︽ᠳᠤᠮᠳᠠᠳᠤ ᠤᠯᠤᠰ ᠤᠨ ᠬᠦᠮᠦᠨ ᠪᠤᠯᠤᠬᠰᠠᠨ ᠤ ᠬᠤᠪᠢ ᠳᠤ᠂ ᠪᠢᠳᠠ ᠪᠦᠬᠦᠨ ᠳᠤᠮᠳᠠᠳᠤ ᠤᠯᠤᠰ ᠤᠨ | ᠲᠡᠦᠭᠡ ᠶᠢ ᠤᠢᠢᠯᠠᠭᠠᠵᠦ᠂ ᠶᠤᠰᠤ ᠰᠤᠷᠳᠠᠬᠤᠨ ᠬᠠᠤᠯᠢᠵᠢᠯ ᠢ ᠢᠳᠡᠭᠡᠨ ᠰᠠᠬᠢᠵᠦ᠂ ᠢᠯᠠᠩᠭᠤᠶ᠎ᠠ ᠤᠯᠤᠰ ᠢᠶᠠᠨ | ᠬᠠᠶᠢᠷᠠᠯᠠᠬᠤ ᠬᠠᠶᠢᠷ᠎ᠠ ᠰᠡᠳᠬᠢᠯᠭᠡ ᠲᠠᠢ ᠪᠠᠶᠢᠬᠤ ᠭᠡᠷᠡᠭᠲᠡᠢ᠃ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠳᠡᠯᠭᠡᠷᠡᠬᠦᠯᠦᠨ ᠭᠡᠷᠡᠭᠯᠡᠬᠦ ᠪᠠᠷ ᠳᠠᠮᠵᠢᠭᠤᠯᠤᠨ᠂ ᠪᠢᠳᠠ ᠲᠠᠯ᠎ᠠ ᠨᠤᠳᠤᠭ ᠲᠤ ᠦᠨᠳᠦᠰᠦᠯᠡᠭᠰᠡᠨ᠂ | ᠬᠡᠬᠦᠳᠡᠭ ᠴᠡᠭᠡᠵᠢᠨᠠ ᠡᠭᠡ ᠤᠯᠤᠰ ᠢᠶᠠᠨ ᠳᠡᠭᠡᠳᠦᠯᠡᠭᠰᠡᠨ᠂ ᠳᠡᠯᠡᠭᠡᠢ ᠳ᠋ᠠᠬᠢᠨ᠎ᠠ ᠬᠠᠷᠠᠭᠠᠰᠤ ᠪᠠᠨ ᠳᠡᠯᠡᠭᠰᠡᠨ ᠬᠢᠷᠢ | ᠲᠡᠩᠴᠡᠭᠰᠡᠨ ᠴᠢᠳᠠᠪᠤᠷᠢᠳᠠᠨ ᠢ ᠬᠦᠮᠦᠵᠢᠬᠦᠯᠬᠦ ᠭᠡᠷᠡᠭᠲᠡᠢ︾᠃ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ | ᠮᠠᠲᠧᠷᠢᠶᠠᠯ ᠢ ᠳᠡᠯᠭᠡᠷᠡᠬᠦᠯᠦᠨ ᠭᠡᠷᠡᠭᠯᠡᠬᠦ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠪᠠ | ᠠᠯᠤᠰ ᠭᠡᠳᠦ ᠶᠢᠨ ᠠᠬᠤᠢᠢᠴᠢ ᠠᠴᠢ ᠬᠤᠯᠪᠤᠭᠳᠠᠯ ᠤᠨ ᠲᠤᠬᠠᠢ ᠬᠢᠩᠭᠠᠨ ᠠᠶᠢᠮᠠᠬ ᠤᠨ ᠤᠯᠠᠭᠠᠨᠬᠤᠳᠠ ᠶᠢᠨ | ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠪᠤᠤ ᠶᠦᠩ ᠮᠸᠢ ᠰᠤᠷᠪᠤᠯᠵᠢᠯᠠᠬᠴᠢ ᠶᠢᠨ | ᠰᠤᠷᠪᠤᠯᠵᠢᠯᠠᠭ᠎ᠠ ᠶᠢ ᠬᠦᠯᠢᠶᠡᠬᠦ ᠦᠶ᠎ᠠ ᠶᠢᠨ ᠦᠭᠡ ᠶᠠᠷᠢᠶ᠎ᠠ ᠨᠢ ᠦᠷᠭᠡᠨ ᠤᠯᠠᠨ ᠪᠠᠭᠰᠢ ᠨᠠᠷ ᠤᠨ ᠬᠠᠮᠳᠦ ᠶᠢᠨ | ᠲᠠᠨᠢᠯᠳᠠ ᠶᠢ ᠭᠡᠯᠡᠵᠦ ᠭᠠᠷᠭᠠᠵᠠᠢ᠃ | ᠰᠤᠷᠭᠠᠨ ᠬᠦᠮᠦᠵᠢᠯ ᠪᠤᠯ ᠤᠯᠤᠰ ᠤᠨ ᠶᠡᠭᠡ ᠠᠷᠭ᠎ᠠ ᠪᠤᠳᠤᠯᠭ᠎ᠠ᠂ ᠨᠠᠮ ᠤᠨ ᠶᠡᠭᠡ ᠠᠷᠭ᠎ᠠ ᠪᠤᠳᠤᠯᠭ᠎ᠠ ᠮᠦᠨ᠃ | ᠡᠳᠦᠭᠡ᠂ ᠠᠯᠢ ᠴᠦ ᠠᠵᠢᠯ ᠦᠢᠯᠡᠰ ᠭᠡᠳ ᠰᠤᠷᠭᠠᠨ ᠬᠦᠮᠦᠵᠢᠯ ᠤᠨ ᠦᠢᠯᠡᠰ ᠰᠢᠭ ᠢᠶᠠᠷ ᠨᠦᠯᠦᠭᠡᠯᠡᠬᠦ ᠪᠤᠶᠤ | ᠴᠢᠨᠠᠬᠰᠢᠯᠠᠨ ᠵᠠᠯᠭᠠᠮᠵᠢᠯᠠᠬᠴᠢ ᠶᠢᠨ ᠠᠰᠠᠭᠤᠳᠠᠯ ᠢ ᠲᠤᠭᠳᠠᠭᠠᠵᠦ᠂ ᠤᠯᠤᠰ ᠤᠨ ᠤᠷᠳᠤ ᠤᠳᠠᠭᠠᠨ ᠤ ᠠᠮᠤᠷ | ᠲᠤᠭᠳᠠᠭᠤᠨ ᠢ ᠲᠤᠭᠳᠠᠭᠠᠵᠦ᠂ ᠦᠨᠳᠦᠰᠦᠳᠡᠨ ᠤ ᠰᠡᠷᠬᠦᠨ ᠮᠠᠨᠳᠤᠯᠳᠠ ᠪᠠ ᠤᠯᠤᠰ ᠤᠨ ᠬᠦᠭᠵᠢᠯ ᠪᠠᠳᠠᠷᠠᠯ ᠢ | ᠲᠤᠭᠳᠠᠭᠠᠵᠦ ᠪᠠᠶᠢᠳᠠᠭ ᠦᠭᠡᠢ᠃ | ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ ᠮᠠᠲᠧᠷᠢᠶᠠᠯ ᠢ ᠳᠡᠯᠭᠡᠷᠡᠬᠦᠯᠦᠨ ᠭᠡᠷᠡᠭᠯᠡᠬᠦ ᠪᠤᠯ ᠤᠯᠤᠰ ᠤᠨ ᠨᠡᠶᠢᠳᠡᠮ | ᠭᠡᠷᠡᠭᠯᠡᠬᠦ ᠦᠭᠡ ᠭᠡᠯᠡ ᠦᠰᠦᠭ ᠪᠢᠴᠢᠭ ᠢ ᠰᠠᠶᠢᠳᠤᠷ ᠰᠤᠷᠴᠦ ᠰᠠᠶᠢᠳᠤᠷ ᠭᠡᠷᠡᠭᠯᠡᠬᠦ ᠶᠢᠨ ᠴᠢᠬᠤᠯᠠ ᠠᠴᠢᠶᠠᠯᠠᠪᠤᠷᠢ ᠪᠠ | ᠪᠦᠳᠦᠮᠵᠢᠳᠠᠢ ᠠᠷᠭ᠎ᠠ ᠵᠠᠮ ᠮᠦᠨ᠂ ᠡᠨᠡ ᠨᠢ ᠦᠨᠳᠦᠰᠦᠳᠡᠨ ᠨᠦᠭᠦᠳ ᠤᠨ ᠳᠤᠮᠳᠠᠳᠤ ᠶᠢᠨ ᠦᠨᠳᠦᠰᠦᠳᠡᠨ ᠤ ᠬᠠᠮᠳᠦ | ᠴᠤᠬᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠳᠤ ᠴᠤᠬᠴᠠᠯᠠᠵᠦ᠂ ᠶᠠᠪᠤᠯᠴᠠᠭ᠎ᠠ ᠰᠤᠯᠢᠯᠴᠠᠭ᠎ᠠ | ᠠᠭᠤᠰᠤᠯᠴᠠᠭ᠎ᠠ ᠶᠢ ᠠᠬᠢᠭᠤᠯᠬᠤ ᠳᠤ ᠠᠰᠢᠬ ᠲᠠᠢ ᠪᠠᠷ ᠦᠯᠦ ᠪᠠᠷᠠᠮ ᠪᠠᠰᠠ ᠦᠨᠳᠦᠰᠦᠳᠡᠨ ᠤ ᠤᠷᠤᠨ ᠤ ᠠᠵᠤ | ᠠᠬᠤᠢ ᠨᠡᠶᠢᠭᠡᠮ ᠤᠨ ᠬᠦᠭᠵᠢᠯᠳᠠ ᠪᠠ ᠴᠦᠭᠡᠨ ᠲᠤᠭᠠᠳᠦ ᠦᠨᠳᠦᠰᠦᠳᠡᠨ ᠤ ᠰᠤᠷᠤᠬᠴᠢᠳ ᠤᠨ ᠤᠳᠤ ᠦᠶ᠎ᠠ ᠶᠢᠨ | ᠨᠡᠶᠢᠭᠡᠮ ᠳᠤ ᠨᠡᠩ ᠰᠠᠶᠢᠳᠤᠷ ᠠᠭᠤᠰᠤᠯᠴᠠᠨ ᠤᠷᠤᠬᠤ ᠳᠤ ᠴᠦ ᠠᠰᠢᠬ ᠲᠠᠢ ᠶᠤᠮ᠃ | ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠤᠨ ᠭᠡᠷᠡᠭᠯᠡᠬᠦ ᠬᠦᠮᠦᠵᠢᠯ ᠤᠨ ᠠᠵᠢᠯᠯᠠᠭ᠎ᠠ | ᠲᠤᠮᠳᠠ᠂ ᠰᠤᠷᠤᠬᠴᠢᠳ ᠤᠨ ᠰᠤᠷᠤᠬᠰᠡᠨ ᠨᠢ ᠰᠠᠶᠢᠨ ᠡᠰᠡᠬᠦ ᠨᠢ ᠭᠡᠳᠦ᠋ᠢᠪᠡᠷ ᠴᠢᠬᠤᠯᠠ ᠪᠤᠯᠪᠠᠴᠤ ᠪᠠᠭᠰᠢ ᠨᠠᠷ ᠤᠨ | ᠵᠢᠭᠠᠬᠰᠡᠨ ᠨᠢ ᠬᠢᠷᠢ ᠵᠡᠷᠭᠡ ᠨᠢ ᠰᠠᠶᠢ ᠬᠠᠮᠤᠭ ᠤᠨ ᠵᠠᠩᠭᠢᠯᠠᠭ᠎ᠠ ᠶᠢᠨ ᠨᠢᠬᠡ ᠭᠤᠬᠴᠤᠭ᠎ᠠ ᠪᠤᠯᠤᠨ᠎ᠡ᠂ ᠤᠴᠢᠷ ᠨᠢ | ᠪᠠᠭᠰᠢ ᠪᠤᠯ ᠰᠤᠷᠭᠠᠨ ᠬᠦᠮᠦᠵᠢᠯ ᠪᠠ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠨᠡᠶᠢᠳᠭᠡᠬᠦ᠂ ᠠᠰᠢᠬᠯᠠᠬᠤ ᠪᠤᠳᠠᠳᠠᠢ | ᠭᠡᠷᠡᠭᠵᠢᠬᠦᠯᠦᠭᠴᠢ ᠮᠦᠨ᠃ ᠴᠢᠨᠠᠷ ᠰᠠᠶᠢᠳᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠦᠢᠯᠡᠳᠤᠯ ᠢ ᠬᠦᠢᠴᠡᠳ | ᠪᠠᠳᠠᠷᠠᠭᠤᠯᠵᠤ᠂ ᠵᠢᠱᠢᠭᠰᠡᠨ ᠵᠢᠭᠠᠨ ᠰᠤᠷᠭᠠᠯᠳᠠ ᠶᠢᠨ ᠦᠷ᠎ᠡ ᠳ᠋ᠦᠩ ᠳᠤ ᠬᠦᠷᠭᠡᠬᠦ ᠳᠤ ᠡᠩ ᠲᠡᠷᠢᠬᠦᠨ ᠳᠤ | ᠪᠠᠭᠰᠢ ᠶᠢᠨ ᠡᠩᠨᠡᠭᠡᠨ ᠤ ᠬᠦᠴᠤᠨ ᠢ ᠲᠤᠬᠢᠷᠠᠭᠤᠯᠤᠨ ᠬᠦᠴᠦᠷᠭᠡᠭᠵᠢᠬᠦᠯᠬᠦ ᠭᠡᠷᠡᠭᠳᠠᠢ᠃ ᠪᠦᠬᠦ ᠤᠷᠤᠨ ᠤ ᠡᠯ᠎ᠡ ᠱᠠᠳᠤ | ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠨᠢᠭᠡᠳᠤᠯᠳᠠᠢ ᠨᠠᠶᠢᠷᠠᠭᠤᠯᠤᠬᠰᠡᠨ | ᠵᠢᠭᠠᠬᠤ ᠮᠠᠲᠧᠷᠢᠶᠠᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ | ᠦᠨᠡᠨ ᠬᠦ ᠡᠯ᠎ᠡ ᠲᠠᠯ᠎ᠡ ᠶᠢᠨ ᠠᠵᠢᠯ ᠢ ᠪᠤᠳᠠᠳᠠᠢ ᠬᠢᠵᠤ ᠨᠠᠷᠢᠯᠢᠭ ᠬᠢᠵᠤ ᠲᠦᠢᠯᠪᠦᠷᠢᠳᠠᠢ ᠬᠢᠵᠦ᠂ ᠨᠢᠭᠡᠳᠤᠯᠳᠠᠢ | ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠤᠨ ᠭᠡᠷᠡᠭᠯᠡᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ | ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠪᠦᠬᠦ ᠲᠠᠯ᠎ᠡ ᠪᠠᠷ | ᠴᠢᠩᠭᠠᠳᠬᠠᠬᠤ ᠳᠤ ᠬᠦᠴᠤᠳᠠᠢ ᠲᠠᠮᠵᠢᠯᠭᠡ ᠬᠠᠨᠭ᠍ᠭᠠᠵᠤ᠂ ᠰᠠᠶᠢᠨ ᠰᠠᠶᠢᠬᠠᠨ ᠨᠦᠬᠦᠴᠡᠯ ᠢ ᠡᠬᠦᠳᠬᠦ ᠭᠡᠷᠡᠭᠳᠠᠢ᠃ ᠡᠯ᠎ᠡ | ᠱᠠᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠬᠠᠷᠢᠶ᠎ᠡ ᠭᠠᠵᠠᠷ ᠤᠨ | ᠬᠠᠮᠢᠶᠡᠷᠤᠯᠳᠠ ᠶᠢᠨ ᠵᠠᠷᠴᠢᠮ ᠶᠤᠰᠤᠭᠠᠷ᠂ ᠲᠤᠰᠢᠶᠠᠯ ᠬᠠᠷᠢᠭᠤᠴᠠᠯᠭ᠎ᠠ ᠪᠠᠨ ᠲᠤᠳᠤᠷᠬᠠᠢᠢᠯᠠᠵᠤ᠂ | ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠪᠠᠭᠰᠢ ᠶᠢᠨ ᠡᠩᠨᠡᠭᠡᠨ ᠤ ᠪᠠᠳᠤᠯᠠᠭ᠎ᠠ ᠶᠢᠨ ᠠᠵᠢᠯ ᠢ | ᠪᠦᠬᠦ ᠬᠦᠴᠤᠨ ᠢᠶᠠᠷ ᠢᠶᠠᠨ ᠰᠠᠶᠢᠳᠤᠷ ᠬᠢᠬᠦ ᠭᠡᠷᠡᠭᠳᠠᠢ᠃ ᠤᠳᠤ ᠶᠢᠨ ᠪᠠᠶᠢᠭ᠎ᠠ ᠪᠠᠭᠰᠢ ᠶᠢᠨ ᠡᠩᠨᠡᠭᠡᠨ ᠤ ᠰᠠᠭᠤᠷᠢ | ᠲᠤᠭ᠎ᠠ ᠶᠢ ᠪᠦᠬᠦ ᠲᠠᠯ᠎ᠡ ᠪᠠᠷ ᠲᠤᠳᠤᠷᠬᠠᠢ ᠮᠡᠳᠡᠭᠰᠡᠨ ᠤ ᠰᠠᠭᠤᠷᠢᠨ ᠳᠤ᠂ ᠭᠤᠷᠪᠡᠨ ᠬᠢᠴᠢᠶᠠᠯ ᠲᠦᠷᠦᠯ ᠤᠨ | ᠬᠢᠴᠢᠶᠠᠯ ᠤᠨ ᠪᠠᠭᠰᠢ ᠶᠢᠨ ᠲᠤᠳᠠᠬᠳᠠᠯ ᠤᠨ ᠭᠡᠷᠡᠭᠴᠡᠭᠡ ᠶᠢ ᠤᠨᠤᠴᠠᠳᠠᠢ ᠬᠢᠨᠡᠨ ᠪᠤᠳᠤᠵᠤ᠂ ᠠᠵᠢᠯ ᠤᠨ ᠪᠠᠶᠢᠷᠢᠨ ᠳᠤ | ᠪᠠᠶᠢᠭ᠎ᠠ ᠪᠠᠭᠰᠢ ᠶᠢ ᠲᠤᠰᠬᠠᠢ ᠪᠤᠯᠪᠠᠰᠤᠷᠠᠭᠤᠯᠬᠤ᠂ ᠰᠢᠶᠠᠨ ᠤ ᠬᠡᠪᠴᠢᠶᠠᠨ ᠳᠤ ᠰᠢᠯᠵᠢᠬᠦᠯᠤᠨ ᠲᠤᠬᠢᠷᠠᠭᠤᠯᠬᠤ᠂ ︽ | ᠠᠯᠪᠡᠨ ᠵᠠᠷᠤᠳᠠᠯ ᠢᠶᠠᠷ ᠬᠦᠮᠦᠵᠢᠬᠦᠯᠦᠭᠰᠡᠨ ᠪᠠᠭᠰᠢ ᠶᠢᠨ ᠰᠤᠷᠭᠠᠭᠤᠯᠢ ᠶᠢᠨ ᠰᠤᠷᠤᠬᠴᠢ︾ ᠶᠢ ᠤᠷᠢᠵᠤ ᠭᠡᠷᠡᠭᠯᠡᠬᠦ᠂ ︽ | ᠤᠨᠴᠠ ᠠᠵᠢᠯ ᠤᠨ ᠪᠠᠶᠢᠷᠢ ᠶᠢᠨ ᠪᠠᠭᠰᠢ︾ ᠶᠢ ᠤᠷᠢᠵᠤ ᠡᠯᠰᠡᠬᠦ᠂ ᠰᠤᠷᠭᠠᠭᠤᠯᠢ ᠶᠢᠨ ᠬᠤᠭᠤᠷᠤᠨᠳᠤ ︽ | ᠬᠠᠮᠳᠤᠷᠠᠯᠴᠠᠨ ᠪᠠᠶᠢᠭᠤᠯᠬᠤ︾ ᠵᠡᠷᠭᠡ ᠠᠷᠭ᠎ᠠ ᠬᠡᠮᠵᠢᠶ᠎ᠡ ᠪᠠᠷ ᠲᠠᠮᠵᠢᠭᠤᠯᠵᠤ᠂ ᠦᠨᠳᠤᠰᠤᠳᠡᠨ ᠤ ᠦᠭᠡ ᠬᠡᠯᠡ ᠪᠠᠷ | ᠬᠢᠴᠢᠶᠠᠯᠯᠠᠵᠤ ᠪᠠᠶᠢᠭ᠎ᠠ ᠰᠤᠷᠭᠠᠭᠤᠯᠢ ᠶᠢᠨ ᠭᠤᠷᠪᠡᠨ ᠬᠢᠴᠢᠶᠠᠯ ᠲᠦᠷᠦᠯ ᠤᠨ ᠪᠠᠭᠰᠢ ᠶᠢᠨ ᠡᠩᠨᠡᠭᠡᠨ ᠤ ᠭᠡᠷᠡᠭᠴᠡᠭᠡ ᠶᠢ | ᠦᠨᠡᠨ ᠬᠦ ᠪᠠᠳᠤᠯᠠᠵᠤ᠂ ᠭᠤᠷᠪᠡᠨ ᠬᠢᠴᠢᠶᠠᠯ ᠲᠦᠷᠦᠯ ᠤᠨ ᠪᠠᠭᠰᠢ ᠶᠢᠨ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ | ᠦᠰᠦᠭ ᠪᠢᠴᠢᠭ ᠤᠨ ᠲᠦᠪᠰᠢᠨ ᠪᠠ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠴᠢᠳᠠᠪᠤᠷᠢ ᠶᠢ ᠬᠦᠴᠤᠯᠠᠨ | ᠲᠡᠭᠡᠭᠰᠢᠯᠡᠬᠦᠯᠬᠦ ᠭᠡᠷᠡᠭᠳᠠᠢ᠃ | ᠪᠠᠭᠰᠢ ᠪᠤᠯ ᠬᠦᠮᠤᠨ ᠲᠦᠷᠤᠯᠬᠢᠳᠠᠨ ᠤ ᠰᠦᠭ ᠰᠦᠨᠠᠰᠤ ᠶᠢᠨ ᠢᠨᠵᠧᠨᠧᠷ᠂ ᠬᠦᠮᠤᠨ ᠲᠦᠷᠤᠯᠬᠢᠳᠠᠨ ᠤ | ᠪᠤᠯᠪᠠᠰᠤᠨ ᠤ ᠤᠯᠠᠮᠵᠢᠯᠠᠬᠴᠢ ᠮᠦᠨ᠂ ᠲᠡᠷᠢᠬᠦᠨ ᠤ ᠰᠤᠶᠤᠯ ᠢ ᠤᠯᠠᠮᠵᠢᠯᠠᠬᠤ᠂ ᠴᠠᠬ ᠦᠶ᠎ᠠ ᠶᠢᠨ ᠰᠢᠨ᠎ᠠ ᠬᠦᠮᠤᠨ ᠢ | ᠬᠦᠮᠤᠵᠢᠬᠦᠯᠬᠦ ᠲᠡᠤᠬᠡᠳᠤ ᠡᠬᠦᠷᠬᠡ ᠶᠢ ᠡᠬᠦᠷᠬᠡᠯᠠᠵᠤ ᠪᠠᠶᠢᠨ᠎ᠠ᠃ ᠨᠢᠬᠡᠳᠤᠯᠳᠠᠢ ᠨᠠᠶᠢᠷᠠᠭᠤᠯᠤᠬᠰᠠᠨ ᠵᠢᠭᠠᠬᠤ | ᠮᠠᠲ᠋ᠧᠷᠢᠶᠠᠯ ᠢ ᠳᠡᠯᠭᠡᠷᠡᠬᠦᠯᠦᠨ ᠭᠡᠷᠡᠭᠯᠡᠬᠦ ᠲᠤᠮᠳᠠ᠂ ᠪᠠᠭᠰᠢ ᠨᠢᠬᠡᠪᠤᠷᠢ ᠮᠤᠷᠠᠯ ᠢᠶᠠᠷ ᠬᠦᠮᠤᠨ ᠢ ᠬᠦᠮᠤᠵᠢᠬᠦᠯᠬᠦ ᠦᠩᠬᠡ | ᠬᠡᠷᠡᠯᠳᠤ ᠡᠬᠦᠷᠬᠡ ᠬᠠᠷᠢᠭᠤᠴᠠᠯᠭ᠎ᠠ ᠶᠢ ᠡᠬᠦᠷᠬᠡᠯᠠᠵᠤ᠂ ᠶᠡᠭᠡ ᠶᠤᠰᠤ ᠶᠢ ᠡᠵᠡᠮᠰᠢᠵᠦ᠂ ᠬᠢᠬᠦ ᠦᠯᠦ ᠬᠢᠬᠦ ᠶᠢ ᠮᠡᠳᠡᠨ᠂ | ᠦᠯᠢᠬᠡᠷ ᠲᠠᠭᠤᠷᠢᠶᠠᠯ ᠦᠵᠡᠬᠦᠯᠵᠤ᠂ ᠲᠡᠷᠢᠬᠦᠨ ᠤ ᠦᠵᠡᠯ ᠰᠠᠨᠠᠭ᠎ᠠ ᠰᠤᠶᠤᠯ ᠤᠨ ᠤᠯᠠᠮᠵᠢᠯᠠᠬᠴᠢ᠂ ᠨᠠᠮ ᠤᠨ ᠲᠦᠷᠤ | ᠪᠠᠷᠢᠬᠤ ᠡᠷᠡᠰ ᠪᠠᠳᠤ ᠲᠡᠮᠵᠢᠭᠴᠢ᠂ ᠰᠤᠷᠤᠬᠴᠢ ᠶᠢᠨ ᠡᠷᠡᠬᠦᠯ ᠢᠶᠠᠷ ᠦᠰᠤᠨ ᠪᠤᠶᠢᠵᠢᠬᠤ ᠵᠢᠭᠤᠯᠤᠳᠤᠬᠴᠢ ᠪᠤᠯᠤᠨ | ᠵᠠᠮᠴᠢᠯᠠᠬᠴᠢ ᠪᠤᠯᠵᠤ᠂ ᠨᠠᠮ ᠤᠨ ᠲᠦᠪ ᠬᠤᠷᠢᠶᠠᠨ ᠤ ᠨᠢᠬᠡᠳᠤᠯᠳᠠᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ | ᠳᠡᠯᠭᠡᠷᠡᠬᠦᠯᠦᠨ ᠠᠬᠢᠭᠤᠯᠬᠤ᠂ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ | ᠬᠦᠮᠤᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ | ᠡᠷᠡᠰ ᠭᠤᠶᠢᠪᠢᠰᠢ ᠦᠬᠡᠢ ᠪᠠᠷ ᠪᠤᠳᠠᠳᠠᠢ ᠨᠠᠶᠢᠳᠠᠪᠤᠷᠢᠵᠢᠭᠤᠯᠬᠤ ᠭᠡᠷᠡᠭᠳᠠᠢ᠃ ᠡᠬᠦᠨ ᠤ ᠬᠠᠮᠳᠤ᠂ ᠠᠷᠠᠳ ᠲᠦᠮᠡᠨ ᠤ | ᠬᠦᠨᠳᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠷ᠂ ︽ᠲᠦᠷᠪᠡᠨ ᠪᠠᠶᠢᠬᠤ︾ ᠰᠠᠶᠢᠨ ᠪᠠᠭᠰᠢ ᠪᠤᠯᠬᠤ ᠪᠠᠷ | ᠴᠢᠷᠮᠠᠶᠢᠵᠤ᠂ ︽ᠶᠠᠮᠠᠷ ᠬᠦᠮᠤᠨ ᠢ ᠬᠦᠮᠤᠵᠢᠬᠦᠯᠬᠦ᠂ ᠶᠠᠭᠠᠬᠢᠵᠤ ᠬᠦᠮᠤᠨ ᠢ ᠬᠦᠮᠤᠵᠢᠬᠦᠯᠬᠦ᠂ ᠬᠡᠨ ᠤ ᠲᠦᠯᠤᠬᠡ | ᠬᠦᠮᠤᠵᠢᠬᠦᠯᠬᠦ︾ ᠡᠨᠡ ᠬᠦ ᠦᠨᠳᠤᠰᠤᠨ ᠠᠰᠠᠭᠤᠳᠠᠯ ᠤᠨ ᠲᠤᠭᠤᠷᠢᠨ ᠳᠤ᠂ ᠳᠤᠮᠳᠠᠳᠤ ᠶᠢᠨ ᠦᠨᠳᠤᠰᠤᠳᠠᠨ ᠤ | ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠡᠨᠡ ᠬᠦ ᠢᠯᠠ ᠳᠤᠳᠤᠷᠬᠠᠢ ᠭᠤᠤᠯ ᠰᠢᠵᠢᠮ ᠢ ᠰᠤᠶᠤᠯ | ᠮᠡᠳᠡᠯᠬᠡ ᠶᠢᠨ ᠬᠦᠮᠤᠵᠢᠯ᠂ ᠦᠵᠡᠯ ᠰᠠᠨᠠᠭ᠎ᠠ ᠶᠤᠰᠤ ᠮᠤᠷᠠᠯ ᠤᠨ ᠬᠦᠮᠤᠵᠢᠯ᠂ ᠨᠡᠶᠢᠬᠡᠮ ᠤᠨ ᠤᠢᠢᠯᠡᠳᠤᠯᠬᠡ ᠶᠢᠨ | ᠬᠦᠮᠤᠵᠢᠯ ᠤᠨ ᠡᠯ᠎ᠠ ᠭᠤᠬᠴᠤᠭ᠎ᠠ ᠪᠦᠬᠦ ᠶᠠᠪᠤᠴᠠ ᠳᠤ ᠠᠭᠤᠰᠤᠯᠴᠠᠭᠤᠯᠵᠤ᠂ ᠤᠯᠤᠰ ᠲᠤ ᠶᠤᠰᠤ ᠮᠤᠷᠠᠯ ᠤᠶᠤᠨ | ᠤᠬᠠᠭᠠᠨ ᠪᠠᠶ᠎ᠠ ᠮᠠᠬᠠᠪᠤᠳ ᠭᠤᠸ᠎ᠠ ᠰᠠᠶᠢᠬᠠᠨ ᠬᠦᠳᠡᠯᠮᠤᠷᠢ ᠪᠦᠬᠦ ᠲᠠᠯ᠎ᠠ ᠪᠠᠷ ᠬᠦᠭᠵᠢᠭᠰᠡᠨ᠂ ᠴᠠᠭ ᠦᠶ᠎ᠠ ᠶᠢᠨ | ᠬᠦᠨᠳᠤ ᠡᠬᠦᠷᠬᠡ ᠶᠢ ᠵᠤᠷᠢᠬᠳᠠᠢ ᠡᠬᠦᠷᠬᠡᠯᠡᠬᠦ ᠨᠡᠶᠢᠬᠡᠮ ᠵᠢᠷᠤᠮ ᠤᠨ ᠪᠦᠳᠤᠬᠡᠨ ᠪᠠᠶᠢᠭᠤᠯᠤᠬᠴᠢ ᠪᠤᠯᠤᠨ | ᠵᠠᠯᠭᠠᠮᠵᠢᠯᠠᠬᠴᠢ ᠶᠢ ᠴᠢᠷᠮᠠᠶᠢᠨ ᠬᠦᠮᠤᠵᠢᠬᠦᠯᠬᠦ ᠭᠡᠷᠡᠭᠳᠠᠢ᠃ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |