ᠦᠵᠡᠯ ᠰᠠᠨᠠᠭᠠᠨ ᠤ ︽ᠴᠢᠯᠤᠬᠡᠯᠡᠯᠲᠡ︾᠎ ᠪᠠᠷ ᠠᠵᠢᠯᠯᠠᠭ᠎ᠠ ᠶᠢᠨ ︽ᠰᠢᠪᠲᠤᠯᠤᠯᠲᠠ︾᠎ ᠶᠢ ᠬᠦᠳᠦᠯᠰᠦᠬᠡᠢ
ᠨᠡᠶᠢᠲᠡᠯᠡᠭᠰᠡᠨ ᠴᠠᠭ᠄
2021/7/28
ᠦᠵᠡᠯ ᠰᠠᠨᠠᠭᠠᠨ ᠤ ᠤᠳᠤᠷᠢᠳᠤᠮᠵᠢ ᠦᠬᠡᠢ ᠪᠤᠯ ᠠᠵᠢᠯᠯᠠᠭ᠎ᠠ ᠤᠷᠤᠬᠰᠢᠳᠠᠢ ᠶᠠᠪᠤᠬᠳᠠᠬᠤ ᠳᠤ ᠪᠡᠷᠬᠡ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠨᠢ ᠦᠵᠡᠯᠳᠡ ᠶᠢ ᠬᠤᠪᠢᠷᠠᠭᠤᠯᠬᠤ᠂ ᠠᠵᠢᠯ ᠤᠨ ᠤᠪᠤᠷ ᠢ ᠰᠠᠶᠢᠵᠢᠷᠠᠭᠤᠯᠬᠤ᠂ ᠬᠠᠷᠰᠢ ᠰᠠᠭᠠᠳ ᠢ ᠠᠷᠢᠯᠭᠠᠬᠤ ᠳᠤ ᠬᠤᠯᠪᠤᠬᠳᠠᠵᠥ᠂ ᠬᠡᠰᠡᠭ ᠠᠰᠢᠬ ᠳᠤᠰᠠ ᠶᠢᠨ ᠪᠠᠶᠢᠷᠢᠰᠢᠯ ᠢ ᠡᠪᠳᠡᠬᠦ᠂ ᠬᠡᠰᠡᠭ ᠡᠷᠬᠡ ᠶᠢᠨ ᠬᠠᠯᠬᠠᠪᠴᠢ ᠶᠢ ᠪᠠᠭᠠᠰᠬᠠᠬᠤ ᠶᠢ ᠱᠠᠭᠠᠷᠳᠠᠬᠤ ᠶᠤᠮ᠂ ᠡᠷᠬᠡᠪᠰᠢ ᠡᠩ ᠳᠡᠷᠢᠬᠦᠨ ᠳᠤ ᠦᠵᠡᠯ ᠰᠠᠨᠠᠭᠠᠨ ᠤ ᠳᠠᠯ᠎ᠠ ᠪᠠᠷ ︽ᠴᠢᠯᠤᠬᠡᠯᠡᠯᠲᠡ︾ ᠬᠢᠵᠥ᠂ ᠠᠵᠢᠯᠯᠠᠭ᠎ᠠ ᠶᠢᠨ ᠳᠠᠯ᠎ᠠ ᠪᠠᠷ ︽ᠰᠢᠪᠲᠤᠯᠤᠯᠲᠠ︾ ᠭᠠᠷᠭᠠᠬᠤ ᠬᠡᠷᠡᠭᠳᠡᠢ᠃ ᠦᠪᠦᠷ ᠮᠤᠩᠭᠤᠯ ᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠠᠰᠠᠭᠤᠳᠠᠯ ᠠᠯᠢ ᠡᠷᠳᠡ ᠠᠴᠠ ᠤᠷᠤᠰᠢᠵᠥ᠂ ᠬᠤᠤᠷ ᠬᠡᠮ ᠨᠢ ᠮᠠᠰᠢ ᠬᠦᠨ ᠪᠠᠶᠢᠳᠠᠭ᠃ ᠬᠡᠳᠦ᠋ᠢᠪᠡᠷ ᠦᠢᠷ᠎ᠠ ᠶᠢᠨ ᠵᠢᠯ ᠠᠴᠠ ᠮᠠᠨ ᠤ ᠤᠷᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢᠨ ᠳᠤᠭᠤᠷᠢᠨ ᠳᠤ ᠳᠠᠰᠤᠷᠠᠯᠳᠠ ᠦᠬᠡᠢ ᠰᠢᠨ᠎ᠡ ᠠᠷᠭ᠎ᠠ ᠬᠡᠮᠵᠢᠶ᠎ᠡ ᠲᠤᠬᠳᠠᠭᠠᠨ ᠬᠡᠷᠡᠭᠵᠢᠭᠦᠯᠵᠤ᠂ ︽ᠬᠠᠮ ᠠᠷᠭ᠎ᠠ ᠬᠡᠮᠵᠢᠶ᠎ᠡ︾ ᠠᠪᠴᠤ᠂ ᠨᠢᠬᠡ ᠬᠡᠮᠵᠢᠶᠡᠨ ᠤ ᠦᠷ᠎ᠡ ᠪᠦᠳᠦᠮᠵᠢ ᠡᠬᠦᠳᠦᠭᠰᠡᠨ ᠪᠤᠯᠪᠠᠴᠤ ᠤᠯᠠᠨ ᠳᠦᠮᠡᠨ ᠤ ᠬᠦᠰᠡᠯ ᠬᠦᠯᠢᠶᠡᠯᠳᠡ᠂ ᠠᠵᠥ ᠠᠬᠤᠢᠢᠯᠠᠯ ᠤᠨ ᠬᠦᠰᠡᠯ ᠡᠷᠡᠮᠡᠯᠵᠡᠯ ᠬᠢᠬᠡᠳ ᠳᠡᠷᠢᠬᠦᠨ ᠤ ᠭᠠᠵᠠᠷ ᠤᠷᠤᠨ ᠲᠠᠢ ᠬᠠᠷᠢᠴᠠᠭᠤᠯᠪᠠᠯ ᠪᠠᠰᠠ ᠮᠠᠰᠢ ᠶᠡᠭᠡ ᠵᠦᠷᠢᠶᠡᠨ ᠲᠠᠢ ᠪᠠᠶᠢᠨ᠎ᠠ᠃ ᠤᠯᠠᠨ ᠳᠦᠮᠡᠨ ᠤ ᠶᠠᠪᠤᠳᠠᠯ ᠬᠦᠢᠴᠡᠳᠬᠡᠬᠦ ᠶᠢᠨ ︽ᠳᠦᠪᠡᠭᠰᠢᠶᠠᠵᠥ ᠪᠠᠶᠢᠭ᠎ᠠ ᠶᠠᠪᠤᠳᠠᠯ︾᠂ ᠠᠵᠥ ᠠᠬᠤᠢᠢᠯᠠᠯ ᠤᠨ ᠪᠡᠯᠡ ᠤᠷᠤᠭᠤᠯᠬᠤ ᠪᠠ ᠦᠢᠯᠡᠳᠪᠦᠷᠢᠯᠡᠯ ᠡᠵᠡᠩᠨᠡᠯᠳᠡ ᠬᠢᠬᠦ ᠶᠢᠨ ︽ᠬᠦᠴᠢᠷ ᠠᠰᠠᠭᠤᠳᠠᠯ︾᠂ ᠳᠦᠷᠦ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠬᠤ ᠶᠢᠨ ︽ᠳᠦᠭᠵᠢᠷᠡᠯ︾ ᠪᠠᠰᠠ ᠴᠦᠬᠡᠨ ᠪᠤᠰᠤ ᠪᠠᠶᠢᠨ᠎ᠠ᠃ ᠡᠳᠡᠬᠡᠷ ᠠᠰᠠᠭᠤᠳᠠᠯ ᠨᠢ ᠭᠠᠵᠠᠷ ᠤᠷᠤᠨ ᠤ ᠳᠦᠷᠢ ᠳᠦᠷᠬᠦ ᠶᠢ ᠬᠦᠨᠳᠤ ᠨᠤᠴᠢᠳᠠᠢ ᠨᠦᠯᠦᠬᠡᠯᠡᠵᠥ᠂ ᠮᠠᠨ ᠤ ᠤᠷᠤᠨ ᠤ ᠴᠢᠨᠠᠷ ᠰᠠᠶᠢᠳᠠᠢ ᠬᠦᠭᠵᠢᠯᠳᠡ ᠶᠢ ᠬᠦᠯᠢᠶᠡᠰᠤᠯᠡᠵᠥ ᠪᠠᠶᠢᠭ᠎ᠠ ᠶᠤᠮ᠃ ᠠᠰᠠᠭᠤᠳᠠᠯ ᠪᠤᠯ ᠦᠩᠬᠡᠨ ᠳᠠᠯ᠎ᠠ ᠶᠢᠨ ᠪᠠᠶᠢᠵᠥ᠂ ᠦᠨᠳᠦᠰᠦ ᠨᠢ ᠦᠵᠡᠯ ᠰᠠᠨᠠᠭ᠎ᠠ ᠳᠡᠬᠡᠷ᠎ᠡ ᠪᠤᠢ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠰᠢᠯᠢᠳᠡᠭ ᠪᠤᠰᠤ ᠪᠠᠶᠢᠬᠤ ᠨᠢ ᠶᠠᠭᠤᠨ ᠤ ᠡᠮᠦᠨ᠎ᠠ ᠦᠵᠡᠯ ᠰᠠᠨᠠᠭ᠎ᠠ ᠤᠢᠢᠯᠠᠭᠠᠬᠳᠠᠬᠤᠨ ᠤ ᠳᠠᠯ᠎ᠠ ᠪᠠᠷ ᠠᠰᠠᠭᠤᠳᠠᠯ ᠤᠷᠤᠰᠢᠵᠥ ᠪᠠᠶᠢᠳᠠᠭ ᠠᠴᠠ ᠪᠤᠯᠪᠡ᠃ ᠵᠠᠬ᠎ᠠ ᠳᠡᠯᠬᠡᠬᠦᠷ ᠤᠨ ᠠᠵᠥ ᠠᠬᠤᠢ ᠪᠤᠯ ᠡᠬᠢ ᠪᠠᠶᠠᠯᠢᠭ ᠤᠨ ᠳᠤᠬᠢᠷᠠᠭᠤᠯᠤᠯᠳᠠ ᠶᠢᠨ ᠬᠠᠮᠤᠭ ᠤᠨ ᠪᠦᠳᠦᠮᠵᠢᠳᠡᠢ ᠬᠡᠯᠪᠡᠷᠢ ᠪᠤᠯᠤᠨ᠎ᠠ᠃ ᠦᠵᠡᠯ ᠰᠠᠨᠠᠭᠠᠨ ᠤ ᠳᠠᠯ᠎ᠠ ᠪᠠᠷ ︽ᠴᠢᠯᠤᠬᠡᠯᠡᠯᠲᠡ︾ ᠬᠢᠵᠥ᠂ ᠠᠵᠢᠯᠯᠠᠭ᠎ᠠ ᠶᠢᠨ ᠳᠠᠯ᠎ᠠ ᠪᠠᠷ ︽ᠰᠢᠪᠲᠤᠯᠤᠯᠲᠠ︾ ᠭᠠᠷᠭᠠᠬᠤ ᠳᠤ ᠡᠷᠬᠡᠪᠰᠢ ᠵᠠᠬ᠎ᠠ ᠳᠡᠯᠬᠡᠬᠦᠷ ᠤᠨ ᠤᠬᠠᠮᠰᠠᠷ ᠢᠶᠠᠨ ᠴᠢᠩᠭᠠᠳᠬᠠᠵᠥ᠂ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠬᠡᠬᠦᠷ ᠢ ᠳᠠᠨᠢᠵᠥ᠂ ᠵᠠᠬ᠎ᠠ ᠳᠡᠯᠬᠡᠬᠦᠷ ᠲᠤ ᠵᠤᠬᠢᠴᠠᠬᠤ ᠬᠡᠷᠡᠭᠳᠡᠢ ᠶᠤᠮ᠃ ᠬᠡᠰᠡᠭ ᠺᠠᠳ᠋ᠷᠴᠤᠳ ᠢ ᠠᠵᠢᠬᠤ ᠳᠤ᠂ ᠵᠠᠷᠢᠮ ᠨᠢ ᠬᠢᠵᠠᠭᠠᠷᠯᠠᠵᠤ ᠬᠤᠷᠢᠭᠯᠠᠬᠤ᠂ ᠭᠠᠷ ᠳᠦᠷᠦᠬᠦ ᠳᠤᠷᠠᠳᠠᠢ᠂ ᠵᠠᠷᠢᠮ ᠨᠢ ᠲᠦᠯᠦᠪᠯᠡᠭᠡ ᠶᠢᠨ ᠵᠠᠷᠯᠢᠭ᠂ ᠵᠠᠰᠠᠭ ᠵᠠᠬᠢᠷᠭᠠᠨ ᠤ ᠵᠠᠷᠯᠢᠭ ᠲᠤ ᠵᠠᠩᠰᠢᠵᠤ᠂ ᠵᠠᠷᠢᠮ ᠨᠢ ︽ᠲᠤᠷᠭᠠᠵᠤ ᠬᠠᠰᠢᠬᠤ︾᠎ ᠳᠤ ᠢᠳᠡᠪᠬᠢᠳᠠᠢ ᠪᠠᠶᠢᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾᠎ ᠳᠤ ᠨᠠᠵᠠᠭᠠᠢ ᠬᠠᠨᠳᠤᠵᠤ᠂ ᠵᠠᠬ᠎ᠠ ᠳᠡᠯᠭᠡᠭᠦᠷ ᠤᠨ ᠬᠢᠬᠦ ᠶᠤᠰᠤᠳᠠᠢ ᠶᠠᠪᠤᠳᠠᠯ ᠳᠤ ᠭᠠᠷ ᠳᠦᠷᠦᠵᠤ᠂ ᠠᠵᠤ ᠠᠬᠤᠢᠢᠯᠠᠯ ᠠᠴᠠ ᠲᠤᠭᠳᠠᠭᠠᠬᠤ ᠶᠤᠰᠤᠳᠠᠢ ᠶᠠᠪᠤᠳᠠᠯ ᠢ ᠰᠠᠨᠠᠭ᠎ᠠ ᠪᠠᠷ ᠢᠶᠠᠨ ᠵᠢᠭᠠᠨ ᠳᠤᠬᠢᠵᠤ᠂ ᠵᠠᠰᠠᠭ ᠤᠨ ᠤᠷᠳᠤᠨ ᠠᠴᠠ ᠬᠢᠬᠦ ᠶᠤᠰᠤᠳᠠᠢ ᠶᠠᠪᠤᠳᠠᠯ ᠢ ᠬᠠᠷᠢᠨ ᠵᠠᠶᠢᠯᠠᠭᠤᠯᠤᠨ ᠬᠤᠶᠢᠰᠢᠯᠠᠭᠤᠯᠳᠠᠭ᠃ ᠲᠠᠶᠢᠮᠤ ᠠᠴᠠ᠂ ᠦᠵᠡᠯ ᠰᠠᠨᠠᠭᠠᠨ ᠤ ᠲᠠᠯ᠎ᠠ ᠶᠢᠨ ᠬᠠᠷᠰᠢ ᠰᠠᠭᠠᠳ ᠢ ᠠᠷᠢᠯᠭᠠᠬᠤ ᠦᠭᠡᠢ ᠪᠤᠯ ᠲᠦᠷᠦ ᠶᠢᠨ ᠪᠤᠳᠤᠯᠭ᠎ᠠ ᠬᠡᠳᠦᠢ ᠰᠠᠶᠢᠨ ᠪᠠᠶᠢᠭᠰᠠᠨ ᠴᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠶᠢᠨ ᠬᠠᠷᠰᠢ ᠰᠠᠭᠠᠳ ᠢ ᠠᠷᠢᠯᠭᠠᠵᠤ ᠴᠢᠳᠠᠬᠤ ᠦᠭᠡᠢ ᠶᠤᠮ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠪᠤᠯᠤᠨ ᠠᠵᠤ ᠠᠬᠤᠢᠢᠯᠠᠯ ᠬᠤᠶᠠᠷ ᠪᠤᠯ ᠵᠢᠭᠠᠰᠤ ᠪᠠ ᠤᠰᠤᠨ ᠤ ᠬᠠᠷᠢᠴᠠᠭ᠎ᠠ ᠲᠠᠢ ᠶᠤᠮ᠃ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠶᠢᠨ ᠬᠠᠮᠤᠭ ᠤᠨ ᠮᠦᠨ ᠴᠢᠨᠠᠷ ᠤᠨ ᠠᠭᠤᠯᠭ᠎ᠠ ᠪᠤᠯ ᠳᠠᠷᠤᠢ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠵᠤ᠂ ︽ᠳᠤᠳᠤᠨᠤ ᠴᠡᠪᠡᠷ︾ ᠬᠠᠷᠢᠴᠠᠭ᠎ᠠ ᠶᠢ ᠪᠠᠶᠢᠭᠤᠯᠤᠨ᠎ᠠ᠃ ᠮᠠᠨ ᠤ ᠵᠠᠷᠢᠮ ᠺᠠᠳ᠋ᠷᠴᠤᠳ ᠲᠤ ︽ᠳᠠᠷᠤᠭ᠎ᠠ ᠶᠢ ᠳᠡᠭᠡᠳᠦᠯᠡᠬᠦ᠂ ᠡᠷᠬᠡ ᠶᠢ ᠳᠡᠭᠡᠳᠦᠯᠡᠬᠦ᠂ ᠦᠪᠡᠷ ᠢ ᠪᠠᠨ ᠳᠡᠭᠡᠳᠦᠯᠡᠬᠦ︾ ᠦᠵᠡᠯ ᠰᠠᠨᠠᠭ᠎ᠠ ᠮᠠᠰᠢ ᠭᠦᠨ ᠦᠨᠳᠦᠰᠦᠯᠡᠵᠤ᠂ ᠠᠵᠤ ᠠᠬᠤᠢᠢᠯᠠᠯ ᠪᠤᠯᠤᠨ ᠤᠯᠠᠨ ᠲᠦᠮᠡᠨ ᠢᠶᠠᠷ ᠭᠤᠶᠤᠭᠤᠯᠬᠤ ᠳᠤᠷᠠᠳᠠᠢ ᠪᠠᠶᠢᠵᠤ᠂ ︽ᠦᠢᠯᠡᠴᠢᠯᠡᠭᠴᠢ︾᠎ ᠶᠢᠨ ᠵᠤᠷᠢᠭ ᠰᠠᠨᠠᠭ᠎ᠠ ᠪᠤᠯᠤᠨ ︽ᠵᠠᠷᠤᠴᠠ︾᠎ ᠶᠢᠨ ᠦᠢᠯᠡᠴᠢᠯᠡᠭᠡ ᠬᠦᠨᠳᠦ ᠨᠤᠴᠢᠳᠠᠢ ᠳᠤᠳᠠᠭᠳᠠᠵᠤ ᠪᠠᠶᠢᠨ᠎ᠠ᠃ ᠦᠵᠡᠯ ᠰᠠᠨᠠᠭᠠᠨ ᠤ ᠭᠦᠨ ᠳᠠᠬᠢ ᠠᠰᠠᠭᠤᠳᠠᠯ ᠢ ᠰᠢᠢᠳᠪᠦᠷᠢᠯᠡᠬᠦ ᠦᠭᠡᠢ᠂ ᠲᠤᠰ ᠪᠡᠶ᠎ᠠ ᠶᠢᠨ ᠪᠠᠶᠢᠷᠢ ᠲᠤᠭᠳᠠᠭᠠᠯᠳᠠ ᠪᠠᠨ ︽ᠬᠠᠮᠢᠶᠠᠷᠤᠭᠴᠢ︾᠎ ᠠᠴᠠ ︽ᠦᠢᠯᠡᠴᠢᠯᠡᠭᠴᠢ︾ ᠲᠡᠶᠢᠰᠢ ᠬᠤᠪᠢᠷᠠᠭᠤᠯᠬᠤ ᠦᠭᠡᠢ ᠪᠤᠯ ᠦᠷ᠎ᠠ ᠠᠰᠢᠭ ᠢ ᠬᠡᠷᠬᠢᠨ ᠳᠡᠭᠡᠭᠰᠢᠯᠡᠭᠦᠯᠵᠤ᠂ ᠤᠷᠴᠢᠨ ᠨᠦᠬᠦᠴᠡᠯ ᠢ ᠬᠡᠷᠬᠢᠨ ᠰᠢᠯᠢᠳᠡᠭᠵᠢᠭᠦᠯᠵᠤ ᠴᠢᠳᠠᠬᠤ ᠪᠢᠯᠡ︖ ᠬᠠᠤᠯᠢᠵᠢᠯ ᠪᠤᠯ ᠬᠠᠮᠤᠭ ᠤᠨ ᠰᠠᠶᠢᠨᠬᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠪᠤᠯᠤᠨ᠎ᠠ᠃ ᠤᠳᠤ ᠶᠢᠨ ᠪᠠᠶᠢᠳᠠᠯ ᠢ ᠬᠠᠷᠠᠬᠤ ᠳᠤ᠂ ᠮᠠᠨ ᠤ ᠤᠷᠤᠨ ᠳᠤ ︽ᠡᠪᠬᠡᠮᠡᠯ ᠡᠭᠦᠳᠡ︾ ︽ᠰᠢᠯ ᠡᠭᠦᠳᠡ︾ ︽ᠬᠠᠷᠢᠮᠠᠬᠠᠢ ᠡᠭᠦᠳᠡ︾ ︽ᠡᠷᠭᠢᠯᠳᠡ ᠡᠭᠦᠳᠡ︾ ᠶᠡᠭᠡ ᠭᠡᠮᠵᠢᠶ᠎ᠠ ᠪᠠᠷ ᠤᠷᠤᠰᠢᠵᠤ᠂ ᠰᠠᠨᠠᠭᠠᠨ ᠲᠠᠪᠠ ᠪᠠᠷ ᠢᠶᠠᠨ ᠬᠠᠤᠯᠢ ᠬᠡᠷᠡᠭᠵᠢᠭᠦᠯᠬᠦ᠂ ᠲᠦᠪ ᠭᠤᠤᠯᠴᠢ ᠪᠤᠰᠤ ᠪᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠳᠤ ᠴᠢᠩᠭ᠎ᠠ ᠪᠢᠰᠢ ᠵᠡᠷᠭᠡ ᠠᠰᠠᠭᠤᠳᠠᠯ ᠮᠦᠨ ᠬᠦ ᠳᠤᠪᠤᠶᠢᠮ᠎ᠠ ᠪᠠᠶᠢᠬᠤ ᠶᠢᠨ ᠤᠭ ᠰᠢᠯᠳᠠᠭᠠᠨ ᠪᠤᠯ ᠳᠠᠷᠤᠢ ᠦᠵᠡᠯ ᠰᠠᠨᠠᠭ᠎ᠠ ᠪᠠᠨ ᠴᠢᠯᠦᠭᠡᠯᠡᠭᠰᠡᠨ ᠢᠶᠠᠷ ᠬᠦᠢᠴᠡᠳ ᠪᠤᠰᠤ᠂ ᠬᠠᠤᠯᠢᠵᠢᠯ ᠤᠨ ᠤᠬᠠᠮᠰᠠᠷ ᠳᠤᠳᠠᠮᠠᠭ ᠪᠠᠶᠢᠵᠤ᠂ ᠵᠠᠷᠢᠮ ᠺᠠᠳ᠋ᠷᠴᠤᠳ ᠤᠨ ᠲᠠᠷᠢᠬᠢ ᠲᠤᠯᠤᠭᠠᠢ ᠳᠤ ᠳᠦᠷᠢᠮ ᠶᠤᠰᠤᠭᠠᠷ ᠶᠠᠪᠤᠳᠠᠯ ᠭᠦᠢᠴᠡᠳᠭᠡᠬᠦ᠂ ᠬᠠᠤᠯᠢ ᠲᠤᠭᠳᠠᠭᠠᠯ ᠲᠦᠷᠦ ᠶᠢᠨ ᠪᠤᠳᠤᠯᠭ᠎ᠠ ᠶᠤᠰᠤᠭᠠᠷ ᠶᠠᠪᠤᠳᠠᠯ ᠭᠦᠢᠴᠡᠳᠭᠡᠬᠦ ᠤᠬᠠᠮᠰᠠᠷ ᠶᠡᠷᠦ ᠨᠢ ᠦᠭᠡᠢ ᠠᠴᠠ ᠪᠤᠯᠵᠠᠢ᠃ ᠡᠲᠡᠭᠡᠷ ᠠᠰᠠᠭᠤᠲᠠᠯ ᠢ ᠰᠢᠢᠳᠪᠦᠷᠢᠯᠡᠵᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠳᠤ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠵᠥ᠂ ᠬᠠᠤᠯᠢᠵᠢᠯ ᠤᠨ ᠠᠷᠭ᠎ᠠ ᠬᠡᠷᠡᠭᠯᠡᠭᠦᠷ ᠢ ᠰᠠᠶᠢᠳᠤᠷ ᠭᠡᠷᠡᠭᠯᠡᠬᠦ ᠪᠤᠯ ᠴᠢᠬᠤᠯᠠ ᠠᠴᠠ ᠴᠢᠬᠤᠯᠠ ᠵᠦᠢᠯ ᠪᠤᠯᠤᠨ᠎ᠠ᠂ ᠠᠯᠢᠪᠠ ᠦᠢᠯᠡ ᠠᠵᠢᠯᠯᠠᠭ᠎ᠠ ᠪᠠᠨ ᠲᠦᠷᠢᠮ ᠶᠤᠰᠤᠭᠠᠷ ᠶᠠᠪᠤᠭᠲᠠᠭᠤᠯᠵᠦ᠂ ᠠᠯᠢᠪᠠ ᠤᠴᠢᠷ ᠶᠠᠪᠤᠲᠠᠯ ᠢ ᠬᠠᠤᠯᠢ ᠶᠤᠰᠤᠭᠠᠷ ᠬᠢᠵᠦ᠂ ᠨᠡᠶᠢᠭᠡᠮ ᠤᠨ ᠲᠦᠪ ᠭᠤᠤᠯᠴᠢ ᠪᠠᠶᠢᠬᠤ ᠶᠢ ᠲᠠᠰᠤᠷᠠᠯᠲᠠ ᠦᠭᠡᠢ ᠠᠬᠢᠭᠤᠯᠵᠦ᠂ ᠰᠠᠶᠢᠨ ᠬᠠᠤᠯᠢ ᠪᠠᠷ ᠰᠠᠶᠢᠲᠤᠷ ᠵᠠᠰᠠᠵᠦ ᠬᠠᠮᠤᠭ ᠤᠨ ᠰᠢᠯᠢᠲᠡᠭ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠪᠤᠢ ᠪᠤᠯᠭᠠᠬᠤ ᠭᠡᠷᠡᠭᠲᠡᠢ᠃ ︽ᠬᠠᠷᠢᠭᠤ ᠲᠠᠢ ᠪᠤᠯ ᠪᠠᠷᠢᠭᠤ ᠲᠠᠢ︾ ᠭᠡᠳᠡᠭ᠃ ᠪᠢᠲᠠ ᠦᠨᠡᠡᠴᠢ ᠢᠲᠡᠭᠡᠮᠵᠢ ᠲᠠᠢ᠂ ᠬᠠᠤᠯᠢ ᠶᠤᠰᠤᠭᠠᠷ ᠵᠠᠰᠠᠭ ᠪᠠᠷᠢᠵᠦ᠂ ᠦᠢᠯᠡᠴᠢᠯᠡᠭᠡ ᠪᠠᠨ ᠨᠠᠶᠢᠲᠠᠪᠤᠷᠢᠵᠢᠭᠤᠯᠪᠠᠯ ᠠᠵᠦ ᠠᠬᠤᠢᠢᠯᠠᠯ ᠲᠠᠷᠤᠢ ᠰᠡᠳᠭᠢᠯ ᠠᠮᠤᠷ ᠬᠦᠭᠵᠢᠵᠦ ᠴᠢᠲᠠᠨ᠎ᠠ᠂ ᠴᠢᠨᠠᠬᠰᠢᠯᠠᠪᠠᠯ ᠰᠠᠨᠠᠭᠠᠴᠢᠯᠠᠭ᠎ᠠ ᠠᠴᠠ ᠪᠠᠨ ᠤᠷᠤᠨ ᠨᠤᠲᠤᠭ ᠢ ᠤᠬᠠᠭᠤᠯᠵᠦ᠂ ᠪᠡᠯᠡ ᠤᠷᠤᠭᠤᠯᠤᠯᠲᠠ ᠪᠠᠨ ᠨᠡᠮᠡᠭᠲᠡᠭᠦᠯᠵᠦ ᠡᠵᠡᠩᠨᠡᠯᠲᠡ ᠪᠠᠨ ᠦᠷᠭᠡᠳᠭᠡᠨ᠎ᠠ᠃ ᠭᠡᠷᠪᠠ ᠦᠨᠡᠡᠴᠢ ᠢᠲᠡᠭᠡᠮᠵᠢ ᠦᠭᠡᠢ᠂ ᠬᠠᠤᠯᠢ ᠭᠡᠷᠡᠭᠵᠢᠭᠦᠯᠦᠯᠲᠡ ᠨᠢ ᠭᠤᠤᠯᠴᠢ ᠪᠢᠰᠢ᠂ ᠦᠢᠯᠡᠴᠢᠯᠡᠭᠡ ᠲᠤᠲᠠᠭᠲᠠᠬᠤ ᠳᠤ ᠬᠦᠷᠪᠡᠯ ᠠᠵᠦ ᠠᠬᠤᠢᠢᠯᠠᠯ ᠶᠠᠷᠢᠶᠠᠠ ᠦᠭᠡᠢ ᠲᠤᠷ᠎ᠠ ᠦᠭᠡᠶᠢᠴᠡᠬᠦ ᠶᠤᠮ᠃ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠳᠤ ᠠᠮᠠᠯᠠᠯᠲᠠ ᠬᠢᠬᠦ ᠳᠤ ᠬᠢᠯᠪᠠᠷ᠂ ᠢᠲᠡᠭᠡᠯ ᠢᠶᠠᠨ ᠰᠠᠬᠢᠬᠤ ᠳᠤ ᠬᠦᠴᠢᠷ ᠪᠠᠶᠢᠲᠠᠭ︔ ᠬᠤᠲᠠᠯᠲᠤᠭᠠᠴᠢᠨ ᠤᠷᠢᠬᠤ ᠳᠤ ᠬᠢᠯᠪᠠᠷ᠂ ᠦᠨᠡᠡ ᠪᠤᠲᠠᠲᠠᠢ ᠤᠴᠢᠷ ᠶᠠᠪᠤᠲᠠᠯ ᠬᠢᠬᠦ ᠳᠤ ᠬᠦᠴᠢᠷ ᠪᠠᠶᠢᠲᠠᠭ᠃ ᠡᠲᠡᠭᠡᠷ ︽ᠬᠦᠴᠢᠷ︾᠎ ᠢ ᠢᠯᠠᠠ ᠲᠠᠪᠠᠭ᠋ᠤ ᠳᠤ ᠪᠢᠲᠠ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠦᠭᠡᠯᠡᠵᠦ᠂ ᠦᠨᠡᠡᠴᠢ ᠢᠲᠡᠭᠡᠮᠵᠢ ᠲᠠᠢ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠪᠤᠢ ᠪᠤᠯᠭᠠᠵᠦ᠂ ᠲᠦᠷᠢᠮ ᠲᠤᠭᠲᠠᠭᠠᠯ ᠢ ᠶᠠᠷᠢᠵᠦ᠂ ᠲᠦᠷᠢᠮ ᠲᠤᠭᠲᠠᠭᠠᠯ ᠢ ᠴᠢᠬᠤᠯᠠᠴᠢᠯᠠᠵᠦ᠂ ᠬᠡᠯᠡᠪᠡᠯ ᠬᠢᠵᠦ᠂ ᠠᠮᠠᠯᠠᠯᠲᠠ ᠪᠠᠨ ᠵᠠᠪᠠᠯ ᠦᠢᠯᠡᠲᠦᠯᠭᠡᠵᠢᠭᠦᠯᠪᠠᠯ ᠰᠠᠶ᠋ᠢ ᠠᠵᠦ ᠠᠬᠤᠢᠢᠯᠠᠯ ᠲᠤᠷᠠᠲᠠᠶ᠎ᠠ ᠦᠯᠡᠲᠡᠵᠦ᠂ ᠵᠠᠬ᠎ᠠ ᠲᠡᠯᠭᠡᠭᠦᠷ ᠰᠠᠶ᠋ᠢ ᠬᠦᠭᠵᠢᠨ ᠴᠡᠴᠡᠭᠯᠡᠵᠦ ᠴᠢᠲᠠᠨ᠎ᠠ᠃ ᠤᠷᠴᠢᠠ ᠨᠦᠬᠦᠴᠡᠯ ᠪᠤᠯ ᠤᠰᠤ᠂ ᠠᠵᠦ ᠠᠬᠤᠢᠢᠯᠠᠯ ᠪᠤᠯ ᠵᠢᠭᠠᠰᠤ᠂ ᠦᠷᠭᠡᠨ ᠲᠠᠯᠠᠢ ᠳᠤ ᠵᠢᠭᠠᠰᠤ ᠰᠠᠨᠠᠭᠠᠠ ᠲᠠᠪᠠ ᠪᠠᠷ ᠢᠶᠠᠨ ᠤᠮᠪᠠᠵᠦ ᠴᠢᠲᠠᠨ᠎ᠠ᠃ ᠤᠲᠤ᠂ ᠪᠦᠬᠦ ᠤᠯᠤᠰ ᠤᠨ ᠡᠯ᠎ᠠ ᠭᠠᠵᠠᠷ ᠪᠦᠷ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢᠶᠠᠨ ᠰᠢᠯᠢᠲᠡᠭᠵᠢᠭᠦᠯᠬᠦ ᠲᠠᠯ᠎ᠠ ᠪᠠᠷ ︽ᠪᠤᠲᠠᠲᠠᠢ ᠠᠷᠭ᠎ᠠ ᠬᠡᠮᠵᠢᠶ᠎ᠠ ᠠᠪᠴᠤ︾ ︽ᠬᠦᠴᠤᠲᠠᠢ ᠠᠷᠭ᠎ᠠ ᠬᠡᠮᠵᠢᠶ᠎ᠠ ᠠᠪᠴᠤ︾ ᠪᠤᠢ᠂ ᠬᠠᠷᠠᠬᠠᠨ ᠬᠦᠭᠵᠢᠭᠡᠲᠦᠢ ᠭᠠᠵᠠᠷ ᠤᠷᠤᠨ ᠪᠤᠯᠤᠭᠰᠠᠠ ᠤ ᠬᠤᠪᠢ ᠳᠤ ᠪᠢᠲᠠ ᠡᠷᠭᠡᠪᠰᠢ ︽ᠬᠤᠷᠲᠤᠨ ᠮᠤᠷᠢᠨ ᠳᠤ ᠲᠠᠰᠢᠭᠤᠷ ᠲᠠᠯᠪᠢᠵᠦ︾᠂ ᠶᠡᠭᠡ ᠬᠦᠴᠤ ᠤᠷᠤᠭᠤᠯᠵᠦ ᠪᠠᠶᠢᠭᠠᠳ ᠦᠵᠡᠯ ᠰᠠᠨᠠᠭᠠᠨ ᠤ ︽ᠴᠢᠯᠥᠬᠡᠯᠡᠯᠲᠡ︾᠎ ᠪᠠᠷ ᠠᠵᠢᠯᠯᠠᠭ᠎ᠠ ᠶᠢᠨ ︽ᠰᠢᠪᠲᠤᠯᠤᠯᠲᠠ︾᠎ ᠶᠢ ᠬᠦᠳᠦᠯᠤᠨ ᠳᠠᠭᠠᠭᠤᠯᠵᠤ᠂ ᠲᠡᠮᠡᠴᠡᠯ ᠤᠨ ᠵᠤᠷᠢᠭ ᠰᠠᠨᠠᠭ᠎ᠠ ᠪᠠᠷ ᠴᠡᠭᠴᠡᠯᠡᠡ ᠵᠠᠰᠠᠯᠲᠠ ᠶᠢ ᠠᠳᠬᠤᠵᠦ᠂ ᠬᠤᠪᠢᠰᠬᠠᠯᠲᠦ ᠵᠤᠷᠢᠭ ᠰᠠᠨᠠᠭ᠎ᠠ ᠪᠠᠷ ᠦᠭᠡᠷᠡᠴᠢᠯᠡᠯᠲᠡ ᠶᠢ ᠠᠳᠬᠤᠵᠦ᠂ ᠮᠤᠩᠭᠤᠯ ᠮᠤᠷᠢᠨ ᠤ ᠵᠤᠷᠢᠭ ᠰᠠᠨᠠᠭ᠎ᠠ ᠪᠠᠷ ᠲᠠᠬᠢᠨ ᠱᠤᠭᠤᠬᠤ ᠶᠢ ᠠᠳᠬᠤᠵᠦ᠂ ᠪᠦᠬᠦ ᠬᠦᠴᠤᠨ ᠢᠶᠠᠷ ᠢᠶᠠᠨ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠪᠦᠬᠦ ᠴᠤᠭᠴᠠ ᠶᠢᠨ ᠴᠢᠨᠠᠷ ᠲᠠᠢ᠂ ᠦᠨᠲᠦᠰᠦᠨ ᠴᠢᠨᠠᠷ ᠲᠠᠢ ᠰᠠᠶᠢᠵᠢᠷᠠᠭᠤᠯᠬᠤ ᠶᠢ ᠪᠡᠶᠡᠯᠡᠭᠦᠯᠬᠦ ᠶᠢ ᠠᠬᠢᠭᠤᠯᠵᠦ᠂ ᠴᠢᠨᠠᠷ ᠰᠠᠶᠢᠲᠠᠢ ᠬᠦᠭᠵᠢᠯᠲᠠ ᠳᠤ ᠬᠦᠴᠦᠷᠭᠡᠭ ᠶᠡᠭᠡ ᠬᠦᠲᠡᠯᠭᠡᠬᠦ ᠬᠦᠴᠤᠨ ᠨᠡᠮᠡᠷᠢᠯᠡᠬᠦ ᠬᠡᠷᠡᠭᠲᠡᠢ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号