ᠸᠠᠺᠼᠢᠨ ᠤ ᠲᠠᠷᠢᠯᠭ᠎ᠠ ᠶᠢᠨ ᠲᠤᠬᠠᠢ
ᠨᠡᠶᠢᠲᠡᠯᠡᠭᠰᠡᠨ ᠴᠠᠭ᠄
2021/7/14
           ᠨᠢᠭᠡ ᠤᠳᠠᠭ᠎ᠠ ᠲᠠᠷᠢᠬᠤ ᠸᠠᠺᠼᠢᠨ ᠤ ᠲᠠᠷᠢᠯᠭ᠎ᠠ᠂  ᠬᠤᠶᠠᠷ ᠤᠳᠠᠭ᠎ᠠ ᠲᠠᠷᠢᠬᠤ ᠸᠠᠺᠼᠢᠨ ᠤ ᠲᠠᠷᠢᠯᠭ᠎ᠠ᠂ ᠭᠤᠷᠪᠠ ᠤᠳᠠᠭ᠎ᠠ ᠲᠠᠷᠢᠬᠤ ᠸᠠᠺᠼᠢᠨ ᠤ ᠲᠠᠷᠢᠯᠭ᠋ ᠨᠢ ᠶᠠᠮᠠᠷ ᠢᠯᠭᠠᠭ᠎ᠠ ᠲᠠᠢ ᠪᠣᠶ︖               ᠠᠵᠢᠯ ᠶᠠᠪᠤᠳᠠᠯ ᠮᠠᠰᠢ ᠶᠠᠭᠠᠷᠠᠤ ᠪᠣᠯ᠂ ᠨᠢᠭᠡ ᠤᠳᠠᠭ᠎ᠠ ᠲᠠᠷᠢᠬᠤ ᠸᠠᠺᠼᠢᠨ ᠢ ᠲᠠᠷᠢᠪᠠᠯ ᠲᠦᠷᠭᠡᠨ ᠬᠤᠭᠤᠴᠠᠭᠠᠨ ᠳᠤ ᠬᠢᠵᠢᠭ ᠠᠴᠠ ᠰᠡᠷᠭᠡᠶᠢᠯᠡᠬᠦ ᠳᠠᠷᠬᠠᠯᠠᠭ᠎ᠠ ᠶᠢ ᠪᠡᠶᠡᠯᠡᠭᠦᠯᠵᠦ  ᠴᠢᠳᠠᠨ᠎ᠠ︔ ᠬᠡᠪᠡᠴᠤ ᠠᠵᠢᠯ ᠶᠠᠪᠤᠳᠠᠯ ᠶᠠᠭᠠᠷᠠᠤ ᠦᠭᠡᠢ ᠪᠣᠯ᠂ ᠠᠯᠢ ᠪᠣᠯᠬᠤ ᠪᠠᠷ ᠬᠤᠶᠠᠷ ᠤᠳᠠᠭ᠎ᠠ ᠲᠠᠷᠢᠬᠤ ᠪᠤᠶᠤ ᠭᠤᠷᠪᠠ  ᠤᠳᠠᠭ᠎ᠠ ᠲᠠᠷᠢᠬᠤ ᠸᠠᠺᠼᠢᠨ ᠤ ᠲᠠᠷᠢᠯᠭ᠎ᠠ ᠶᠢ ᠰᠣᠩᠭᠤᠬᠤ ᠶᠢ ᠵᠥᠪᠯᠡᠵᠦ ᠪᠠᠶᠢᠨ᠎ᠠ᠃                         ᠳᠠᠷᠬᠠᠯᠠᠭ᠎ᠠ ᠮᠠᠭᠤᠲᠠᠢ ᠬᠥᠮᠦᠰ ᠪᠣᠯ  ᠬᠤᠶᠠᠷ ᠤᠳᠠᠭᠠᠨ ᠤ ᠪᠤᠶᠤ ᠭᠤᠷᠪᠠ ᠤᠳᠠᠭ᠎ᠠ ᠲᠠᠷᠢᠬᠤ ᠸᠠᠺᠼᠢᠨ ᠢ ᠰᠣᠩᠭᠤᠬᠤ ᠶᠢ ᠵᠥᠪᠯᠡᠵᠦ ᠪᠠᠶᠢᠨ᠎ᠠ᠃ ᠬᠤᠶᠠᠷ ᠤᠳᠠᠭ᠎ᠠ ᠲᠠᠷᠢᠬᠤ ᠸᠠᠺᠼᠢᠨ ︵ᠢᠳᠡᠪᠬᠢᠵᠢᠭᠦᠯᠦᠭᠰᠡᠨ ᠸᠠᠺᠼᠢᠨ︶᠎ ᠤ ᠲᠠᠷᠢᠯᠭ᠎ᠠ ᠶᠢ ᠲᠠᠷᠢᠭᠰᠠᠨ ᠬᠥᠮᠥᠰ ᠨᠢᠭᠡ ᠤᠳᠠᠭ᠎ᠠ ᠲᠠᠷᠢᠬᠤ ᠸᠠᠺᠼᠢᠨ ︵ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ︶᠎ ᠤ ᠲᠠᠷᠢᠯᠭ᠎ᠠ ᠶᠢ ᠳᠠᠬᠢᠨ ᠲᠠᠷᠢᠬᠤ ᠱᠠᠭᠠᠷᠳᠠᠯᠭ᠎ᠠ ᠦᠭᠡᠢ᠃               ᠠᠩᠬᠠᠷᠬᠤ ᠵᠦᠢᠯ᠄            ①ᠲᠢᠲᠢᠮᠯᠢᠭ ᠸᠢᠷᠦ᠋ᠰ ᠤᠨ ᠠᠳᠠᠯᠢ ᠪᠤᠰᠤ ᠲᠠᠷᠢᠯᠭ᠎ᠠ ᠶᠢᠨ ᠸᠠᠺᠼᠢᠨ ᠢ ᠵᠡᠷᠭᠡᠪᠡᠷ ᠳᠠᠷᠢᠵᠤ ᠪᠣᠯᠬᠤ ᠥᠬᠡᠶ᠂ ᠵᠠᠪᠠᠯ ᠠᠳᠠᠯᠢ ᠲᠥᠷᠥᠯ ᠤᠨ ᠸᠠᠺᠼᠢᠨ ᠤ ᠲᠠᠷᠢᠯᠭ᠎ᠠ ᠶᠢ ᠰᠣᠩᠭᠤᠬᠤ ᠶᠢ ᠰᠠᠨᠠᠭᠤᠯᠵᠤ ᠪᠠᠶᠢᠨ᠎ᠠ᠃            ②ᠬᠤᠶᠠᠷ ᠤᠳᠠᠭ᠎ᠠ ᠲᠠᠷᠢᠬᠤ ᠸᠠᠺᠼᠢᠨ ᠤ ᠲᠠᠷᠢᠯᠭ᠎ᠠ ᠎ ᠶᠢᠨ ᠨᠢᠭᠡᠳᠦᠭᠡᠷ ᠤᠳᠠᠭᠠᠨ ᠤ ᠲᠠᠷᠢᠯᠭ᠎ᠠ ᠶᠢ ᠲᠠᠷᠢᠭᠰᠠᠨ ᠬᠥᠮᠥᠰ᠂ ᠦᠷᠭᠦᠯᠵᠢᠯᠡᠨ ᠬᠤᠶᠠᠳᠤᠭᠠᠷ ᠤᠳᠠᠭᠠᠨ ᠤ ᠲᠠᠷᠢᠯᠭ᠎ᠠ ᠪᠠᠨ ᠲᠠᠷᠢᠬᠤ ᠶᠢ ᠵᠥᠪᠯᠡᠵᠦ ᠪᠠᠶᠢᠨ᠎ᠠ᠃ ᠬᠠᠷᠢᠨ ᠳᠠᠬᠢᠨ ᠨᠢᠭᠡ ᠤᠳᠠᠭ᠎ᠠ ᠲᠠᠷᠢᠬᠤ ᠸᠠᠺᠼᠢᠨ  ᠎ ᠤ ᠲᠠᠷᠢᠯᠭ᠎ᠠ ᠶᠢ ᠲᠠᠷᠢᠬᠤ ᠱᠠᠭᠠᠷᠳᠠᠯᠭ᠎ᠠ ᠦᠭᠡᠢ᠃            ᠲᠠᠷᠢᠯᠭ᠎ᠠ ᠶᠢᠨ ᠸᠠᠺᠼᠢᠨ ᠤ ᠳᠣᠲᠣᠷ᠎ᠠ ᠤᠩᠭᠠᠷᠢᠯ ᠬᠡᠯᠪᠡᠷᠢᠲᠡᠶ ᠪᠣᠳᠠᠰ ᠪᠠᠶᠢᠬᠤ ᠨᠢ ᠴᠢᠨᠠᠷ ᠴᠢᠨᠰᠠᠭ᠎ᠠ ᠶᠢᠨ ᠠᠰᠠᠭᠤᠳᠠᠯ ᠮᠥᠨ ᠦᠦ︖             ᠸᠠᠺᠼᠢᠨ ᠤ ᠳᠣᠲᠣᠷᠠᠬᠢ ᠸᠠᠺᠼᠢᠨ ᠤ ᠪᠦᠷᠢᠯᠳᠦᠬᠦᠨ ᠬᠢᠭᠡᠳ ᠸᠠᠺᠼᠢᠨ ᠤ ᠲᠠᠷᠢᠯᠭ᠎ᠠ ᠶᠢᠨ ᠬᠤᠭᠤᠷᠣᠨᠳᠣ ᠰᠦᠨ ᠴᠠᠭᠠᠨ ᠥᠩᠭᠡ ᠲᠠᠢ  ᠬᠥᠪᠥᠮᠡᠯ ᠰᠢᠩᠭᠡᠨ ᠪᠡᠶᠡᠲᠦ ᠳᠠᠪᠬᠤᠷᠭᠠᠯᠠᠵᠤ ᠪᠠᠶᠢᠳᠠᠭ ᠨᠢ ᠬᠡᠪ ᠤᠨ ᠦᠵᠡᠭᠳᠡᠯ ᠶᠤᠮ᠃ ᠮᠠᠨ ᠤ ᠤᠯᠤᠰ ᠤᠨ ᠰᠢᠨ᠎ᠡ ᠲᠠᠷᠢᠯᠭ᠎ᠠ ᠶᠢᠨ ᠸᠠᠺᠼᠢᠨ ᠤ ᠴᠢᠨᠠᠷ ᠴᠢᠨᠰᠠᠭ᠎ᠠ ᠣᠯᠠᠨ ᠤᠳᠠᠭᠠᠨ ᠤ ᠴᠢᠩᠭ᠎ᠠ ᠪᠠᠶᠢᠴᠠᠭᠠᠯᠲᠠ ᠶᠢ ᠥᠩᠭᠡᠷᠡᠭᠡᠭᠰᠡᠨ ᠪᠣᠯᠬᠤᠷ ᠣᠯᠠᠨ ᠢᠶᠠᠷ ᠢᠶᠠᠨ ᠰᠠᠨᠠᠭ᠎ᠠ ᠠᠮᠤᠷ ᠳᠠᠷᠢᠵᠤ ᠪᠣᠯᠤᠨ᠎ᠠ᠃            ᠰᠢᠨ᠎ᠡ ᠸᠠᠺᠼᠢᠨ ᠤ ᠬᠠᠮᠠᠭᠠᠯᠠᠯᠲᠠ ᠶᠢᠨ ᠬᠤᠭᠤᠴᠠᠭ᠎ᠠ ᠨᠢ ᠵᠥᠪᠬᠡᠨ ᠬᠠᠭᠠᠰ ᠵᠢᠯ ᠪᠠᠶᠢᠳᠠᠭ ᠦᠦ︖            ①ᠰᠢᠨ᠎ᠡ ᠲᠠᠷᠢᠯᠭ᠎ᠠ ᠶᠢᠨ ᠸᠠᠺᠼᠢᠨ ᠤ ᠳᠠᠷᠬᠠᠯᠠᠭ᠎ᠠ ᠨᠢ 6 ᠰᠠᠷ᠎ᠠ ᠠᠴᠠ ᠳᠡᠭᠡᠭᠰᠢ ᠪᠣᠯᠪᠠᠯ ᠳᠠᠷᠬᠠᠯᠠᠭ᠎ᠠ ᠨᠢ ᠰᠤᠯᠠᠷᠠᠵᠤ ᠮᠡᠳᠡᠨ᠎ᠡ᠃            ②ᠣᠯᠠᠩᠬᠢ ᠬᠥᠮᠦᠨ ᠤ ᠳᠠᠷᠬᠠᠯᠠᠭ᠎ᠠ ᠨᠢ ᠰᠤᠯᠠᠷᠠᠬᠤ ᠦᠶ᠎ᠡ ᠳᠤ᠂ ᠪᠡᠶ᠎ᠡ ᠶᠢᠨ ᠳᠣᠲᠣᠭᠠᠳᠤ ᠳᠤ ᠮᠥᠨ ᠶᠡᠭᠡ ᠬᠡᠮᠵᠢᠶᠡᠨ ᠤ  ᠬᠠᠳᠠᠭᠠᠯᠠᠭᠳᠠᠭᠰᠠᠨ ᠳᠠᠷᠬᠠᠯᠠᠭ᠎ᠠ ᠶᠢᠨ ᠡᠰ ᠣᠷᠣᠰᠢᠳᠠᠭ ᠠᠴᠠ ᠲᠣᠳᠣᠷᠬᠠᠢ ᠬᠡᠮᠵᠢᠶᠡᠨ ᠤ ᠳᠠᠷᠬᠠᠯᠠᠭ᠎ᠠ ᠶᠢᠨ ᠦᠢᠯᠡᠳᠦᠯ ᠲᠠᠢ ᠪᠠᠶᠢᠳᠠᠭ᠃                 ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠪᠡᠶ᠎ᠡ ᠬᠦᠴᠢᠷᠳᠡᠵᠦ᠂ ᠡᠰᠡᠷᠭᠦ ᠤᠷᠪᠠᠯ ᠨᠢ ᠬᠦᠴᠦᠲᠡᠢ ᠪᠠᠶᠢᠬᠤ ᠲᠤᠰᠤᠮ ᠳᠠᠷᠬᠠᠯᠠᠭ᠎ᠠ ᠶᠢᠨ ᠦᠷ᠎ᠡ ᠳ᠋ᠦᠩ ᠨᠢ ᠲᠡᠳᠦᠶ ᠰᠠᠶᠢᠨ ᠪᠠᠶᠢᠳᠠᠭ ᠦᠦ︖            ᠲᠡᠶᠢᠮᠦ ᠪᠢᠰᠢ᠃ ᠡᠰᠡᠷᠭᠦ ᠤᠷᠪᠠᠯ ᠨᠢ ᠸᠠᠺᠼᠢᠨ ᠤ  ᠳᠠᠷᠬᠠᠯᠠᠭ᠎ᠠ ᠶᠢᠨ ᠦᠷ᠎ᠡ ᠳ᠋ᠦᠩ ᠲᠠᠢ ᠰᠢᠭᠤᠳ ᠬᠤᠯᠪᠣᠭ᠎ᠠ ᠦᠭᠡᠶ᠂  ᠤᠷᠪᠠᠯ ᠪᠠᠶᠢᠬᠤ ᠡᠰᠡᠬᠦ ᠨᠢ ᠬᠤᠪᠢ ᠬᠥᠮᠦᠨ ᠤ ᠪᠡᠶ᠎ᠡ ᠮᠠᠬᠠᠪᠣᠳ ᠲᠠᠢ ᠬᠤᠯᠪᠣᠭ᠎ᠠ ᠲᠠᠢ᠃ ᠵᠢᠱᠢᠶᠡᠯᠡᠪᠡᠯ ᠬᠠᠷᠰᠢᠯ ᠤᠨ ᠴᠢᠨᠠᠷᠲᠠᠢ ᠮᠠᠬᠠᠪᠣᠳ ᠲᠠᠢ  ᠬᠥᠮᠥᠰ ᠲᠠᠷᠢᠯᠭ᠎ᠠ ᠶᠢᠨ ᠳᠠᠷᠠᠭ᠎ᠠ ᠪᠡᠶ᠎ᠡ ᠨᠢ ᠬᠦᠴᠢᠷᠳᠡᠵᠦ᠂ ᠲᠠᠭ᠎ᠠ ᠦᠭᠡᠢ ᠨᠥᠯᠥᠭᠡ ᠡᠭᠦᠰᠬᠦ ᠪᠣᠯᠣᠮᠵᠢ ᠪᠣᠢ᠃ ᠭᠡᠬᠦ ᠳᠡᠭᠡᠨ ᠣᠯᠠᠩᠬᠢ ᠬᠥᠮᠥᠰ᠂ ᠡᠰᠡᠷᠭᠦ ᠤᠷᠪᠠᠯ ᠡᠭᠦᠰᠬᠦ ᠲᠣᠬᠢᠶᠠᠯᠳᠤᠯ ᠪᠠᠭ᠎ᠠ ᠪᠠᠶᠢᠳᠠᠭ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号