ᠦᠨᠳᠤᠷ ᠲᠤ ᠵᠤᠭᠰᠤᠵᠤ ᠨᠡᠩ ᠬᠤᠯᠠ ᠶᠢ ᠪᠠᠷᠠᠯᠠᠰᠤᠭᠠᠢ
ᠨᠡᠶᠢᠲᠡᠯᠡᠭᠰᠡᠨ ᠴᠠᠭ᠄
2021/7/28
ᠠᠭᠤᠯᠠᠨ ᠳᠤ ᠭᠠᠷᠬᠤ ᠳᠠᠭᠠᠨ ᠤᠷᠬᠢᠯ ᠳᠤ ᠦᠢᠷᠠᠳᠬᠤ ᠦᠶᠡᠰ ᠰᠠᠶᠢ ᠠᠯᠤᠰ ᠬᠤᠯᠠ ᠠᠯᠢᠪᠠ ᠪᠦᠬᠦᠨ ᠢ ᠤᠯᠵᠥ ᠬᠠᠷᠠᠳᠠᠭ ᠶᠤᠮ᠃ ᠲᠡᠶᠢᠮᠤ ᠪᠢᠰᠢ ᠪᠤᠯ ︽ᠯᠦᠱᠠᠨ ᠠᠭᠤᠯᠠᠨ ᠳᠤ ᠪᠠᠶᠢᠭᠰᠠᠨ ᠴᠦ ᠯᠦᠱᠠᠨ ᠠᠭᠤᠯᠠᠨ ᠤ ᠦᠨᠡᠨ ᠳᠦᠷᠢ ᠶᠢ ᠦᠯᠦ ᠳᠠᠨᠢᠬᠤ︾ ᠶᠠᠪᠤᠳᠠᠯ ᠭᠠᠷᠴᠤ ᠮᠡᠳᠡᠨ᠎ᠠ᠃ ᠠᠳᠡ ᠶᠠᠷᠢᠵᠥ ᠪᠠᠶᠢᠭ᠎ᠠ ᠨᠢ ᠳᠠᠷᠤᠢ ᠵᠤᠬᠰᠤᠴᠠ ᠶᠢᠨ ᠠᠰᠠᠭᠤᠳᠠᠯ ᠮᠦᠨ᠂ ᠦᠨᠳᠦᠷ ᠲᠤ ᠵᠤᠬᠰᠤᠪᠠᠯ ᠰᠠᠶᠢ ᠬᠠᠷᠠᠭ᠎ᠠ ᠳᠡᠯᠡᠵᠥ ᠬᠤᠯᠠ ᠤᠢᠢᠷ᠎ᠠ ᠶᠢ ᠲᠤᠳᠤᠬᠠᠨ ᠦᠵᠡᠵᠤ ᠲᠠᠶᠢᠯᠬᠦ ᠠᠵᠢ᠃ ᠵᠤᠬᠰᠤᠴᠠ ᠨᠢ ᠦᠨᠳᠦᠷᠴᠡ ᠶᠢ ᠳᠤᠬᠳᠠᠭᠠᠵᠥ᠂ ᠦᠵᠡᠯ ᠰᠠᠨᠠᠭ᠎ᠠ ᠨᠢ ᠦᠢᠯᠡ ᠠᠵᠢᠯᠯᠠᠭ᠎ᠠ ᠶᠢ ᠳᠤᠬᠳᠠᠭᠠᠵᠥ ᠪᠠᠶᠢᠳᠠᠭ᠃ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠠᠴᠠ ︽ᠠᠷᠪᠠᠨ ᠳᠦᠷᠪᠡᠳᠦᠬᠡᠷ ᠳᠠᠪᠤᠨ ᠵᠢᠯ︾᠎ ᠤᠨ ᠳᠦᠯᠦᠪᠵᠢᠬᠦᠯᠬᠡ ᠪᠤᠯᠤᠨ 2030 ᠤᠨ ᠤ ᠠᠯᠤᠰ ᠤᠨ ᠬᠠᠷᠠᠯᠳᠠ ᠶᠢ ᠰᠢᠨᠵᠢᠯᠡᠬᠦ ᠤᠬᠠᠭᠠᠨᠴᠢ ᠪᠠᠷ ᠵᠢᠷᠤᠬᠯᠠᠵᠥ᠂ ᠪᠦᠬᠦ ᠨᠠᠮ ᠪᠦᠬᠦ ᠤᠯᠤᠰ ᠲᠤ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠢᠯᠡᠯᠳᠡ ᠶᠢ ᠳᠡᠮᠡᠴᠡᠨ ᠤᠯᠬᠤ ᠶᠡᠷᠦᠩᠬᠡᠢ ᠳᠠᠶᠢᠴᠢᠯᠠᠯᠳᠠ ᠬᠢᠵᠥ᠂ ᠬᠤᠶᠠᠳᠤᠭᠠᠷ ᠵᠠᠭᠤᠨ ᠵᠢᠯ ᠤᠨ ᠳᠡᠮᠡᠴᠡᠬᠦ ᠬᠠᠷᠠᠯᠳᠠ ᠳᠠᠶᠢᠰᠢ ᠤᠷᠤᠬᠰᠢᠯᠠᠬᠤ ᠪᠦᠷᠢᠶ᠎ᠡ ᠶᠢ ᠬᠠᠩᠬᠢᠨᠠᠭᠤᠯᠪᠠ᠃ ᠤᠳᠤᠬᠠᠨ ᠳᠤ ᠪᠢᠳᠡᠨ ᠤ ᠡᠮᠤᠨ᠎ᠡ ᠳᠤᠯᠭᠠᠷᠠᠵᠥ ᠪᠠᠶᠢᠭ᠎ᠠ ᠳᠡᠷᠢᠬᠦᠨ ᠴᠢᠬᠤᠯᠠ ᠶᠠᠪᠤᠳᠠᠯ ᠪᠤᠯ ᠳᠠᠷᠤᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠪᠦᠬᠦᠳᠡ ᠬᠤᠷᠠᠯ ᠤᠨ ᠵᠤᠷᠢᠬ ᠰᠠᠨᠠᠭ᠎ᠠ ᠳᠡᠬᠡᠷ᠎ᠡ ᠨᠢᠬᠡᠳᠬᠡᠵᠥ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ︽ᠠᠷᠪᠠᠨ ᠳᠦᠷᠪᠡᠳᠤᠬᠡᠷ ᠳᠠᠪᠤᠨ ᠵᠢᠯ︾᠎ ᠤᠨ ᠬᠦᠭᠵᠢᠯᠳᠡ ᠶᠢ ᠳᠦᠯᠦᠪᠵᠢᠬᠦᠯᠦᠨ ᠠᠬᠢᠭᠤᠯᠬᠤ ᠳᠡᠬᠡᠷ᠎ᠡ ᠨᠢᠬᠳᠠᠷᠠᠭᠤᠯᠵᠥ᠂ ᠨᠡᠩ ᠦᠨᠳᠦᠷ ᠵᠤᠬᠰᠤᠴᠠ᠂ ᠨᠡᠩ ᠬᠡᠬᠦᠳᠡᠭ ᠳᠦᠬᠦᠷᠡᠩ ᠰᠡᠳᠬᠢᠯᠬᠡ᠂ ᠨᠡᠩ ᠯᠠᠪᠳᠠᠭᠤᠨ ᠪᠠᠳᠤᠳᠠᠢ ᠠᠵᠢᠯᠯᠠᠭ᠎ᠠ ᠪᠠᠷ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠨ ᠢᠶᠠᠨ ᠴᠢᠷᠮᠠᠶᠢᠨ ᠡᠬᠢᠯᠡᠬᠦᠯᠬᠦ ᠶᠠᠪᠤᠳᠠᠯ ᠪᠤᠯᠬᠤ ᠶᠤᠮ᠃ ᠰᠢᠨ᠎ᠠ ᠠᠤᠭ᠎ᠠ ᠳᠦᠰᠦᠯ ᠢ ᠵᠢᠷᠤᠬᠯᠠᠵᠥ᠂ ᠰᠢᠨ᠎ᠠ ᠠᠶᠠᠨ ᠳᠠᠭᠠᠨ ᠮᠤᠷᠳᠠᠬᠤ ᠪᠠᠷ ᠪᠡᠯᠡᠬᠡᠨ ᠪᠤᠯᠤᠯ᠎ᠠ᠃ ᠰᠠᠶᠢᠨ ᠰᠠᠶᠢᠬᠠᠨ ᠠᠤᠭ᠎ᠠ ᠳᠦᠰᠦᠯ ᠢ ᠪᠤᠳᠠᠳᠤ ᠠᠬᠤᠢ ᠪᠤᠯᠭᠠᠨ ᠬᠤᠪᠢᠷᠠᠭᠤᠯᠬᠤ ᠳᠤ᠂ ᠤᠯᠤᠰ ᠳᠦᠷᠦ ᠶᠢᠨ᠂ ᠪᠦᠬᠦ ᠳᠠᠯ᠎ᠠ ᠶᠢᠨ᠂ ᠪᠠᠶᠢᠯᠳᠤᠬᠤ ᠪᠤᠳᠤᠯᠭ᠎ᠠ ᠶᠢᠨ ᠦᠨᠳᠤᠷᠴᠡ ᠳᠤ ᠵᠤᠬᠰᠤᠵᠤ᠂ ︽ᠳᠦᠷᠪᠡᠨ ᠤᠬᠠᠮᠰᠠᠷ︾᠎ ᠢᠶᠠᠨ ᠤᠯᠠᠮ ᠴᠢᠩᠭᠠᠳᠬᠠᠨ ︽ᠳᠦᠷᠪᠡᠨ ᠢᠳᠡᠬᠡᠯ︾᠎ ᠢᠶᠠᠨ ᠪᠠᠳᠤᠳᠬᠠᠵᠥ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠥ᠂ ᠦᠵᠡᠯ ᠰᠠᠨᠠᠭ᠎ᠠ ᠤᠯᠤᠰ ᠳᠦᠷᠦ ᠦᠢᠯᠡ ᠠᠵᠢᠯᠯᠠᠭ᠎ᠠ ᠶᠢᠨ ᠳᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠲᠠᠢ ᠳᠡᠬᠡᠳᠤ ᠬᠡᠮᠵᠢᠶ᠎ᠡ ᠪᠠᠷ ᠨᠢᠬᠡᠳᠦᠯᠳᠡᠢ ᠪᠠᠶᠢᠬᠤ ᠶᠢ ᠱᠠᠭᠠᠷᠳᠠᠵᠥ ᠪᠠᠶᠢᠨ᠎ᠠ︔ ᠰᠢᠨ᠎ᠡ ᠬᠦᠭᠵᠢᠯᠳᠡ ᠶᠢᠨ ᠱᠠᠳᠤᠨ ᠳᠤ ᠰᠠᠭᠤᠷᠢᠯᠠᠨ ᠰᠢᠨ᠎ᠡ ᠬᠦᠭᠵᠢᠯᠳᠡ ᠶᠢᠨ ᠪᠠᠶᠢᠳᠠᠯ ᠢ ᠳᠤᠳᠤᠷᠬᠠᠢ ᠳᠠᠨᠢᠵᠥ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠳᠤᠭᠤᠰᠢᠯᠠᠭᠤᠯᠤᠨ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠠᠭᠤᠰᠤᠯᠴᠠᠵᠥ᠂ ᠨᠠᠷᠢᠨ ᠬᠢᠨᠠᠮᠠᠭᠠᠢ ᠳᠦᠯᠦᠪᠵᠢᠬᠦᠯᠦᠨ ᠠᠵᠠ ᠳᠤᠬᠢᠶᠠᠯ ᠢ ᠰᠠᠶᠢᠳᠤᠷ ᠠᠰᠢᠬᠯᠠᠨ᠂ ᠢᠯᠡᠯᠳᠠ ᠶᠢᠨ ᠡᠷᠴᠢᠨ ᠳᠡᠬᠡᠷ᠎ᠡ ᠪᠠᠨ ᠡᠷᠡᠮᠡᠬᠡᠶᠢᠯᠡᠨ ᠤᠷᠤᠬᠰᠢᠯᠠᠨ ᠢᠳᠡᠪᠬᠢᠳᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠥ᠂ ︽ᠠᠷᠪᠠᠨ ᠳᠦᠷᠪᠡᠳᠤᠬᠡᠷ ᠳᠠᠪᠤᠨ ᠵᠢᠯ︾᠎ ᠢ ᠰᠠᠶᠢᠨ ᠰᠠᠶᠢᠬᠠᠨ ᠢᠶᠠᠷ ᠡᠬᠢᠯᠡᠬᠦᠯᠬᠦ ᠶᠢ ᠱᠠᠭᠠᠷᠳᠠᠵᠥ ᠪᠠᠶᠢᠨ᠎ᠠ᠃ ︽ᠠᠷᠪᠠᠨ ᠳᠦᠷᠪᠡᠳᠤᠬᠡᠷ ᠳᠠᠪᠤᠨ ᠵᠢᠯ︾᠎ ᠤᠨ ᠳᠦᠯᠦᠪᠵᠢᠬᠦᠯᠬᠡ ᠪᠤᠯᠤᠨ 2030 ᠤᠨ ᠤ ᠠᠯᠤᠰ ᠤᠨ ᠬᠠᠷᠠᠯᠳᠠ ᠶᠢ ᠪᠡᠶᠡᠯᠡᠬᠦᠯᠬᠦ ᠨᠢ ᠠᠴᠢ ᠬᠤᠯᠪᠤᠬᠳᠠᠯ ᠴᠢᠬᠤᠯᠠ ᠶᠡᠭᠡ᠂ ᠡᠬᠦᠷᠬᠡ ᠨᠦᠰᠡᠷ ᠬᠦᠨᠳᠤ᠂ ᠠᠯᠤᠰ ᠢᠷᠡᠬᠡᠳᠦᠢ ᠬᠡᠬᠡᠨ ᠰᠠᠷᠠᠭᠤᠯ ᠪᠠᠶᠢᠭ᠎ᠠ ᠶᠤᠮ᠃ ᠪᠢᠳᠡ ᠶᠡᠭᠡ ᠳᠠᠯ᠎ᠠ ᠶᠢ ᠳᠠᠨᠢᠬᠤ᠂ ᠶᠡᠭᠡ ᠳᠠᠯ᠎ᠠ ᠶᠢ ᠡᠵᠡᠮᠳᠡᠬᠦ᠂ ᠶᠡᠭᠡ ᠳᠠᠯ᠎ᠠ ᠶᠢ ᠳᠠᠭᠠᠬᠤ ᠶᠢ ᠴᠢᠬᠤᠯᠠ ᠪᠠᠶᠢᠷᠢᠨ ᠳᠤ ᠳᠠᠯᠪᠢᠵᠥ᠂ ᠰᠢᠢᠳᠪᠦᠷᠢᠳᠤ ᠪᠤᠳᠤᠯᠭ᠎ᠠ ᠳᠤᠬᠳᠠᠭᠠᠨ ᠠᠵᠢᠯ ᠢᠶᠠᠨ ᠠᠬᠢᠭᠤᠯᠵᠥ᠂ ᠨᠠᠮ ᠤᠨ ᠳᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠠᠮᠤᠭ ᠤᠨ ᠰᠢᠨ᠎ᠡ ᠱᠠᠭᠠᠷᠳᠠᠯᠭ᠎ᠠ ᠲᠠᠢ ᠨᠢᠬᠳᠠ ᠤᠶᠠᠯᠳᠤᠭᠤᠯᠤᠨ᠂ ᠠᠯᠤᠰ ᠬᠡᠳᠤ ᠶᠢᠨ ᠬᠦᠭᠵᠢᠯᠳᠡ ᠶᠢᠨ ᠬᠠᠷᠠᠯᠳᠠ ᠡᠬᠦᠷᠬᠡ ᠲᠠᠢ ᠤᠶᠠᠯᠳᠤᠭᠤᠯᠵᠥ᠂ ᠨᠡᠩ ᠦᠨᠳᠦᠷ ᠲᠤ ᠵᠤᠬᠰᠤᠨ ᠨᠡᠩ ᠬᠤᠯᠠ ᠶᠢ ᠪᠠᠷᠠᠯᠠᠵᠥ᠂ ᠨᠡᠩ ᠬᠦᠨᠵᠡᠬᠡᠢ ᠪᠤᠳᠤᠯᠬᠢᠯᠠᠬᠤ ᠬᠡᠷᠡᠭᠳᠡᠢ︔ ᠳᠤᠰ ᠪᠡᠶ᠎ᠡ ᠶᠢᠨ ᠠᠵᠢᠯ ᠢᠶᠠᠨ ᠪᠦᠬᠦ ᠳᠠᠯ᠎ᠠ ᠳᠤ ᠳᠠᠯᠪᠢᠨ ᠪᠤᠳᠤᠯᠬᠢᠯᠠᠬᠤ ᠳᠤ ᠴᠢᠳᠠᠮᠠᠭᠠᠢ ᠪᠠᠶᠢᠵᠥ᠂ ᠬᠤᠷᠸ᠎ᠠ ᠳᠠᠯ᠎ᠠ ᠶᠢᠨ ᠬᠠᠷᠠᠭᠠᠰᠤ ᠠᠴᠠ ︽ᠶᠠᠭᠠᠬᠢᠵᠥ ᠦᠵᠡᠬᠦ᠂ ᠶᠠᠭᠠᠬᠢᠵᠥ ᠬᠢᠬᠦ᠂ ᠶᠠᠭᠠᠬᠢᠵᠥ ᠠᠵᠢᠯᠯᠠᠬᠤ︾ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠃ ᠭᠠᠭᠴᠠ ᠬᠦ ᠪᠦᠬᠦ ᠲᠠᠯ᠎ᠠ ᠶᠢᠨ ᠵᠤᠬᠰᠤᠴᠠ ᠶᠢ ᠪᠠᠷᠢᠮᠳᠠᠯᠠᠨ ︽ᠠᠮᠵᠢᠯᠳᠠ ᠳᠤ ᠬᠦᠷᠬᠦᠢ ᠳᠤᠷ ᠯᠠᠪ ᠮᠢᠨᠤ ᠵᠢᠳᠬᠦᠯ ᠪᠠᠶᠢᠬᠤ︾ ᠡᠬᠦᠷᠬᠡᠯᠡᠯ ᠢᠶᠠᠷ ᠡᠯ᠎ᠡ ᠵᠦᠢᠯ ᠤᠨ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠᠯ ᠰᠠᠶᠢ ᠰᠢᠨ᠎ᠡ ᠴᠠᠬ ᠦᠶ᠎ᠡ ᠰᠢᠨ᠎ᠠ ᠠᠶᠠᠨ ᠵᠠᠮ ᠳᠤ ᠦᠪᠦᠷ ᠮᠤᠩᠭᠤᠯ ᠤᠨ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠵᠥ ᠴᠢᠳᠠᠨ᠎ᠠ᠃ ᠦᠨᠳᠦᠷ ᠲᠤ ᠵᠤᠬᠰᠤᠨ ᠠᠯᠤᠰ ᠢ ᠪᠠᠷᠠᠯᠠᠵᠤ᠂ ᠴᠦᠬᠦᠷᠡᠰᠢ ᠦᠬᠡᠢ ᠴᠢᠷᠮᠠᠶᠢᠨ ᠳᠡᠮᠡᠴᠡᠶ᠎ᠠ᠃ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠬᠡᠳᠬᠡᠨ ᠬᠠᠮᠳᠤ ᠶᠢᠨ ᠳᠠᠨᠢᠯᠳᠠ ᠪᠠᠨ ᠨᠢᠬᠳᠠᠷᠠᠭᠤᠯᠵᠥ᠂ ᠦᠢᠯᠡᠳᠦᠯᠬᠡ ᠶᠢ ᠵᠢᠯᠤᠭᠤᠳᠤᠭᠤᠯᠤᠨ ᠠᠵᠢᠯ ᠢᠶᠠᠨ ᠠᠬᠢᠭᠤᠯᠵᠥ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠳᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠳᠠᠰᠤᠷᠠᠯᠳᠠ ᠦᠬᠡᠢ ᠴᠢᠩᠭᠠᠳᠬᠠᠵᠥ᠂ ᠴᠢᠷᠮᠠᠶᠢᠬᠰᠠᠨ ᠳᠡᠬᠡᠷ᠎ᠡ ᠪᠠᠨ ᠴᠢᠷᠮᠠᠶᠢᠵᠤ ᠦᠨᠡᠨ ᠬᠦ ᠠᠳᠬᠤᠨ ᠪᠤᠳᠠᠳᠠᠢ ᠠᠵᠢᠯᠯᠠᠪᠠᠯ᠂ ᠪᠢᠳᠡ ᠯᠠᠪᠳᠠᠢ ᠭᠤᠶᠢᠳᠠ ᠰᠦᠷᠯᠢᠭ ᠴᠠᠬ ᠦᠶ᠎ᠡ ᠶᠢᠨ ᠳᠠᠪᠴᠠᠩ ᠳᠡᠬᠡᠷ᠎ᠡ ᠬᠢᠯᠠᠯᠵᠠᠭᠰᠠᠨ ᠰᠢᠨ᠎ᠡ ᠬᠢᠷᠢ ᠪᠦᠳᠦᠮᠵᠢ ᠡᠬᠦᠳᠴᠤ᠂ ᠠᠤᠭ᠎ᠠ ᠬᠠᠷᠠᠯᠳᠠ ᠳᠠᠭᠠᠨ ᠬᠦᠷᠴᠦ ᠴᠢᠳᠠᠬᠤ ᠶᠤᠮ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号