ᠰᠢᠨ᠎ᠡ ᠬᠦᠳᠡᠭᠡ ᠲᠤᠰᠬᠤᠨ ᠤ ᠬᠦᠭᠵᠢᠯᠲᠡ ᠵᠠᠯᠠᠭᠤᠴᠤᠤᠨ ᠢ ᠬᠥᠯᠢᠶᠡᠵᠥ ᠪᠤᠢ
ᠨᠡᠶᠢᠲᠡᠯᠡᠭᠰᠡᠨ ᠴᠠᠭ᠄
2021/7/28
ᠦᠬᠡᠷᠴᠢᠨᠬᠦᠦ ᠰᠢᠨ᠎ᠡ ᠨᠢᠬᠡ ᠵᠠᠭᠤᠨ᠂ ᠰᠢᠨ᠎ᠡ ᠴᠠᠭ ᠥᠶ᠎ᠡ᠂ ᠰᠢᠨ᠎ᠡ ᠬᠦᠳᠡᠭᠡ ᠲᠤᠰᠬᠤᠨ ᠪᠤᠯ ᠵᠠᠯᠠᠭᠤᠴᠤᠤᠨ ᠤᠨ ᠬᠢ᠂ ᠵᠠᠯᠠᠭᠤᠴᠤᠤᠨ ᠬᠥᠴᠥᠷᠬᠡᠭᠵᠢᠬᠦ ᠪᠤᠯ ᠴᠠᠭ ᠥᠶ᠎ᠡ ᠶᠢᠨ ᠱᠠᠭᠠᠷᠳᠠᠯᠭ᠎ᠠ᠂ ᠨᠡᠶᠢᠬᠡᠮ ᠤᠨ ᠬᠦᠭᠵᠢᠯᠲᠡ ᠶᠢᠨ ᠱᠠᠭᠠᠷᠳᠠᠯᠭ᠎ᠠ ᠮᠥᠨ᠂ ᠵᠠᠯᠠᠭᠤᠴᠤᠤᠨ ‍ᠤ‌‍ᠨ ᠬᠥᠴᠥᠷᠬᠡᠭᠵᠢᠯ ᠪᠠᠶᠢᠬᠤ ᠥᠬᠡᠢ ᠪᠤᠯ ᠰᠢᠨ᠎ᠡ ᠴᠠᠭ ᠥᠶ᠎ᠡ᠂ ᠰᠢᠨ᠎ᠡ ᠬᠦᠳᠡᠭᠡ ᠲᠤᠰᠬᠤᠨ ᠴᠢᠨᠠᠭᠰᠢᠯᠠᠭᠠᠤᠨ ᠰᠢᠨ᠎ᠡ ᠵᠠᠭᠤᠨ ᠤ ᠬᠥᠰᠡᠯ ᠵᠡᠬᠦᠳᠥ ᠴᠦ ᠪᠠᠶᠢᠵᠤ ᠴᠢᠳᠠᠬᠤ ᠥᠬᠡᠢ᠂ ᠡᠶᠢᠮᠦ ᠠᠴᠠ ᠵᠠᠯᠠᠭᠤᠴᠤᠤᠨ ᠪᠤᠯ ᠪᠢᠳᠡᠨ ᠤ ᠬᠥᠰᠡᠯ ᠡᠷᠡᠮᠡᠯᠵᠡᠯ᠂ ᠠᠯᠤᠰ ᠢᠷᠡᠬᠡᠳᠥᠢ ᠮᠥᠨ᠃ ᠰᠢᠨ᠎ᠡ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠤᠯ ᠰᠢᠨ᠎ᠡ ᠴᠠᠭ ᠥᠶ᠎ᠡ ᠶᠢᠨ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠬᠠᠮᠤᠭ ᠤᠨ ᠥᠨᠳᠥᠰᠥᠨ ᠡᠬᠦᠷᠬᠡ ᠮᠥᠨ᠂ ᠶᠠᠭᠠᠬᠢᠵᠤ ᠬᠦᠭᠵᠢᠬᠦᠯᠥᠨ ᠮᠠᠨᠳᠤᠭᠤᠯᠬᠤ ᠪᠤᠢ ᠬᠡᠳᠡᠭ ᠪᠤᠯ ᠨᠢᠳᠥᠨ ᠡᠮᠥᠨ᠎ᠡ ᠲᠠᠯᠪᠢᠭᠳᠠᠵᠤ ᠪᠠᠶᠢᠭ᠎ᠠ ᠬᠠᠮᠤᠭ ᠤᠨ ᠲᠤᠮᠤ ᠶᠠᠪᠤᠳᠠᠯ ᠮᠥᠨ᠂ ᠲᠡᠷᠡ ᠪᠤᠯ ᠪᠢᠳᠡ ᠪᠦᠬᠦᠨ ᠤ ᠰᠡᠤᠨᠬᠢᠯ ᠨᠢᠬᠡᠳᠥᠨ᠂ ᠬᠥᠴᠤ ᠪᠠᠨ ᠬᠠᠮᠲᠤᠤᠨᠬᠠᠵᠤ ᠳᠠᠷᠤᠢ ᠲᠥᠷᠬᠡᠨ ᠪᠤᠳᠤᠯᠬᠢᠯᠡᠵᠥ ᠰᠢᠢᠤᠨᠪᠥᠷᠢᠯᠡᠬᠦ ᠵᠤᠬᠢᠰᠲᠡᠢ ᠰᠢᠨ᠎ᠡ ᠰᠡᠳᠤᠪ᠂ ᠰᠢᠨ᠎ᠡ ᠠᠰᠠᠭᠤᠯᠲᠠ ᠮᠥᠨ᠃ ᠰᠢᠨ᠎ᠡ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠥᠨᠳᠥᠰᠥᠨ ᠠᠷᠭ᠎ᠠ ᠵᠠᠮ ᠪᠤᠯ ᠳᠠᠷᠤᠢ ᠠᠵᠤ ᠤᠶᠢᠯᠡᠰᠵᠢᠬᠦᠯᠬᠦ ᠶᠠᠪᠤᠳᠠᠯ ᠪᠤᠯᠤᠨ᠎ᠠ᠂ ᠦᠬᠡᠷ᠎ᠡ ᠪᠠᠷ ᠬᠡᠯᠡᠪᠡᠯ᠂ ᠮᠠᠯ ᠪᠠ ᠮᠠᠯ ᠤᠨ ᠢᠶᠠᠨ ᠠᠰᠢᠭ ᠰᠢᠮ᠎ᠡ ᠶᠢ ᠦᠪᠡᠰᠦᠪᠡᠨ ᠡᠳ᠋ᠰᠢᠬᠦᠯᠥᠨ ᠪᠤᠯᠪᠠᠰᠤᠷᠠᠭᠤᠯᠵᠤ᠂ ᠦᠪᠡᠰᠦᠪᠡᠨ ᠵᠠᠬ᠎ᠠ ᠳᠡᠯᠬᠡᠬᠦᠷ ᠲᠤ ᠪᠤᠷᠤᠯᠠᠭᠤᠯᠵᠤ᠂ ᠦᠪᠡᠷᠰᠡᠤᠨ ‍ᠤ‌‍ᠨ ᠤᠷᠤᠨ ᠪᠠᠶᠢᠷᠢ ᠪᠠᠨ ᠦᠪᠡᠷᠰᠡᠤᠨ ᠢᠶᠠᠨ ᠡᠵᠡᠯᠡᠬᠦ ᠶᠠᠪᠤᠳᠠᠯ ᠮᠥᠨ᠃ ᠶᠠᠮᠠᠷᠪᠠ ᠠᠵᠢᠯ ᠤᠨ ᠡᠬᠢᠯᠡᠯᠲᠡ ᠨᠢ ᠬᠥᠴᠢᠷ ᠲᠠᠢ ᠪᠠᠶᠢᠵᠤ᠂ ᠬᠥᠴᠢᠷ ᠢ ᠲᠡᠰᠪᠥᠷᠢᠯᠡᠵᠥ ᠳᠡᠶᠢᠯᠪᠡᠯ ᠰᠠᠶ᠋ᠢ ᠠᠮᠵᠢᠯᠲᠠ ᠲᠤ ᠬᠥᠷᠴᠥ ᠴᠢᠳᠠᠳᠠᠭ᠃ ᠬᠦᠳᠡᠭᠡ ᠤᠷᠤᠨ ᠨᠤᠳᠤᠭ ᠤᠨ ᠰᠦ ᠰᠠᠭᠠᠯᠢ ᠶᠢᠨ ᠠᠵᠤ ᠤᠶᠢᠯᠡᠰ ᠬᠥᠴᠢᠷ ᠢ ᠲᠤᠭᠤᠯᠤᠭᠠᠤᠨ ᠦᠨᠦᠳᠥᠷ ᠵᠤᠬᠢᠬᠤ ᠠᠮᠵᠢᠯᠲᠠ ᠲᠤ ᠬᠥᠷᠴᠥ᠂ ᠵᠠᠬ᠎ᠠ ᠳᠡᠯᠬᠡᠬᠦᠷ ᠲᠤ ᠤᠷᠤᠨ ᠪᠠᠶᠢᠷᠢ ᠪᠠᠨ ᠤᠯᠵᠡᠢ᠃ ᠡᠨᠡ ᠬᠦ ᠵᠤᠷᠢᠭ ᠰᠠᠨᠠᠭ᠎ᠠ ᠪᠠᠷ ᠪᠢᠳᠡ ᠮᠠᠯ ᠢᠶᠠᠨ ᠠᠮᠢᠳᠤ ᠪᠠᠷ ᠨᠢ ᠪᠤᠷᠤᠯᠠᠭᠤᠯᠳᠠᠭ ᠠᠷᠭ᠎ᠠ ᠬᠡᠯᠪᠡᠷᠢ ᠪᠠᠨ ᠠᠯᠬᠤᠮ ᠠᠯᠬᠤᠮ ᠢᠶᠠᠷ ᠬᠤᠪᠢᠷᠠᠭᠤᠯᠤᠨ᠂ ᠮᠠᠯ ᠢᠶᠠᠨ ᠦᠪᠡᠷ ᠲᠡᠭᠡᠨ ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠵᠤ᠂ ᠦᠪᠡᠰᠦᠪᠡᠨ ᠵᠠᠬ᠎ᠠ ᠳᠡᠯᠬᠡᠬᠦᠷ ᠲᠤ ᠤᠷᠤᠭᠤᠯᠤᠨ ᠪᠤᠷᠤᠯᠠᠭᠤᠯᠬᠤ ᠪᠠᠷ ᠬᠥᠴᠥᠯᠡᠨ ᠲᠡᠮᠡᠴᠡᠬᠦ ᠴᠢᠬᠤᠯᠠᠲᠡᠢ᠃ ᠪᠤᠳᠠᠲᠡᠢ ᠠᠵᠢᠯ ᠤᠨ ᠶᠠᠪᠤᠴᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠦᠬᠡᠷᠡᠴᠢᠯᠡᠯᠲᠡ ᠬᠢᠬᠦ᠂ ᠰᠢᠨ᠎ᠡ ᠶᠢ ᠡᠬᠦᠤᠨᠬᠦ ᠳᠤ ᠲᠥᠰᠢᠭᠯᠡᠨ᠎ᠡ᠂ ᠤᠯᠠᠨ ᠤ ᠤᠬᠠᠭᠠᠨ ᠨᠡᠶᠢᠲᠡ ᠶᠢᠨ ᠬᠥᠴᠥᠨ ᠳᠤ ᠲᠥᠰᠢᠭᠯᠡᠨ᠎ᠡ᠂ ᠵᠠᠯᠠᠭᠤᠴᠤᠤᠨ ‍ᠤ‌‍ᠨ ᠢᠳᠡᠪᠬᠢᠲᠡᠢ ᠤᠷᠤᠯᠴᠠᠯᠭ᠎ᠠ ᠳᠤ ᠲᠥᠰᠢᠭᠯᠡᠨ᠎ᠡ᠃ ᠤᠢᠢᠷ᠎ᠡ ᠶᠢᠨ ᠬᠡᠳᠥᠨ ᠵᠢᠯ ᠶᠡᠭᠡ ᠳᠡᠬᠡᠳᠥ ᠰᠤᠷᠭᠠᠭᠤᠯᠢ᠂ ᠲᠤᠰᠬᠠᠢ ᠮᠡᠷᠬᠡᠵᠢᠯ ᠤᠨ ᠰᠤᠷᠭᠠᠭᠤᠯᠢ ᠲᠡᠬᠦᠰᠥᠭᠰᠡᠨ ᠮᠠᠰᠢ ᠤᠯᠠᠨ ᠤᠶᠤᠲᠠᠨ ᠵᠠᠯᠠᠭᠤᠴᠤᠤᠨ ᠠᠷᠤ ᠬᠡᠷ᠂ ᠬᠦᠳᠡᠭᠡ ᠨᠤᠲᠤᠭ ᠎ ᠲᠠᠭᠠᠨ ᠪᠤᠴᠠᠵᠤ ᠢᠷᠡᠬᠡᠤᠨ ᠮᠠᠯᠵᠢᠬᠤ ᠠᠵᠤ ᠠᠬᠤᠢ ᠪᠠᠨ ᠡᠷᠬᠢᠯᠡᠵᠤ᠂ ᠰᠢᠨ᠎ᠡ ᠤᠷᠤᠯᠳᠤᠯᠭ᠎ᠠ᠂ ᠰᠢᠨ᠎ᠡ ᠡᠬᠦᠳᠥᠯᠲᠡ ᠬᠢᠵᠥ ᠪᠤᠢ᠃ ᠡᠳᠡᠬᠡᠷ ᠵᠠᠯᠠᠭᠤᠴᠤᠤᠨ ᠮᠠᠯᠵᠢᠬᠤ ᠠᠵᠤ ᠠᠬᠤᠢ ᠶᠢᠨ ᠡᠮᠥᠨ᠎ᠡ ᠡᠩᠨᠡᠬᠡᠨ ᠳᠤ ᠰᠢᠭᠤᠷᠬᠠᠶᠢᠯᠠᠨ ᠤᠷᠤᠯᠴᠠᠵᠤ᠂ ᠦᠬᠡᠷᠡᠴᠢᠯᠡᠯᠲᠡ ᠬᠢᠬᠦ᠂ ᠰᠢᠨ᠎ᠡ ᠶᠢ ᠡᠬᠦᠤᠨᠬᠦ ᠵᠤᠷᠢᠭ ᠰᠠᠨᠠᠭ᠎ᠠ ᠪᠠᠷ ᠮᠠᠯᠵᠢᠬᠤ ᠤᠶᠢᠯᠡᠤᠨᠪᠥᠷᠢᠯᠡᠯ ᠤᠨ ᠬᠡᠯᠪᠡᠷᠢ ᠶᠢ ᠬᠤᠪᠢᠷᠠᠭᠤᠯᠬᠤ ᠳᠡᠬᠡᠷ᠎ᠡ ᠶᠡᠬᠡᠬᠡᠨ ᠬᠥᠴᠥ ᠬᠦᠯᠦᠰᠤ ᠪᠠᠨ ᠰᠢᠪᠬᠠᠨ ᠠᠵᠢᠯᠯᠠᠵᠤ᠂ ᠮᠠᠯᠵᠢᠬᠤ ᠤᠶᠢᠯᠡᠤᠨᠪᠥᠷᠢᠯᠡᠯ ᠤᠨ ᠢᠶᠠᠨ ᠮᠢᠬ᠎ᠠ᠂ ᠰᠦ ᠶᠢ ᠦᠪᠡᠰᠦᠪᠡᠨ ᠡᠳ᠋ᠰᠢᠬᠦᠯᠥᠨ ᠪᠤᠯᠪᠠᠰᠤᠷᠠᠭᠤᠯᠵᠤ᠂ ᠢᠨᠲ᠋ᠧᠷ ᠰᠥᠯᠵᠢᠶ᠎ᠡ ᠎ ᠪᠠᠷ ᠪᠤᠷᠤᠯᠠᠭᠤᠯᠵᠦ ᠡᠬᠢᠯᠡᠭᠰᠡᠨ ᠶᠠᠪᠤᠳᠠᠯ ᠨᠢ ᠶᠡᠭᠡ ᠡᠷᠢᠯᠬᠢᠯᠡᠯᠲᠡ ᠪᠠᠶᠢᠵᠤ᠂ ᠮᠠᠯ ᠤᠨ ᠠᠰᠢᠭ ᠰᠢᠮ᠎ᠡ ᠶᠢ ᠦᠪᠡᠷᠰᠡᠤᠨ ᠢᠶᠠᠨ ᠨᠡᠩ ᠦᠷᠬᠡᠨ ᠬᠡᠪᠴᠢᠶ᠎ᠡ ᠪᠠᠷ᠂ ᠨᠡᠩ ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠵᠤ᠂ ᠪᠤᠷᠤᠯᠠᠭᠤᠯᠬᠤ ᠵᠠᠬ᠎ᠠ ᠳᠡᠯᠬᠡᠬᠦᠷ ᠨᠡᠬᠡᠬᠡᠵᠤ ᠪᠠᠶᠢᠭ᠎ᠠ ᠶᠠᠪᠤᠳᠠᠯ ᠮᠥᠨ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号