᠨᠢ ᠭᠠᠳᠠᠷ ᠮᠤᠵᠢ ᠤᠷᠤᠨ ᠬᠤᠳᠠ ᠳᠤ ᠠᠵᠢᠯᠯᠠᠵᠤ ᠠᠮᠢᠳᠤᠷᠠᠳᠠᠭ ᠠᠴᠠ ᠡ᠊ᠨᠳᠡ ᠬᠦᠷᠭᠡᠵᠤ ᠢᠷᠡᠵᠡᠢ᠂ ᠮᠠᠨ ᠤ ᠲᠦᠪ ᠨᠢ ᠨᠠᠰᠤᠳᠠᠶᠢᠴᠤᠳ ᠤᠨ ᠪᠠᠶᠢᠳᠠᠯ ᠢ ᠵᠤᠬᠢᠴᠠᠭᠤᠯᠤᠨ ᠦᠷᠯᠦᠬᠡᠨ ᠤ ᠴᠠᠢ ᠠᠴᠠ ᠡᠳᠦᠷ ᠪᠦᠷᠢ ᠶᠢᠨ ᠭᠤᠷᠪᠠᠨ ᠡᠷᠡᠨ ᠤ ᠬᠤᠭᠤᠯᠠ ᠶᠢ ᠨᠠᠷᠢᠯᠢᠬ ᠲᠤᠬᠢᠷᠠᠭᠤᠯᠵᠤ᠂ ᠨᠡᠶᠢᠬᠡᠮ ᠲᠤᠭᠤᠷᠢᠬ ᠤᠨ ᠡᠮᠴᠢ ᠠᠵᠢᠯᠳᠠᠨ ᠪᠠᠶᠢᠩᠭᠤ ᠢᠷᠡᠵᠤ ᠪᠡᠶ᠎ᠡ ᠶᠢᠨ ᠪᠠᠶᠢᠴᠠᠭᠠᠯᠳᠠ ᠬᠢᠵᠤ ᠦᠭᠳᠡᠭ ᠭᠡᠪᠡ᠃
ᠪᠠᠶᠠᠨᠬᠤᠳᠠ ᠳᠤ ᠲᠦᠷᠢᠶᠡᠰᠦᠨ ᠮᠠᠰᠢᠨ ᠤ ᠦᠢᠯᠡᠴᠢᠯᠡᠭᠡ ᠬᠠᠩᠭᠠᠵᠤ ᠪᠠᠶᠢᠭ᠎ᠠ ᠵᠢᠷᠭᠠᠳ ᠮᠤᠩᠭᠤᠯ ᠵᠢᠯᠤᠭᠤᠴᠢ ᠨᠠᠷ ᠪᠤᠯ ᠪᠦᠬᠦ ᠠᠶᠢᠮᠠᠬ ᠤᠨ ᠡᠯ᠎ᠡ ᠬᠤᠰᠢᠭᠤ᠂ ᠰᠤᠮᠤ ᠪᠠᠯᠭᠠᠰᠤᠨ ᠠᠴᠠ ᠪᠠᠶᠠᠨᠬᠤᠳᠠ ᠳᠤ ᠨᠡᠭᠦᠵᠤ ᠢᠷᠡᠭᠰᠡᠨ ᠪᠤᠶᠤ ᠬᠤᠳᠠ ᠳᠤ ᠰᠤᠷᠤᠬᠴᠢ ᠬᠠᠷᠠᠵᠤ ᠰᠠᠭᠤᠭ᠎ᠠ ᠮᠠᠯᠴᠢᠳ ᠭᠤᠤᠯ ᠪᠠᠶᠢᠷᠢ ᠶᠢ ᠡᠵᠡᠯᠡᠵᠤ᠂ ᠲᠡᠳᠡ ᠡᠳᠡᠭᠡᠷ ᠵᠢᠯ ᠤᠳ ᠲᠤ ᠠᠮᠢᠳᠤᠷᠠᠯ ᠬᠦᠴᠢᠷᠳᠡᠯᠳᠡᠢ ᠭᠡᠷ ᠪᠦᠯᠢ᠂ ᠵᠡᠮᠳᠡᠭ ᠬᠦᠮᠦᠨ᠂ ᠰᠤᠷᠤᠬᠴᠢ᠂ ᠤᠶᠤᠳᠠᠨ ᠢ ᠲᠤᠰᠠᠯᠠᠵᠤ ᠲᠡᠮᠵᠢᠬᠦ᠂ ᠨᠠᠰᠤᠳᠠᠶᠢᠴᠤᠳ ᠢ ᠠᠰᠠᠷᠠᠵᠤ ᠬᠠᠷᠠᠭᠠᠯᠵᠠᠬᠤ ᠲᠦᠪ᠂ ᠠᠰᠠᠷᠠᠮᠵᠢ ᠶᠢᠨ ᠬᠦᠷᠢᠶᠡᠯᠡᠩ ᠵᠡᠷᠭᠡ ᠪᠠᠷ ᠬᠦᠷᠴᠦ ᠪᠤᠯᠭᠤᠭᠠᠨ ᠲᠤᠬᠤᠨᠢᠭᠤᠯᠬᠤ ᠶᠢᠨ ᠰᠠᠶᠢᠨ ᠲᠤᠷ᠎ᠠ ᠶᠢᠨ ᠠᠵᠢᠯᠯᠠᠭ᠎ᠠ ᠦᠷᠨᠢᠭᠦᠯᠵᠤ᠂ ᠨᠡᠶᠢᠬᠡᠮ ᠨᠡᠶᠢᠳᠡ ᠳᠤ ᠵᠦᠪ ᠡᠨᠧᠷᠬᠢ ᠲᠠᠮᠵᠢᠭᠤᠯᠬᠤ ᠳᠤ ᠦᠯᠢᠭᠡᠷ ᠲᠠᠭᠤᠷᠢᠶᠠᠯ ᠪᠤᠯᠵᠤ᠂ ᠤᠨᠴᠠᠭᠠᠢᠢᠯᠠᠨ ᠵᠢᠯ ᠪᠦᠷᠢ ᠶᠢᠨ ᠤᠯᠤᠰ ᠤᠨ ᠰᠢᠯᠭᠠᠯᠳᠠ᠂ ᠦᠨᠳᠦᠷ ᠲᠤᠮᠳᠠᠳᠤ ᠶᠢᠨ ᠰᠢᠯᠭᠠᠯᠳᠠ ᠳᠤ ᠤᠷᠤᠯᠴᠠᠵᠤ ᠪᠠᠶᠢᠭ᠎ᠠ ᠰᠤᠷᠤᠬᠴᠢᠳ ᠲᠤ ᠦᠨ᠎ᠡ ᠲᠦᠯᠦᠪᠦᠷᠢ ᠦᠭᠡᠢ ᠦᠢᠯᠡᠴᠢᠯᠡᠵᠤ᠂ ᠦᠷᠭᠡᠨ ᠤᠯᠠᠨ ᠰᠤᠷᠤᠬᠴᠢ᠂ ᠭᠡᠷ ᠤᠨ ᠠᠬᠠᠮᠠᠳ ᠤᠨ ᠬᠦᠷᠢᠶᠡᠯᠡᠯ ᠢ ᠤᠯᠵᠡᠢ᠃ ᠲᠡᠳᠡ ᠦᠢᠯᠡᠴᠢᠯᠡᠭᠡᠨ ᠤ ᠠᠵᠢᠯ ᠦᠢᠯᠡᠰ ᠡᠷᠬᠢᠯᠡᠬᠦ ᠵᠠᠷᠴᠢᠮ ᠢ ᠴᠢᠩᠭ᠎ᠠ ᠪᠠᠷᠢᠮᠳᠠᠯᠠᠨ ᠰᠠᠬᠢᠵᠤ᠂ ᠠᠶᠠᠨᠴᠢᠳ ᠲᠤ  ᠬᠠᠯᠠᠭᠤᠮᠰᠤᠭ ᠲᠤᠳᠤᠨᠤ ᠪᠠᠷ ᠦᠢᠯᠡᠴᠢᠯᠡᠨ᠂ ᠠᠶᠠᠨᠴᠢᠳ ᠤᠨ ᠮᠠᠷᠳᠠᠵᠤ ᠭᠡᠭᠡᠭᠰᠡᠨ ᠡᠳ᠋ ᠪᠤᠳᠠᠰ ᠢ ᠡᠵᠡᠨ ᠳᠤᠨᠢ ᠤᠯᠭᠤᠵᠤ ᠦᠭᠬᠦ᠂ ᠰᠠᠶᠢᠨ ᠲᠤᠷ᠎ᠠ ᠠᠴᠠ ᠪᠠᠨ ᠨᠡᠶᠢᠬᠡᠮ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠳᠡᠢ ᠤᠷᠤᠯᠴᠠᠵᠤ᠂ ᠵᠠᠮ ᠬᠠᠷᠢᠯᠴᠠᠭᠠᠨ ᠤ ᠲᠦᠷᠢᠮ ᠲᠤᠬᠳᠠᠭᠠᠯ ᠢ ᠤᠬᠠᠮᠰᠠᠷ ᠠᠴᠠ ᠪᠠᠨ ᠰᠠᠬᠢᠬᠤ ᠳᠤ ᠲᠠᠭᠤᠷᠢᠶᠠᠯ ᠦᠵᠡᠭᠦᠯᠦᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠶᠢᠨ ᠤᠬᠠᠭᠤᠯᠤᠬᠴᠢ ᠪᠤᠯᠵᠤ᠂ ᠬᠤᠳᠠ ᠶᠢᠨ ᠲᠦᠷᠢ ᠲᠦᠷᠬᠦ ᠶᠢ ᠬᠠᠮᠠᠭᠠᠯᠠᠬᠤ ᠳᠤ ᠮᠤᠩᠭᠤᠯ ᠬᠦᠮᠦᠨ ᠤ ᠶᠤᠰᠤᠷᠬᠠᠬ᠂ ᠤᠬᠠᠮᠰᠠᠷᠳᠤ᠂ ᠲᠤᠳᠤᠨᠤᠰᠤᠬ ᠵᠠᠩ ᠰᠤᠷᠳᠠᠯ ᠢ ᠪᠠᠳᠠᠷᠠᠭᠤᠯᠤᠬᠰᠠᠭᠠᠷ ᠪᠠᠶᠢᠨ᠎ᠠ᠃
ᠮᠤᠩᠭᠤᠯ ᠵᠢᠯᠤᠭᠤᠴᠢ ᠨᠠᠷ ᠤᠨ ᠮᠢᠨᠢ ᠦᠢᠯᠡᠰ ᠤᠨ ᠬᠡᠶᠢᠮᠦᠷᠢ ᠤᠯᠠᠮ ᠪᠠᠳᠠᠷᠠᠬᠤ ᠪᠤᠯᠳᠤᠭᠠᠢ︕ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号