ᠪᠠᠶᠢᠳᠠᠯ ᠢ ᠳᠤᠳᠤᠷᠬᠠᠢ ᠳᠠᠨᠢᠵᠥ ᠢᠳᠡᠬᠡᠯ ᠢᠶᠠᠨ ᠪᠠᠳᠤᠳᠬᠠᠰᠤᠭᠠᠢ
ᠨᠡᠶᠢᠲᠡᠯᠡᠭᠰᠡᠨ ᠴᠠᠭ᠄
2021/7/28
ᠤᠳᠤᠬᠠᠨ ᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠳᠠᠨᠢᠵᠥ᠂ ᠢᠷᠡᠬᠡᠳᠤᠢ ᠶᠢᠨ ᠬᠠᠨᠳᠤᠰᠢ ᠶᠢ ᠤᠨᠤᠪᠴᠢᠳᠠᠢ ᠡᠵᠡᠮᠳᠡᠬᠦ ᠪᠤᠯ ᠠᠵᠥ ᠠᠬᠤᠢ ᠶᠢᠨ ᠠᠵᠢᠯ ᠢ ᠰᠠᠶᠢᠳᠤᠷ ᠬᠢᠬᠦ ᠶᠢᠨ ᠤᠷᠢᠳᠠᠯ ᠨᠦᠬᠦᠴᠡᠯ ᠮᠦᠨ᠃ ᠬᠦᠭᠵᠢᠯᠳᠡ ᠶᠢᠨ ᠤᠷᠴᠢᠨ ᠬᠡᠳᠤᠢ ᠡᠬᠡᠳᠡᠷᠡᠬᠡᠨ ᠪᠤᠳᠤᠯᠢᠶᠠᠨᠳᠠᠢ ᠪᠤᠯᠬᠤ ᠳᠤᠳᠤᠮ ᠢᠶᠠᠨ ᠪᠠᠶᠢᠳᠠᠯ ᠢ ᠳᠤᠳᠤᠷᠬᠠᠢ ᠳᠠᠨᠢᠵᠥ᠂ ᠢᠳᠡᠬᠡᠯ ᠢᠶᠠᠨ ᠪᠠᠳᠤᠳᠬᠠᠬᠤ ᠴᠢᠬᠤᠯᠠᠳᠠᠢ ᠶᠤᠮ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠥ ᠠᠬᠤᠢ ᠶᠢᠨ ᠠᠵᠢᠯ ᠤᠨ ᠬᠤᠷᠠᠯ ᠤᠯᠤᠰ ᠤᠨ ᠳᠤᠳᠤᠭᠠᠳᠤ ᠭᠠᠳᠠᠭᠠᠳᠤ ᠶᠢᠨ ᠶᠡᠭᠡ ᠪᠠᠶᠢᠳᠠᠯ ᠳᠤ ᠰᠠᠭᠤᠷᠢᠯᠠᠵᠥ᠂ ᠮᠠᠨ ᠤ ᠤᠷᠤᠨ ᠤ ᠤᠳᠤᠬᠠᠨ ᠳᠤ ᠳᠤᠯᠭᠠᠷᠠᠵᠥ ᠪᠠᠶᠢᠭ᠎ᠠ ᠪᠠᠶᠢᠳᠠᠯ ᠪᠠ ᠦᠷᠢᠰᠦᠯᠳᠦᠬᠡᠨ ᠢ ᠬᠦᠨᠵᠡᠬᠡᠢ ᠵᠠᠳᠠᠯᠵᠥ᠂ ︽ᠶᠠᠭᠠᠬᠢᠵᠥ ᠦᠵᠡᠬᠦ︾᠎ ᠶᠢ ᠳᠤᠳᠤᠷᠬᠠᠢᠢᠯᠠᠨ ᠦᠭᠴᠤ᠂ ︽ᠬᠡᠷᠭᠢᠨ ᠠᠵᠢᠯᠯᠠᠬᠤ︾᠎ ᠶᠢ ᠵᠢᠭᠠᠵᠥ ᠭᠠᠷᠭᠠᠵᠥ ᠦᠭᠪᠡ᠃ ᠪᠦᠬᠦ ᠤᠷᠤᠨ ᠳᠠᠶᠠᠭᠠᠷ ᠢᠶᠠᠨ ᠳᠠᠷᠢᠬᠢ ᠳᠤᠯᠤᠭᠠᠢ ᠪᠠᠨ ᠰᠡᠷᠬᠡᠭ ᠪᠠᠶᠢᠯᠭᠠᠵᠥ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠥ᠂ ᠤᠬᠠᠮᠰᠠᠷ ᠠᠴᠠ ᠪᠠᠨ ᠦᠪᠦᠷ ᠮᠤᠩᠭᠤᠯ ᠤᠨ ᠬᠦᠭᠵᠢᠯᠳᠡ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯᠳᠤ ᠬᠤᠭᠤᠴᠠᠭ᠎ᠠ ᠳᠤ ᠳᠠᠯᠪᠢᠨ ᠰᠡᠳᠬᠢᠨ ᠪᠤᠳᠤᠯᠬᠢᠯᠠᠵᠥ᠂ ᠵᠠᠳᠠᠯᠤᠨ ᠳᠦᠯᠦᠪᠵᠢᠬᠦᠯᠵᠥ᠂ ᠬᠤᠪᠢᠷᠠᠯᠳᠠ ᠶᠢ ᠳᠠᠨᠢᠬᠤ ᠬᠤᠪᠢᠷᠠᠯᠳᠠ ᠶᠢ ᠠᠷᠭᠠᠴᠠᠭᠠᠬᠤ ᠬᠤᠪᠢᠷᠠᠯᠳᠠ ᠶᠢ ᠬᠦᠬᠡᠬᠡᠴᠡᠯᠳᠦᠬᠦ ᠳᠡᠭᠡᠨ ᠴᠢᠳᠠᠮᠠᠭᠠᠢ ᠪᠠᠶᠢᠵᠥ᠂ ᠠᠵᠢᠯ ᠤᠨ ᠤᠷᠢᠳᠠᠴᠢ ᠴᠢᠨᠠᠷ ᠪᠤᠯᠤᠨ ᠰᠠᠨᠠᠭᠠᠴᠢᠯᠠᠭᠠᠳᠤ ᠴᠢᠨᠠᠷ ᠢᠶᠠᠨ ᠳᠠᠰᠤᠷᠠᠯᠳᠠ ᠦᠬᠡᠢ ᠴᠢᠩᠭᠠᠳᠬᠠᠵᠥ᠂ ᠪᠡᠯᠡᠳᠬᠡᠯ ᠲᠠᠢ ᠳᠠᠶᠢᠨ ᠬᠢᠵᠥ᠂ ᠬᠦᠭᠵᠢᠯᠳᠡ ᠶᠢᠨ ᠰᠠᠨᠠᠭᠠᠴᠢᠯᠠᠭᠠᠳᠤ ᠡᠷᠬᠡ ᠶᠢ ᠭᠠᠷ ᠲᠠᠭᠠᠨ ᠯᠠᠪᠳᠠᠭᠤᠨ ᠠᠳᠬᠤᠵᠥ᠂ ᠠᠵᠥ ᠠᠬᠤᠢ ᠶᠢᠨ ᠦᠷᠬᠦᠯᠵᠢᠯᠡᠨ ᠰᠡᠷᠬᠦᠬᠦ ᠪᠠ ᠴᠢᠨᠠᠷ ᠰᠠᠶᠢᠳᠠᠢ ᠬᠦᠭᠵᠢᠬᠦ ᠶᠢ ᠪᠠᠳᠤᠳᠠᠢ ᠠᠬᠢᠭᠤᠯᠬᠤ ᠬᠡᠷᠡᠭᠳᠡᠢ᠃ ᠤᠯᠠᠨ ᠤᠯᠤᠰ ᠤᠨ ᠪᠠ ᠤᠯᠤᠰ ᠤᠨ ᠳᠤᠳᠤᠭᠠᠳᠤ ᠶᠢᠨ ᠬᠤᠷᠸ᠎ᠠ ᠤᠷᠴᠢᠨ ᠠᠴᠠ ᠦᠵᠡᠬᠦ ᠳᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠪᠠᠶᠢᠳᠠᠯ ᠶᠠᠭ ᠬᠦᠨᠵᠡᠬᠡᠢ ᠡᠬᠡᠳᠡᠷᠡᠬᠡᠨ ᠪᠤᠳᠤᠯᠢᠶᠠᠨᠳᠠᠢ ᠬᠤᠪᠢᠷᠠᠯᠳᠡ ᠭᠠᠷᠴᠦ᠂ ᠬᠢᠵᠢᠭ ᠤᠨ ᠪᠠᠶᠢᠳᠠᠯ ᠤᠨ ᠬᠤᠪᠢᠷᠠᠯᠳᠠ ᠪᠤᠯᠤᠨ ᠭᠠᠳᠠᠭᠠᠳᠤ ᠤᠷᠴᠢᠨ ᠠᠴᠠ ᠠᠯᠢ ᠤᠯᠠᠨ ᠳᠤᠬᠳᠠᠭᠠᠯᠳᠤ ᠪᠤᠰᠤ ᠴᠢᠨᠠᠷ ᠢ ᠠᠪᠴᠢᠷᠠᠵᠥ᠂ ᠳᠡᠯᠡᠬᠡᠢ ᠶᠢᠨ ᠠᠵᠥ ᠠᠬᠤᠢ ᠶᠢᠨ ᠰᠡᠷᠬᠦᠯᠳᠡ ᠳᠤ ᠪᠠᠰᠠ ᠳᠤᠬᠳᠠᠭᠤᠨ ᠪᠤᠰᠤ ᠳᠡᠩᠴᠡᠬᠦᠷᠢ ᠦᠬᠡᠢ ᠡᠯᠧᠮᠧᠨ᠋ᠲ ᠤᠷᠤᠰᠢᠵᠥ᠂ ᠤᠯᠤᠰ ᠤᠨ ᠳᠤᠳᠤᠭᠠᠳᠤ ᠶᠢᠨ ᠠᠵᠥ ᠠᠬᠤᠢ ᠶᠢᠨ ᠰᠡᠷᠬᠦᠯᠳᠡ ᠶᠢᠨ ᠰᠠᠭᠤᠷᠢ ᠨᠢ ᠠᠷᠠᠢ ᠪᠡᠳᠤᠵᠢᠭ᠎ᠠ ᠦᠬᠡᠢ ᠪᠠᠶᠢᠨ᠎ᠠ᠂ ᠡᠳᠡᠬᠡᠷ ᠠᠰᠠᠭᠤᠳᠠᠯ ᠨᠢ 2021 ᠤᠨ ᠤ ᠠᠵᠥ ᠠᠬᠤᠢ ᠶᠢᠨ ᠪᠠᠶᠢᠳᠠᠯ ᠢ ᠮᠦᠨ ᠬᠦ ᠪᠤᠳᠤᠯᠢᠶᠠᠨᠳᠠᠢ ᠬᠦᠨᠳᠤ ᠬᠡᠴᠡᠬᠦᠦ ᠪᠤᠯᠭᠠᠪᠠ᠃ ᠬᠡᠳᠦ᠋ᠢᠪᠡᠷ ᠡᠶᠢᠮᠦ ᠪᠤᠯᠪᠠᠴᠤ᠂ ᠮᠠᠨ ᠤ ᠤᠯᠤᠰ ᠮᠦᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯ ᠤᠨ ᠬᠤᠭᠤᠴᠠᠭᠠᠨ ᠳᠤ ᠤᠷᠤᠰᠢᠵᠤ᠂ ᠠᠵᠤ ᠠᠬᠤᠢ ᠲᠤᠬᠳᠠᠭᠤᠨ ᠤ ᠳᠤᠮᠳᠠ ᠰᠠᠶᠢᠵᠢᠷᠠᠵᠤ᠂ ᠤᠷᠳᠤ ᠬᠤᠭᠤᠴᠠᠭᠠᠨ ᠳᠤ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠠᠵᠤ ᠠᠬᠤᠢ ᠶᠢᠨ ᠳᠠᠯᠳᠠ ᠬᠦᠴᠦᠨ ᠭᠦᠢᠴᠡᠳ᠂ ᠤᠶᠠᠨ ᠬᠠᠳᠠᠨ ᠴᠢᠨᠠᠷ ᠰᠠᠶᠢᠨ᠂ ᠠᠷᠭᠠᠴᠠᠭᠠᠨ ᠵᠤᠬᠢᠴᠠᠭᠤᠯᠬᠤ ᠤᠷᠤᠨ ᠵᠠᠢ ᠶᠡᠭᠡ ᠪᠠᠶᠢᠬᠤ ᠦᠨᠳᠦᠰᠦᠨ ᠤᠨᠴᠠᠯᠢᠭ ᠬᠤᠪᠢᠷᠠᠭ᠎ᠠ ᠦᠭᠡᠢ᠂ ᠠᠵᠤ ᠠᠬᠤᠢ ᠦᠷᠭᠦᠯᠵᠢᠯᠡᠨ ᠨᠡᠮᠡᠭᠳᠡᠬᠦ ᠰᠠᠭᠤᠷᠢ ᠪᠠ ᠨᠦᠬᠦᠴᠡᠯ ᠬᠤᠪᠢᠷᠠᠭ᠎ᠠ ᠦᠭᠡᠢ᠂ ᠬᠦᠭᠵᠢᠯᠳᠡ ᠶᠢᠨ ᠤᠯᠠᠨ ᠲᠠᠯ᠎ᠠ ᠶᠢᠨ ᠳᠠᠪᠠᠭᠤᠯᠢᠭ ᠪᠠ ᠨᠦᠬᠦᠴᠡᠯ ᠴᠤ ᠬᠤᠪᠢᠷᠠᠭ᠎ᠠ ᠦᠭᠡᠢ᠂ ᠡᠳᠡᠭᠡᠷ ᠪᠤᠯ ᠴᠦᠮ ᠪᠢᠳᠡᠨ ᠤ ᠠᠶᠤᠯ ᠲᠦᠭᠰᠢᠭᠦᠷᠢ ᠦᠷᠢᠰᠦᠯᠳᠦᠭᠡᠨ ᠢ ᠪᠦᠲᠦᠮᠵᠢᠳᠠᠢ ᠠᠷᠭᠠᠴᠠᠭᠠᠬᠤ᠂ ᠮᠠᠨ ᠤ ᠤᠷᠤᠨ ᠤ ᠬᠦᠭᠵᠢᠯᠳᠡ ᠶᠢ ᠨᠡᠩ ᠰᠠᠶᠢᠨ ᠠᠬᠢᠭᠤᠯᠬᠤ ᠶᠢᠨ ᠪᠠᠳᠤ ᠴᠢᠩᠭ᠎ᠠ ᠲᠦᠰᠢᠭ ᠪᠠ ᠬᠦᠴᠦᠷᠬᠡᠭ ᠶᠡᠭᠡ ᠲᠤᠯᠭᠠᠭᠤᠷᠢᠯᠠᠯ ᠪᠤᠯᠤᠨ᠎ᠠ᠃ ᠤᠯᠤᠰ ᠤᠨ ᠳᠤᠳᠤᠭᠠᠳᠤ ᠶᠢᠨ ᠭᠠᠵᠠᠷ ᠤᠷᠤᠨ ᠤ ᠬᠤᠭᠤᠷᠤᠨᠳᠤᠬᠢ ᠬᠦᠭᠵᠢᠯᠳᠡ ᠶᠢᠨ ᠪᠠᠶᠢᠳᠠᠯ ᠠᠴᠠ ᠦᠵᠡᠪᠡᠯ᠂ ᠤᠳᠤᠬᠠᠨ ᠳᠤ ᠡᠯ᠎ᠠ ᠮᠤᠵᠢ ᠬᠤᠳᠠ ᠴᠦᠮ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠨᠡᠮᠡᠭᠳᠡᠯ ᠤᠨ ᠬᠦᠳᠡᠯᠭᠡᠬᠦ ᠬᠦᠴᠦᠨ ᠢ ᠬᠤᠪᠢᠷᠠᠭᠤᠯᠬᠤ ᠵᠡᠷᠭᠡ ᠲᠠᠯ᠎ᠠ ᠪᠠᠷ ᠵᠠᠯᠭᠠᠭ᠎ᠠ ᠪᠠᠷ ᠰᠢᠨ᠎ᠠ ᠲᠦᠷᠦ ᠶᠢᠨ ᠪᠤᠳᠤᠯᠭ᠎ᠠ᠂ ᠰᠢᠨ᠎ᠠ ᠠᠷᠭ᠎ᠠ ᠬᠡᠮᠵᠢᠶ᠎ᠠ ᠭᠠᠷᠭᠠᠵᠤ ᠪᠠᠶᠢᠨ᠎ᠠ᠂ ᠡᠨᠡ ᠨᠢ ᠯᠠᠪᠳᠠᠢ ᠡᠳ᠋ ᠬᠦᠷᠦᠩᠭᠡ᠂ ᠠᠵᠤ ᠦᠢᠯᠡᠰ᠂ ᠴᠢᠳᠠᠪᠤᠷᠢᠳᠠᠨ ᠵᠡᠷᠭᠡ ᠲᠠᠯ᠎ᠠ ᠶᠢᠨ ᠨᠡᠩ ᠰᠢᠷᠦᠭᠦᠨ ᠦᠷᠢᠰᠦᠯᠳᠦᠭᠡᠨ ᠢ ᠠᠪᠴᠢᠷᠠᠬᠤ ᠪᠤᠯᠤᠨ᠎ᠠ᠃ ᠮᠠᠨ ᠤ ᠤᠷᠤᠨ ᠢᠶᠠᠷ ᠠᠪᠴᠤ ᠬᠡᠯᠡᠪᠡᠯ᠂ ᠪᠢᠳᠡᠨ ᠳᠤ ᠳᠤᠳᠤᠭᠠᠳᠤ ᠭᠠᠳᠠᠭᠠᠳᠤ ᠶᠢᠨ ᠳᠠᠷᠤᠯᠳᠠ ᠶᠢᠨ ᠬᠦᠴᠦᠨ ᠤ ᠳᠤᠤᠷ᠎ᠠ ᠵᠤᠬᠢᠬᠤ ᠨᠡᠮᠡᠭᠳᠡᠯ ᠤᠨ ᠬᠤᠷᠳᠤᠴᠠ ᠪᠠᠨ ᠪᠠᠳᠤᠯᠠᠬᠤ ᠰᠢᠯᠭᠠᠯᠳᠠ ᠳᠤ ᠲᠤᠯᠭᠠᠷᠠᠵᠤ ᠪᠠᠶᠢᠬᠤ ᠪᠦᠭᠡᠳ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠪᠠᠳᠤᠯᠠᠬᠤ ᠶᠢᠨ ᠬᠠᠮᠳᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠤ᠂ ᠬᠦᠭᠵᠢᠯᠳᠡ ᠶᠢᠨ ᠦᠷ᠎ᠠ ᠠᠰᠢᠭ ᠢ ᠳᠡᠭᠡᠭᠰᠢᠯᠡᠭᠦᠯᠬᠦ ᠬᠦᠴᠢᠷᠳᠡᠯ ᠳᠤ ᠲᠤᠯᠭᠠᠷᠠᠵᠤ ᠪᠠᠶᠢᠨ᠎ᠠ᠂ ᠡᠭᠦᠨ ᠤ ᠬᠠᠮᠳᠤ ᠬᠦᠭᠵᠢᠯᠳᠡ ᠶᠢᠨ ᠳᠤᠮᠳᠠ ᠮᠠᠨ ᠤ ᠤᠷᠤᠨ ᠤ ᠳᠠᠳᠠᠬᠤ ᠬᠦᠴᠦᠨ᠂ ᠦᠷᠢᠰᠦᠯᠳᠦᠬᠦ ᠬᠦᠴᠦᠨ ᠪᠤᠯᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠠᠰᠠᠭᠤᠳᠠᠯ ᠴᠤ ᠲᠤᠯᠭᠠᠷᠠᠵᠤ ᠪᠠᠶᠢᠨ᠎ᠠ᠃ ᠪᠦᠬᠦ ᠤᠯᠤᠰ ᠤᠨ ᠨᠢᠭᠡ ᠬᠦᠯᠭᠡ ᠰᠢᠳᠠᠷ᠎ᠠ ᠳᠤᠮᠳᠠ ᠬᠡᠷᠬᠢᠨ ᠦᠪᠡᠷ ᠤᠨ ᠪᠡᠶ᠎ᠠ ᠶᠢᠨ ᠪᠠᠶᠢᠷᠢ ᠲᠤᠭᠳᠠᠭᠠᠯᠳᠠ ᠪᠠᠨ ᠡᠷᠢᠨ ᠤᠯᠵᠤ᠂ ᠨᠡᠩ ᠶᠡᠭᠡ ᠬᠦᠭᠵᠢᠯᠳᠡ ᠶᠢ ᠬᠠᠶᠢᠨ ᠰᠦᠪᠡᠭᠴᠢᠯᠡᠬᠦ ᠨᠢ ᠪᠢᠳᠡᠨ ᠤ ᠡᠷᠬᠡᠪᠰᠢ ᠰᠠᠶᠢᠳᠤᠷ ᠬᠠᠷᠢᠭᠤᠯᠬᠤ ᠴᠢᠬᠤᠯᠠᠳᠠᠢ ᠰᠢᠯᠭᠠᠯᠳᠠ ᠪᠤᠯᠤᠨ᠎ᠠ᠃ ᠮᠠᠨ ᠤ ᠤᠷᠤᠨ ᠤ ᠲᠤᠰ ᠪᠡᠶ᠎ᠠ ᠶᠢᠨ ᠬᠦᠭᠵᠢᠯᠳᠡ ᠠᠴᠠ ᠠᠪᠴᠤ ᠦᠵᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠤᠨᠴᠠᠭᠠᠢᠢᠯᠠᠨ ᠡᠨᠡ ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠭᠠᠳ ᠮᠠᠨ ᠤ ᠤᠷᠤᠨ ᠤ ᠬᠦᠭᠵᠢᠯᠳᠡ ᠴᠢᠬᠤᠯᠠ ᠶᠡᠭᠡ ᠠᠮᠵᠢᠯᠳᠠ ᠤᠯᠵᠤ᠂ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠲᠠᠯᠪᠢᠵᠤ ᠦᠭᠴᠠᠢ᠃ ᠬᠡᠪᠡᠴᠤ᠂ ᠮᠠᠨ ᠤ ᠤᠷᠤᠨ ᠤ ᠠᠵᠤ ᠠᠬᠤᠢ ᠶᠢᠨ ᠦᠷᠬᠦᠯᠵᠢᠯᠠᠬᠦ ᠰᠡᠷᠬᠦᠬᠡᠯᠳᠠ ᠪᠠ ᠴᠢᠨᠠᠷ ᠰᠠᠶᠢᠳᠠᠢ ᠬᠦᠭᠵᠢᠯᠳᠠ ᠶᠢ ᠨᠦᠯᠤᠬᠡᠯᠡᠬᠦ ᠵᠦᠷᠢᠴᠠᠯ ᠤᠨ ᠠᠰᠠᠭᠤᠳᠠᠯ ᠮᠦᠨ ᠯᠠ ᠤᠷᠤᠰᠢᠵᠤ᠂ ᠤᠷᠳᠤ ᠬᠤᠭᠤᠴᠠᠭ᠎ᠠ ᠬᠤᠷᠠᠮᠳᠤᠬᠰᠠᠨ ᠵᠠᠷᠢᠮ ᠲᠡᠤᠬᠡ ᠶᠢᠨ ᠦᠯᠡᠳᠡᠭᠳᠡᠯ ᠠᠰᠠᠭᠤᠳᠠᠯ ᠪᠤᠯᠤᠨ ᠪᠦᠳᠤᠬᠦᠯᠢᠭ ᠬᠦᠭᠵᠢᠯᠳᠠ ᠶᠢᠨ ᠬᠡᠮ ᠰᠤᠭᠤᠬ ᠢ ᠬᠠᠷᠬᠠᠨ ᠰᠢᠢᠳᠪᠤᠷᠢᠯᠡᠬᠡᠳᠤᠢ᠂ ᠬᠦᠨ ᠲᠠᠪᠬᠤᠷᠭ᠎ᠠ ᠶᠢᠨ ᠪᠦᠳᠤᠴᠠ ᠶᠢᠨ ᠴᠢᠨᠠᠷ ᠲᠠᠢ ᠠᠰᠠᠭᠤᠳᠠᠯ ᠪᠤᠯᠤᠨ ᠪᠠᠶᠢᠭᠤᠯᠤᠮᠵᠢ ᠶᠢᠨ ᠴᠢᠨᠠᠷ ᠲᠠᠢ ᠵᠦᠷᠢᠴᠡᠯ ᠢ ᠴᠤ ᠪᠠᠴᠢᠮ ᠰᠢᠢᠳᠪᠤᠷᠢᠯᠠᠬᠦ ᠴᠢᠬᠤᠯᠠᠳᠠᠢ ᠪᠠᠶᠢᠨ᠎ᠠ᠂ ᠢᠯᠠᠩᠭᠤᠶ᠎ᠠ ᠭᠠᠳᠠᠨ᠎ᠠ ᠲᠠᠯ᠎ᠠ ᠶᠢᠨ ᠲᠠᠭᠠᠷᠢᠯᠳᠠ ᠪᠤᠯᠤᠨ ᠬᠢᠵᠢᠭ ᠤᠨ ᠲᠠᠭᠠᠷᠢᠯᠳᠠ ᠲᠠᠪᠬᠤᠷᠳᠠᠬᠰᠠᠨ ᠪᠠᠶᠢᠳᠠᠯ ᠲᠤᠤᠷ᠎ᠠ᠂ ᠮᠠᠨ ᠤ ᠤᠷᠤᠨ ᠤ ᠬᠦᠭᠵᠢᠯᠳᠠ ᠳᠤ ᠲᠤᠭᠳᠠᠭᠠᠯᠳᠤ ᠪᠤᠰᠤ ᠲᠤᠭᠳᠠᠪᠤᠷᠢᠳᠤ ᠪᠤᠰᠤ ᠴᠢᠨᠠᠷ ᠲᠠᠢ ᠡᠯᠧᠮᠧᠨ᠋ᠲ ᠨᠡᠮᠡᠭᠳᠡᠵᠤ ᠪᠤᠢ᠃ ᠡᠳᠡᠬᠡᠷ ᠠᠰᠠᠭᠤᠳᠠᠯ ᠢ ᠪᠢᠳᠠ ᠳᠤᠳᠤᠷᠬᠠᠢ ᠲᠠᠨᠢᠵᠤ ᠂ ᠵᠦᠪ ᠡᠵᠡᠮᠳᠡᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠵᠤᠬᠢᠰᠳᠠᠢ ᠠᠷᠭᠠᠴᠠᠭᠠᠬᠤ ᠴᠢᠬᠤᠯᠠᠳᠠᠢ ᠶᠤᠮ᠃ ᠪᠦᠬᠦ ᠲᠠᠯ᠎ᠠ ᠠᠴᠠ ᠭᠡᠰᠡᠭ ᠲᠠᠯ᠎ᠠ ᠶᠢ ᠦᠵᠡᠵᠤ᠂ ᠢᠷᠡᠬᠡᠳᠤᠢ ᠠᠴᠠ ᠤᠳᠤᠬᠠᠨ ᠢ ᠬᠠᠷᠠᠬᠤ ᠳᠤ᠂ ᠮᠠᠨ ᠤ ᠤᠷᠤᠨ ᠳᠤ ᠲᠤᠯᠭᠠᠷᠠᠵᠤ ᠪᠠᠶᠢᠭ᠎ᠠ ᠪᠠᠶᠢᠳᠠᠯ ᠪᠤᠳᠤᠯᠢᠶᠠᠨᠳᠠᠢ ᠪᠦᠬᠡᠳ ᠬᠦᠨᠳᠤ ᠬᠡᠴᠡᠬᠦᠤ ᠶᠤᠮ᠃ ᠬᠡᠪᠡᠴᠤ᠂ ᠬᠢᠮᠤᠷᠠᠯ ᠪᠤᠯᠤᠨ ᠠᠵᠠ ᠲᠤᠬᠢᠶᠠᠯ ᠶᠠᠷᠤ ᠠᠴᠠ ᠵᠡᠷᠬᠡᠴᠡᠨ ᠤᠷᠤᠰᠢᠵᠤ᠂ ᠬᠢᠮᠤᠷᠠᠯ ᠤᠨ ᠲᠤᠮᠳᠠ ᠠᠵᠠ ᠲᠤᠬᠢᠶᠠᠯ ᠤᠷᠤᠰᠢᠵᠦ᠂ ᠬᠢᠮᠤᠷᠠᠯ ᠢ ᠠᠵᠠ ᠲᠤᠬᠢᠶᠠᠯ ᠪᠤᠯᠭᠠᠨ ᠬᠤᠪᠢᠷᠠᠭᠤᠯᠵᠤ ᠪᠤᠯᠤᠨ᠎ᠠ᠂ ᠦᠷᠢᠰᠤᠯᠳᠤᠬᠡᠨ ᠤᠷᠢᠳ ᠡᠮᠤᠨ᠎ᠠ ᠪᠠᠶᠢᠭ᠎ᠠ ᠦᠭᠡᠢ ᠂ ᠰᠠᠶᠢᠨ ᠠᠷᠠᠭᠠᠴᠠᠭᠠᠴᠠᠪᠠᠯ᠂ ᠮᠦᠨ ᠴᠦ ᠤᠷᠢᠳ ᠡᠮᠤᠨ᠎ᠠ ᠪᠠᠶᠢᠭ᠎ᠠ ᠦᠭᠡᠢ ᠠᠵᠠ ᠲᠤᠬᠢᠶᠠᠯ ᠢ ᠤᠯᠵᠦ ᠪᠤᠯᠤᠨ᠎ᠠ᠃ ᠪᠢᠳᠠ ᠨᠠᠮ ᠤᠨ ᠲᠦᠪ ᠬᠤᠷᠢᠶᠠᠨ ᠤ ᠲᠤᠭᠳᠠᠭᠠᠬᠰᠠᠨ ᠠᠵᠤ ᠠᠬᠤᠢ ᠶᠢᠨ ᠠᠵᠢᠯ ᠤᠨ ᠠᠷᠭ᠎ᠠ ᠪᠤᠳᠤᠯᠭ᠎ᠠ ᠴᠢᠭᠯᠡᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠲᠠᠯ᠎ᠠ︾᠎ ᠶᠢ ᠬᠡᠬᠦᠳᠡᠭ ᠴᠡᠬᠡᠵᠢᠨ ᠳᠡᠭᠡᠨ ᠪᠠᠭᠳᠠᠭᠠᠵᠤ᠂ ᠠᠵᠠ ᠲᠤᠬᠢᠶᠠᠯ ᠤᠨ ᠤᠬᠠᠮᠰᠠᠷ ᠪᠤᠯᠤᠨ ᠠᠶᠤᠯ ᠲᠦᠭᠰᠢᠬᠦᠷᠢ ᠶᠢᠨ ᠲᠠᠨᠢᠯᠳᠠ ᠪᠠᠨ ᠴᠢᠩᠭᠠᠳᠬᠠᠵᠤ᠂ ᠭᠡᠰᠡᠭ ᠲᠠᠯ᠎ᠠ ᠶᠢᠨ᠂ ᠨᠢᠳᠤᠨ ᠡᠮᠤᠨᠡᠬᠢ ᠠᠰᠠᠭᠤᠳᠠᠯ ᠳᠤ ᠮᠤᠬᠤᠷᠳᠠᠬᠤ ᠦᠬᠡᠢ᠂ ᠡᠯ᠎ᠠ ᠵᠦᠢᠯ ᠤᠨ ᠰᠠᠭᠠᠳ ᠲᠤᠤᠬᠠᠷ ᠲᠤ ᠲᠦᠬᠡᠷᠢᠭᠳᠡᠬᠦ ᠦᠬᠡᠢ᠂ ᠰᠢᠷᠭᠠᠭᠤ ᠬᠠᠳᠠᠭᠤᠵᠢᠯᠳᠠᠢ ᠠᠵᠢᠯᠯᠠᠨ ᠪᠤᠳᠠᠳᠤ ᠬᠦᠴᠤᠨ ᠢᠶᠠᠨ ᠴᠢᠩᠭᠠᠷᠠᠭᠤᠯᠵᠤ᠂ ᠦᠬᠡᠷᠡᠴᠢᠯᠠᠯᠳᠠ ᠰᠢᠨᠡᠴᠢᠯᠠᠯᠳᠠ ᠶᠢᠨ ᠲᠤᠮᠳᠠ ᠲᠠᠯᠳᠠ ᠬᠦᠴᠤᠨ ᠢ ᠠᠭᠤᠳᠠᠯᠵᠤ᠂ ᠡᠷᠡᠮᠡᠬᠡᠢ ᠤᠷᠤᠬᠰᠢᠯᠠᠯᠳᠠ ᠳᠤ ᠰᠢᠨ᠎ᠠ ᠪᠠᠶᠢᠳᠠᠯ ᠢ ᠨᠡᠬᠡᠬᠡᠨ ᠡᠬᠦᠳᠦᠳᠡᠭ ᠯᠠ ᠶᠤᠮ ᠪᠤᠯ ᠯᠠᠪᠳᠠᠢ ᠤᠷᠤᠬᠰᠢᠯᠠᠯᠳᠠ ᠶᠢᠨ ᠵᠠᠮ ᠳᠠᠬᠢ ᠡᠯ᠎ᠠ ᠵᠦᠢᠯ ᠤᠨ ᠬᠦᠴᠢᠷ ᠪᠡᠷᠭᠡ ᠪᠤᠯᠤᠨ ᠦᠷᠢᠰᠤᠯᠳᠤᠬᠡᠨ ᠢ ᠢᠯᠠᠨ ᠲᠠᠪᠠᠵᠤ᠂ ᠰᠢᠨ᠎ᠠ ᠨᠡᠩ ᠶᠡᠭᠡ ᠬᠦᠭᠵᠢᠯᠳᠠ ᠶᠢ ᠪᠡᠶᠡᠯᠡᠬᠦᠯᠵᠤ ᠴᠢᠳᠠᠬᠤ ᠶᠤᠮ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号