ᠪᠠᠭᠠᠳᠣᠷ ᠵᠢᠱᠢᠶᠡᠴᠢ ᠪᠤᠯ ᠬᠠᠮᠤᠭ ᠤᠨ ᠰᠠᠶᠢᠨ ᠦᠯᠢᠭᠡᠷ ᠲᠠᠭᠤᠷᠢᠶᠠᠯ
ᠨᠡᠶᠢᠲᠡᠯᠡᠭᠰᠡᠨ ᠴᠠᠭ᠄
2021/7/28
ᠬᠠᠨ ᠯᠢᠩ ᠯᠢᠩ ᠠᠭᠤᠤ ᠶᠡᠭᠡ ᠦᠨᠳᠦᠰᠦᠲᠡᠨ ᠳᠤ ᠪᠠᠭᠠᠲᠤᠷᠯᠢᠭ ᠵᠣᠷᠢᠭ ᠰᠠᠨᠠᠭᠠᠨ ᠤ ᠰᠢᠮ᠎ᠡ ᠲᠡᠵᠢᠭᠡᠯ ᠴᠢᠬᠤᠯᠠᠳᠠᠢ᠂ ᠡᠷᠬᠢᠮ ᠳᠡᠭᠡᠳᠦ ᠦᠢᠯᠡᠰ ᠲᠤ ᠦᠯᠢᠭᠡᠷ ᠳᠠᠭᠤᠷᠢᠶᠠᠯ ᠤᠨ ᠬᠦᠲᠦᠯᠦᠨ ᠳᠠᠭᠠᠭᠤᠯᠬᠤ ᠬᠦᠴᠦᠨ ᠴᠢᠬᠤᠯᠠᠳᠠᠢ᠃ ᠲᠦᠷᠦᠭᠦᠬᠡᠨ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠬᠠᠭᠤᠯᠬᠤ ᠬᠡᠯᠳᠡᠰ ᠠᠴᠠ ᠪᠠᠭᠠᠲᠦᠷ ᠨᠦᠬᠦᠷ ᠪᠤᠯᠤᠨ ᠴᠢ ᠴᠢᠶᠠᠨ ᠲᠤᠮᠲᠠ ᠠᠩᠬᠢ ᠳᠤ ︽ᠤᠮᠠᠷᠠᠲᠦ ᠬᠢᠯᠢ ᠶᠢᠨ ᠵᠢᠱᠢᠶᠡᠴᠢ︾᠎ ᠶᠢᠨ ᠢᠷᠠᠭᠤ ᠠᠯᠲᠠᠷ ᠤᠨ ᠴᠤᠯᠠ ᠤᠯᠭᠤᠪᠠ᠃ ᠲᠡᠲᠡᠨ ᠤ ᠨᠠᠮ ᠳᠠᠭᠠᠨ ᠦᠨᠡᠨᠴᠢ ᠰᠢᠲᠤᠷᠭᠤ᠂ ᠠᠷᠠᠳ ᠲᠦᠮᠡᠨ ᠳᠤ ᠦᠢᠯᠡᠴᠢᠯᠡᠬᠦ ᠤᠯᠤᠰ ᠲᠦᠷᠦ ᠶᠢᠨ ᠢᠲᠡᠭᠡᠯ ᠪᠢᠰᠢᠷᠡᠯ᠂ ᠲᠡᠲᠡᠨ ᠤ ᠠᠮᠤᠷ ᠲᠦᠪᠰᠢᠨ ᠤ ᠬᠦᠨᠲᠦ ᠶᠡᠭᠡ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ᠂ ᠡᠯ᠎ᠡ ᠲᠦᠷᠦᠯ ᠤᠨ ᠭᠠᠮᠰᠢᠭ ᠠᠲᠡᠯ ᠢ ᠠᠷᠭᠠᠴᠠᠭᠠᠨ ᠰᠢᠢᠳᠪᠦᠷᠢᠯᠡᠬᠦ ᠬᠦᠨᠲᠦ ᠡᠭᠦᠷᠭᠡ ᠶᠢ ᠡᠷᠡᠰ ᠡᠭᠦᠷᠭᠡᠯᠡᠭᠰᠡᠨ ᠤᠯᠤᠰ ᠲᠦᠷᠦ ᠶᠢᠨ ᠬᠠᠷᠢᠭᠤᠴᠠᠯᠭ᠎ᠠ᠂ ᠲᠡᠲᠡᠨ ᠤ ᠲᠤᠰᠢᠶᠠᠯ ᠬᠠᠷᠢᠭᠤᠴᠠᠯᠭ᠎ᠠ ᠪᠠᠨ ᠬᠢᠴᠢᠶᠡᠩᠬᠦ᠋ᠢᠯᠡᠨ ᠬᠦᠢᠴᠡᠳᠬᠡᠵᠦ᠂ ᠬᠠᠷᠠᠮ ᠦᠭᠡᠢ ᠵᠤᠷᠢᠭᠤᠯᠬᠤ ᠤᠯᠤᠰ ᠲᠦᠷᠦ ᠶᠢᠨ ᠡᠭᠦᠷᠭᠡᠯᠡᠯ ᠨᠢ ᠦᠷᠭᠡᠨ ᠤᠯᠠᠨ ᠺᠠᠳ᠋ᠷ ᠤᠯᠠᠨ ᠲᠦᠮᠡᠨ ᠤ ᠰᠤᠷᠤᠯᠴᠠᠭᠤᠰᠢᠲᠠᠢ ᠳᠠᠭᠤᠷᠢᠶᠠᠯ ᠪᠣᠯᠣᠨ᠎ᠠ᠃ ᠦᠯᠢᠭᠡᠷ ᠲᠠᠭᠤᠷᠢᠶᠠᠯ ᠪᠤᠯ ᠬᠦᠮᠦᠰ ᠢ ᠣᠷᠣᠭᠰᠢᠯᠠᠭᠤᠯᠤᠨ ᠲᠠᠪᠰᠢᠭᠤᠯᠲᠠᠭ ᠬᠦᠴᠦᠨ ᠴᠢᠳᠠᠯ︔ ᠦᠯᠢᠭᠡᠷ ᠲᠠᠭᠤᠷᠢᠶᠠᠯ ᠪᠤᠯ ᠬᠦᠮᠦᠰ ᠤᠨ ᠵᠤᠷᠢᠭ ᠢ ᠬᠦᠪᠴᠢᠯᠡᠲᠡᠭ ᠲᠤᠭ ᠲᠡᠮᠲᠡᠭ︔ ᠦᠯᠢᠭᠡᠷ ᠲᠠᠭᠤᠷᠢᠶᠠᠯ ᠪᠤᠯ ᠬᠦᠮᠦᠰ ᠲᠤ ᠴᠢᠭᠯᠡᠯ ᠢ ᠵᠢᠭᠠᠨ ᠦᠭᠲᠡᠭ ᠭᠡᠷᠡᠯᠳᠦ ᠴᠠᠮᠬᠠᠬ᠃ ᠪᠠᠭᠠᠲᠦᠷ᠂ ᠴᠢ ᠴᠢᠶᠠᠨ ᠲᠤᠮᠲᠠ ᠠᠩᠬᠢ ᠠᠴᠠ ᠭᠠᠲᠠᠨ᠎ᠠ᠂ ᠪᠠᠰᠠ ᠸᠠᠩ ᠰᠢᠶᠤᠤ ᠳ᠋ᠦ᠋ᠩ᠂ ᠵᠢᠶᠠᠩ ᠯᠠᠢ ᠵᠦ᠂ ᠵᠢᠷᠭᠠᠯ᠂ ᠠᠳᠢᠶ᠎ᠠ᠂ ᠨᠢᠮ᠎ᠠ ᠵᠡᠷᠭᠡ ᠣᠯᠠᠨ ᠠᠷᠪᠢᠨ ᠬᠤᠪᠢ ᠬᠦᠮᠦᠨ ᠪᠠ ᠬᠠᠮᠳᠤ ᠨᠢᠭᠡᠴᠢ ᠤᠷᠢᠳ ᠬᠤᠵᠢᠳ ︽ᠤᠮᠠᠷᠠᠲᠦ ᠬᠢᠯᠢ ᠶᠢᠨ ᠵᠢᠱᠢᠶᠡᠴᠢ︾᠎ ᠪᠠᠷ ᠴᠣᠯᠠᠯᠠᠭᠳᠠᠵᠠᠢ᠃ ᠲᠠᠳᠠᠨᠠᠷ ᠬᠦᠴᠢᠷ ᠠᠴᠠ ᠠᠶᠣᠬᠤ ᠦᠭᠡᠢ᠂ ᠵᠦᠲᠡᠷᠡᠯ ᠠᠴᠠ ᠬᠠᠯᠠᠰᠢᠷᠠᠬᠤ ᠦᠭᠡᠢ᠂ ᠪᠤᠰᠤᠳ ᠢ ᠲᠠᠭᠠᠭᠤᠯᠤᠨ ᠲᠠᠰᠤᠷᠠᠯᠲᠠ ᠦᠭᠡᠢ ᠤᠷᠤᠬᠰᠢᠯᠠᠬᠤ ᠰᠢᠨᠳᠠᠷᠠᠰᠢ ᠥᠬᠡᠢ ᠵᠤᠷᠢᠬ ᠰᠠᠨᠠᠭ᠎ᠠ ᠶᠢ ᠢᠯᠡᠷᠡᠬᠦᠯᠪᠠ︔ ᠲᠡᠲᠡᠨᠠᠷ ᠡᠷᠬᠢᠮ ᠲᠡᠭᠡᠲᠦ ᠬᠡᠪ ᠴᠢᠨᠠᠷ ᠲᠠᠢ᠂ ᠬᠠᠷᠢᠭᠤᠴᠠᠯᠭ᠎ᠠ ᠡᠭᠦᠷᠭᠡᠯᠡᠯ ᠲᠠᠢ᠂ ᠦᠯᠢᠭᠡᠷ ᠲᠠᠭᠤᠷᠢᠶᠠᠯ ᠪᠤᠯᠬᠤᠢᠢᠴᠠ ᠥᠢᠯᠡ ᠠᠵᠢᠯᠯᠠᠭ᠎ᠠ ᠶᠢ ᠲᠡᠯᠭᠡᠨ ᠥᠵᠡᠬᠦᠯᠪᠠ︔ ᠲᠡᠲᠡᠨᠠᠷ ᠨᠠᠮ ᠳᠠᠭᠠᠨ ᠦᠨᠡᠨᠴᠢ ᠰᠢᠲᠤᠷᠭᠤ᠂ ᠠᠷᠠᠳ ᠲᠦᠮᠡᠨ ᠳᠤ ᠦᠢᠯᠡᠴᠢᠯᠡᠵᠦ᠂ ᠡᠭᠦᠷᠭᠡ ᠲᠤᠰᠢᠶᠠᠯ ᠢᠶᠠᠨ ᠰᠢᠲᠤᠷᠭᠤ ᠪᠠᠷ ᠬᠦᠢᠴᠡᠳᠬᠡᠭᠰᠡᠨ ᠲᠥᠷᠢ ᠲᠥᠷᠬᠦ ᠶᠢ ᠱᠣᠭᠤᠪᠠ᠃ ︽ᠣᠮᠠᠷᠠᠳᠣ ᠬᠢᠯᠢ ᠶᠢᠨ ᠵᠢᠱᠢᠶᠡᠴᠢ︾ ᠪᠤᠯ ᠪᠢᠳᠡᠨᠡᠷ ᠤᠨ ᠰᠤᠷᠤᠯᠴᠠᠭᠤᠰᠢᠲᠠᠢ᠂ ᠮᠠᠬᠳᠠᠭᠤᠰᠢᠳᠠᠢ᠂ ᠥᠨᠡᠯᠡᠬᠦᠰᠢᠳᠠᠢ ᠦᠯᠢᠭᠡᠷ ᠲᠠᠭᠤᠷᠢᠶᠠᠯ ᠪᠣᠯᠣᠨ᠎ᠠ᠃ ᠦᠯᠢᠭᠡᠷ ᠲᠠᠭᠤᠷᠢᠶᠠᠯ ᠪᠤᠯ ᠬᠠᠮᠤᠭ ᠤᠨ ᠰᠠᠶᠢᠨ ᠬᠦᠲᠦᠯᠦᠨ ᠲᠠᠭᠠᠭᠤᠯᠤᠬᠴᠢ᠂ ᠪᠠᠭᠠᠳᠣᠷ ᠵᠢᠱᠢᠶᠡᠴᠢ ᠪᠤᠯ ᠬᠠᠮᠤᠭ ᠤᠨ ᠰᠠᠶᠢᠨ ᠦᠯᠢᠭᠡᠷ ᠲᠠᠭᠤᠷᠢᠶᠠᠯ᠃ ᠦᠯᠢᠭᠡᠷ ᠳᠠᠭᠤᠷᠢᠶᠠᠯ ᠤᠨ ᠬᠦᠴᠦᠨ ᠬᠢᠵᠠᠭᠠᠯᠠᠰᠢ ᠦᠭᠡᠢ ᠪᠠᠶᠢᠳᠠᠭ᠂ ᠡᠨᠡ ᠬᠦ ᠬᠦᠴᠦᠨ ᠨᠢ ᠬᠥᠮᠦᠰ ᠢ ᠳᠤᠯᠠᠭᠠᠴᠠᠭᠤᠯᠵᠤ᠂ ᠬᠥᠮᠦᠰ ᠢ ᠵᠣᠷᠢᠭᠵᠢᠭᠤᠯᠵᠤ᠂ ᠬᠥᠮᠦᠰ ᠢ ᠰᠡᠩᠬᠡᠷᠡᠭᠦᠯᠳᠡᠭ᠃ ᠪᠢᠳᠡ ︽ᠤᠮᠠᠷᠠᠲᠦ ᠬᠢᠯᠢ ᠶᠢᠨ ᠵᠢᠱᠢᠶᠡᠴᠢ︾᠎ ᠪᠠᠷ ᠪᠠᠷᠢᠮᠵᠢᠶᠠᠯᠠᠵᠦ᠂ ᠤᠬᠠᠮᠰᠠᠷ ᠠᠴᠠ ᠪᠠᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠠᠲᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠢᠲᠡᠪᠬᠢ ᠬᠦᠴᠦᠨ ᠢ ᠲᠠᠮᠵᠢᠭᠤᠯᠵᠦ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠦ᠂ ᠪᠦᠯᠬᠦᠮᠲᠡᠨ ᠲᠡᠮᠡᠴᠡᠬᠦ ᠵᠤᠷᠢᠬ ᠰᠠᠨᠠᠭ᠎ᠠ ᠪᠠᠷ ᠪᠡᠶ᠎ᠠ ᠪᠠᠨ ᠵᠡᠪᠰᠡᠭᠯᠡᠨ ᠲᠠᠭᠤᠷᠢᠶᠠᠯ ᠪᠤᠯᠭᠠᠳᠠᠬ ᠯᠠ ᠶᠤᠮ ᠪᠤᠯ ᠡᠬᠡ ᠤᠯᠤᠰ ᠤᠨ ᠤᠮᠠᠷᠠᠲᠦ ᠬᠢᠯᠢ ᠶᠢᠨ ᠡᠨᠡ ᠬᠦ ᠦᠵᠡᠮᠵᠢ ᠶᠢᠨ ᠤᠷᠤᠨ ᠨᠡᠩ ᠦᠵᠡᠰᠭᠦᠯᠡᠩ ᠰᠠᠶᠢᠬᠠᠨ ᠪᠤᠯᠬᠤ ᠨᠢ ᠯᠠᠪᠳᠠᠢ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号