ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ ᠤᠯᠤᠰ ᠤᠨ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠳᠡᠭᠡᠷ᠎ᠠ ᠦᠨᠡᠨ ᠬᠦ ᠨᠢᠭᠡᠳᠭᠡᠰᠦᠭᠡᠢ
ᠨᠡᠶᠢᠲᠡᠯᠡᠭᠰᠡᠨ ᠴᠠᠭ᠄
2021/7/28
 ᠬᠠᠪᠤᠷ ᠴᠠᠭ ᠬᠤᠷᠠᠯᠳᠤᠭᠰᠠᠨ ᠦᠪᠡᠳᠡᠭᠰᠢ ᠬᠤᠷᠠᠯ ᠤᠷᠢᠨ ᠰᠠᠶᠢᠬᠠᠨ ᠴᠢᠮᠡᠭᠡ ᠶᠢ ᠳᠠᠮᠵᠢᠭᠤᠯᠵᠦ᠂ ᠬᠦᠰᠡᠯ ᠡᠷᠡᠮᠡᠯᠵᠡᠯ ᠢ ᠬᠦᠪᠦᠷᠡᠬᠦᠯᠦᠨ᠎ᠠ᠃ 2021 ᠤᠨ ᠤ ᠪᠦᠬᠦ ᠤᠯᠤᠰ ᠤᠨ ︽ᠬᠤᠶᠠᠷ ᠬᠤᠷᠠᠯ︾ ᠪᠤᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠴᠢᠬᠤᠯᠠ ᠶᠡᠭᠡ ᠴᠠᠭ ᠮᠦᠴᠡ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠳᠠ ᠶᠢᠨ ᠳᠠᠦᠭᠡ ᠶᠢᠨ ᠠᠭᠤᠯᠵᠠᠷ ᠤᠨ ᠵᠠᠩᠬᠢᠯᠠᠭ᠎ᠠ ᠶᠢᠨ ᠭᠠᠷᠤᠭ᠎ᠠ᠂ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠡᠬᠢᠯᠡᠯᠳᠠ ᠶᠢᠨ ᠱᠠᠳᠤᠨ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠤᠯᠤᠨ᠎ᠠ᠃ ᠶᠡᠭᠡ ᠬᠤᠷᠠᠯ ᠲᠡᠬᠦᠰ ᠠᠮᠵᠢᠯᠳᠠ ᠲᠠᠢ ᠬᠤᠷᠠᠯᠳᠤᠵᠦ᠂ ᠡᠯᠪᠡᠭ ᠠᠮᠵᠢᠯᠳᠠ ᠪᠦᠳᠦᠮᠵᠢ ᠤᠯᠤᠨ᠂ ︽ᠠᠷᠪᠡᠨ ᠲᠦᠷᠪᠡᠳᠦᠬᠡᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠰᠠᠶᠢᠨ ᠡᠬᠢᠯᠡᠯᠳᠠ ᠶᠢ ᠪᠡᠶᠡᠯᠡᠬᠦᠯᠬᠦ᠂ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠢᠯᠠᠯᠳᠠ ᠶᠢ ᠲᠡᠮᠡᠴᠡᠨ ᠤᠯᠬᠤ ᠢᠳᠡᠭᠡᠯ ᠵᠤᠷᠢᠭ ᠢ ᠨᠡᠮᠡᠭᠳᠡᠬᠦᠯᠦᠨ᠂ ᠬᠦᠴᠦᠨ ᠴᠢᠳᠠᠯ ᠢ ᠨᠢᠬᠳᠠᠷᠠᠭᠤᠯᠵᠠᠢ᠃ ᠪᠦᠬᠦ ᠤᠷᠤᠨ ᠳᠠᠶᠠᠭᠠᠷ ᠲᠤᠰ ᠤᠳᠠᠭᠠᠨ ᠤ ᠪᠦᠬᠦ ᠤᠯᠤᠰ ᠤᠨ ︽ᠬᠤᠶᠠᠷ ᠬᠤᠷᠠᠯ︾᠎ ᠤᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠲᠠᠨᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠪᠦᠬᠦ ᠤᠯᠤᠰ ᠤᠨ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠲᠡᠬᠡᠷ᠎ᠠ ᠨᠢᠭᠡᠳᠭᠡᠨ᠂ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠤᠷᠤᠯᠴᠠᠨ ᠤᠬᠠᠭᠤᠯᠵᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠭᠡᠷᠡᠭᠲᠡᠢ᠃ ᠠᠷᠠᠳ ᠲᠦᠮᠡᠨ ᠤ ᠤᠳᠤᠷᠢᠳᠤᠬᠴᠢ ᠤᠮᠠᠷᠠᠳᠦ ᠬᠢᠯᠢ ᠳᠤ ᠰᠡᠳᠬᠢᠯ ᠢᠶᠠᠨ ᠬᠤᠯᠪᠤᠵᠦ᠂ ᠦᠨᠳᠦᠰᠦᠳᠡᠨ ᠨᠦᠭᠦᠳ ᠤᠨ ᠬᠦᠪᠡᠬᠦᠳ ᠦᠬᠢᠳ ᠠᠴᠢ ᠶᠢ ᠨᠢ ᠬᠠᠷᠢᠭᠤᠯᠠᠨ ᠡᠷᠡᠮᠡᠭᠡᠶᠢᠯᠡᠨ ᠤᠷᠤᠬᠰᠢᠯᠠᠨ᠎ᠠ᠃ ᠶᠡᠷᠦᠩᠭᠡᠢ ᠱᠦᠵᠢ ᠰᠢ ᠶᠢᠨ ᠫᠢᠩ ᠤᠨ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠨᠢ ᠥᠪᠦᠷ ᠮᠤᠩᠭᠤᠯ ᠤᠨ ᠪᠦᠬᠦ ᠲᠠᠯ᠎ᠠ ᠶᠢᠨ ᠠᠵᠢᠯ ᠪᠠ ᠠᠯᠤᠰ ᠭᠡᠳᠦ ᠶᠢᠨ ᠬᠦᠭᠵᠢᠯᠳᠠ ᠳᠤ ᠬᠤᠯᠪᠤᠭᠳᠠᠬᠤ ᠠᠰᠠᠭᠤᠳᠠᠯ ᠢ ᠬᠦᠨᠵᠡᠭᠡᠢ ᠳᠤᠳᠤᠷᠬᠠᠢᠢᠯᠠᠨ ᠦᠬᠦᠯᠡᠵᠦ᠂ ᠦᠵᠡᠯ ᠰᠠᠨᠠᠭ᠎ᠠ ᠨᠢ ᠬᠦᠨ ᠬᠦᠨᠵᠡᠭᠡᠢ᠂ ᠳᠤᠳᠤᠭᠠᠳᠦ ᠠᠭᠤᠯᠤᠬᠳᠠᠬᠤᠨ ᠨᠢ ᠡᠯᠪᠡᠭ ᠪᠠᠶᠠᠯᠢᠭ᠂ ᠦᠭᠡ ᠦᠨᠡᠨᠴᠢ ᠰᠡᠳᠬᠢᠯᠭᠡ ᠬᠦᠨ ᠪᠠᠶᠢᠵᠦ᠂ ᠪᠢᠳᠡᠨ ᠤ ᠰᠢᠨ᠎ᠠ ᠬᠦᠭᠵᠢᠯᠳᠠ ᠶᠢᠨ ᠱᠠᠳᠤᠨ ᠤ ᠡᠯ᠎ᠠ ᠵᠦᠢᠯ ᠤᠨ ᠠᠵᠢᠯ ᠢᠶᠠᠨ ᠰᠠᠶᠢᠳᠤᠷ ᠬᠢᠬᠦ ᠳᠤ ᠦᠵᠡᠯ ᠰᠠᠨᠠᠭᠠᠨ ᠤ ᠵᠢᠷᠤᠮᠯᠠᠯ ᠪᠠ ᠠᠵᠢᠯᠯᠠᠭᠠᠨ ᠤ ᠵᠦᠭᠯᠡᠬᠦᠷ ᠬᠠᠩᠭᠠᠵᠦ᠂ ᠥᠪᠦᠷ ᠮᠤᠩᠭᠤᠯ ᠤᠨ ᠬᠦᠭᠵᠢᠯᠳᠠ ᠳᠤ ᠬᠦᠴᠦᠷᠭᠡᠭ ᠶᠡᠭᠡ ᠤᠯᠤᠰ ᠲᠦᠷᠦ ᠶᠢᠨ ᠬᠦᠳᠡᠯᠭᠡᠬᠦ ᠬᠦᠴᠦ᠂ ᠤᠶᠤᠨ ᠰᠠᠨᠠᠭᠠᠨ ᠤ ᠬᠦᠳᠡᠯᠭᠡᠬᠦ ᠬᠦᠴᠦ᠂ ᠠᠵᠢᠯ ᠤᠨ ᠬᠦᠳᠡᠯᠭᠡᠬᠦ ᠬᠦᠴᠦ ᠨᠡᠮᠡᠷᠢᠯᠡᠵᠡᠢ᠃ ᠪᠦᠬᠦ ᠤᠷᠤᠨ ᠳᠠᠶᠠᠭᠠᠷ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠡᠬᠦᠨ ᠠᠴᠠ ᠡᠮᠦᠨᠡᠬᠢ ᠥᠪᠦᠷ ᠮᠤᠩᠭᠤᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠨᠢᠬᠳᠠ ᠤᠶᠠᠯᠳᠤᠭᠤᠯᠤᠨ᠂ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠨᠢᠬᠳᠠ ᠤᠶᠠᠯᠳᠤᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠠᠭᠤᠰᠤᠯᠴᠠᠭᠤᠯᠤᠨ ᠨᠡᠪᠳᠡᠷᠡᠯᠴᠡᠬᠦᠯᠵᠦ᠂ ᠬᠦᠨᠵᠡᠭᠡᠢ ᠰᠡᠳᠬᠢᠨ ᠨᠢᠮᠪᠠᠢ ᠡᠵᠡᠮᠰᠢᠵᠦ᠂ ᠬᠠᠷᠭᠤᠭᠤᠯᠤᠨ ᠪᠠᠷᠢᠮᠵᠢᠶᠠᠯᠠᠵᠦ᠂ ᠨᠠᠶᠢᠳᠠᠪᠤᠷᠢᠵᠢᠭᠤᠯᠤᠯᠳᠠ ᠶᠢ ᠤᠨᠤᠴᠠᠳᠠᠢ ᠬᠦᠨᠵᠡᠭᠡᠢ ᠠᠬᠢᠭᠤᠯᠤᠨ᠂ ᠤᠬᠠᠮᠰᠠᠷ ᠠᠴᠠ ᠪᠠᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠰᠢᠨ᠎ᠠ ᠠᠶᠠᠨ ᠰᠢᠨ᠎ᠠ ᠱᠠᠳᠤᠨ ᠤ ᠥᠪᠦᠷ ᠮᠤᠩᠭᠤᠯ ᠤᠨ ᠰᠢᠨ᠎ᠠ ᠬᠦᠭᠵᠢᠯᠳᠠ ᠶᠢ ᠵᠢᠯᠤᠭᠤᠳᠤᠭᠤᠯᠬᠤ ᠭᠡᠷᠡᠭᠲᠡᠢ᠃ ᠲᠦᠷᠦᠭᠡ ᠴᠢᠩᠭᠠᠯᠠᠨ ᠠᠶᠠᠨ ᠳᠠᠭᠠᠨ ᠮᠤᠷᠳᠠᠵᠦ᠂ ᠡᠷᠴᠢ ᠬᠦᠪᠴᠢᠯᠡᠨ ᠡᠷᠡᠮᠡᠭᠡᠶᠢᠯᠡᠨ ᠤᠷᠤᠬᠰᠢᠯᠠᠨ᠎ᠠ᠃ ᠪᠢᠳᠠ ︽ᠬᠤᠶᠠᠭ ᠢᠶᠠᠨ ᠲᠠᠶᠢᠯᠬᠤ ᠦᠭᠡᠢ᠂ ᠡᠮᠡᠬᠡᠯ ᠢᠶᠠᠨ ᠪᠠᠭᠤᠯᠭᠠᠬᠤ ᠦᠭᠡᠢ︾ ᠪᠠᠶᠢᠬᠤ ᠲᠡᠮᠡᠴᠡᠯ ᠤᠨ ᠪᠠᠶᠢᠳᠠᠯ ᠢ ᠢᠮᠠᠬᠳᠠ ᠪᠠᠳᠤᠯᠠᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠬᠦᠭᠵᠢᠯᠳᠠ ᠪᠠ ᠠᠮᠤᠷ ᠲᠦᠪᠰᠢᠨ ᠢ ᠨᠢᠭᠡᠳᠦᠯᠳᠠᠢ ᠲᠦᠯᠦᠪᠵᠢᠬᠦᠯᠬᠦ ᠶᠢ ᠪᠠᠷᠢᠮᠳᠠᠯᠠᠨ᠂ ︽ᠠᠷᠪᠡᠨ ᠲᠦᠷᠪᠡᠳᠦᠭᠡᠷ ᠲᠠᠪᠤᠨ ᠵᠢᠯ︾᠎ ᠤᠨ ᠬᠦᠭᠵᠢᠯᠳᠠ ᠶᠢ ᠰᠠᠶᠢᠨ ᠡᠬᠢᠯᠡᠯᠳᠠ ᠲᠠᠢ ᠪᠤᠯᠭᠠᠨ ᠠᠬᠢᠭᠤᠯᠬᠤ ᠶᠢ ᠴᠢᠩᠭ᠎ᠠ ᠡᠵᠡᠮᠳᠡᠵᠦ᠂ ᠪᠦᠬᠦ ᠤᠯᠤᠰ ᠤᠨ ︽ᠬᠤᠶᠠᠷ ᠬᠤᠷᠠᠯ︾᠎ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠠᠵᠤ ᠠᠬᠤᠢ ᠶᠢᠨ ᠦᠷᠬᠦᠯᠵᠢᠯᠡᠨ ᠰᠡᠷᠬᠦᠭᠦ ᠪᠠ ᠲᠤᠭᠳᠠᠭᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠤᠨ ᠰᠢᠯᠢᠳᠡᠭᠵᠢᠬᠦᠯᠬᠦ ᠶᠢ ᠡᠷᠡᠰ ᠬᠦᠴᠤᠳᠠᠢ ᠠᠬᠢᠭᠤᠯᠤᠨ᠂ ᠠᠮᠤᠷ ᠲᠦᠪᠰᠢᠨ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠪᠠ ᠠᠷᠠᠳᠴᠢᠯᠠᠯ ᠬᠠᠤᠯᠢᠵᠢᠯ ᠤᠨ ᠪᠠᠶᠢᠭᠤᠯᠤᠯᠳᠠ ᠶᠢ ᠬᠦᠨᠵᠡᠬᠡᠢ ᠯᠠᠪᠳᠠᠭᠤᠨ ᠠᠬᠢᠭᠤᠯᠤᠨ᠂ ᠲᠡᠮᠦᠷ ᠢ ᠪᠠᠷᠢᠬᠤ ᠳᠤ ᠤᠷᠤᠮ ᠦᠯᠡᠳᠡᠭᠡᠬᠦ ᠵᠤᠷᠢᠭ ᠰᠠᠨᠠᠭ᠎ᠠ ᠪᠠᠷ ᠡᠯ᠎ᠠ ᠵᠦᠢᠯ ᠤᠨ ᠠᠵᠢᠯ ᠢᠶᠠᠨ ᠪᠤᠳᠠᠳᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠭᠡᠷᠡᠭᠲᠡᠢ᠃ ᠬᠠᠪᠤᠷ ᠤᠨ ᠤᠷᠢ ᠨᠠᠭᠠᠰᠢᠯᠠᠵᠦ ᠲᠦᠮᠡᠨ ᠪᠤᠳᠠᠰ ᠠᠮᠢᠯᠠᠬᠤ ᠪᠠᠷ᠂ ᠲᠦᠷᠦᠭᠡ ᠴᠢᠩᠭᠠᠯᠠᠨ ᠡᠷᠴᠢ ᠬᠦᠪᠴᠢᠯᠡᠵᠦ ᠠᠶᠠᠨ ᠳᠠᠭᠠᠨ ᠲᠠᠬᠢᠨ ᠮᠤᠷᠳᠠᠨ᠎ᠠ᠃ ᠰᠢᠨ᠎ᠠ ᠲᠡᠦᠭᠡ ᠶᠢᠨ ᠭᠠᠷᠤᠭ᠎ᠠ ᠳᠤ ᠵᠤᠬᠰᠤᠵᠦ᠂ ᠪᠢᠳᠠ ᠰᠢᠨ᠎ᠠ ᠪᠠᠶᠢᠳᠠᠯ ᠰᠢᠨ᠎ᠠ ᠡᠬᠦᠷᠭᠡ ᠰᠢᠨ᠎ᠠ ᠱᠠᠭᠠᠷᠳᠠᠯᠭ᠎ᠠ ᠳᠤ ᠬᠠᠨᠳᠤᠬᠤ ᠪᠠᠷ ᠪᠠᠷᠠᠬᠤ ᠦᠭᠡᠢ ᠪᠠᠰᠠ ᠰᠢᠨ᠎ᠠ ᠪᠠᠶᠢᠳᠠᠯ ᠰᠢᠨ᠎ᠠ ᠠᠰᠠᠭᠤᠳᠠᠯ ᠰᠢᠨ᠎ᠠ ᠦᠷᠢᠰᠦᠯᠳᠦᠭᠡᠨ ᠢ ᠠᠷᠭᠠᠴᠠᠭᠠᠬᠤ ᠴᠢᠬᠤᠯᠠᠳᠠᠢ᠂ ᠭᠠᠭᠴᠠ ᠬᠦ ᠬᠠᠳᠠᠭᠤ ᠪᠡᠷᠭᠡᠰᠢᠶᠠᠯᠳᠠᠢ ᠪᠤᠯᠬᠤ ᠳᠤᠳᠤᠮ ᠤᠷᠤᠬᠰᠢ ᠲᠠᠪᠰᠢᠬᠤ ᠡᠷᠴᠢ ᠵᠤᠷᠢᠭ᠂ ᠲᠠᠰᠢᠭᠤᠷ ᠨᠡᠮᠡᠬᠦ ᠦᠭᠡᠢ ᠴᠦ ᠳᠤᠪᠳᠤᠯᠤᠭ᠎ᠠ ᠲᠦᠷᠭᠡᠨ ᠪᠠᠶᠢᠬᠤ ᠤᠮᠤᠬ ᠵᠢᠪᠬᠤᠭ᠎ᠠ ᠪᠠᠷ᠂ ᠪᠠᠶᠢᠳᠠᠯ ᠢ ᠲᠠᠭᠠᠨ ᠦᠭᠡᠳᠡᠯᠡᠨ ᠲᠠᠪᠰᠢᠵᠦ᠂ ᠴᠢᠷᠮᠠᠶᠢᠬᠰᠠᠨ ᠳᠡᠭᠡᠷ᠎ᠠ ᠲᠠᠬᠢᠨ ᠴᠢᠷᠮᠠᠶᠢᠵᠦ᠂ ᠦᠷᠬᠦᠯᠵᠢᠯᠡᠨ ᠲᠡᠮᠡᠴᠡᠵᠦ᠂ ᠪᠦᠬᠦ ᠤᠯᠤᠰ ᠤᠨ ︽ᠬᠤᠶᠠᠷ ᠬᠤᠷᠠᠯ︾᠎ ᠤᠨ ᠵᠤᠷᠢᠭ ᠰᠠᠨᠠᠭ᠎ᠠ ᠶᠢ ᠪᠤᠳᠠᠳᠠᠢ ᠠᠵᠢᠯ ᠳᠠᠭᠠᠨ ᠲᠤᠭᠤᠰᠢᠯᠠᠭᠤᠯᠤᠨ᠂ ᠪᠤᠳᠠᠳᠠᠢ ᠦᠷ᠎ᠠ ᠪᠦᠳᠦᠮᠵᠢ ᠳᠡᠭᠡᠷ᠎ᠠ ᠢᠯᠡᠷᠡᠬᠦᠯᠪᠡᠯ ᠰᠠᠶᠢ ᠨᠠᠮ ᠪᠤᠯᠤᠨ ᠠᠷᠠᠳ ᠲᠦᠮᠡᠨ ᠳᠤ ᠨᠡᠩ ᠭᠤᠶᠢᠳᠠ ᠰᠠᠶᠢᠬᠠᠨ ᠰᠢᠨ᠎ᠠ ᠬᠠᠷᠢᠭᠤᠯᠳᠠ ᠶᠢᠨ ᠬᠠᠭᠤᠳᠠᠰᠤ ᠲᠤᠰᠢᠶᠠᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ ᠴᠢᠳᠠᠨ᠎ᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号