ᠪᠤᠳᠠᠳᠠᠢ ᠠᠵᠢᠯᠯᠠᠪᠠᠯ ᠰᠠᠶ᠋ᠢ ᠰᠠᠷᠠᠭᠤᠯ ᠢᠷᠡᠬᠡᠳᠦᠢ ᠳᠤ ᠬᠦᠷᠴᠦ ᠴᠢᠳᠠᠨ᠎ᠠ
ᠨᠡᠶᠢᠲᠡᠯᠡᠭᠰᠡᠨ ᠴᠠᠭ᠄
2021/7/28
ᠰᠠᠨᠠᠵᠤ ᠶᠠᠪᠤᠪᠠᠯ ᠪᠦᠳᠦᠳᠡᠭ ᠰᠠᠵᠢᠯᠠᠵᠤ ᠶᠠᠪᠤᠪᠠᠯ ᠬᠦᠷᠳᠡᠭ ᠶᠤᠮ᠂ ᠶᠠᠪᠤᠳᠠᠯ ᠪᠦᠬᠦᠨ ᠢ ᠬᠢᠵᠥ ᠪᠠᠶᠢᠭᠠᠳ ᠠᠮᠵᠢᠯᠳᠠ ᠳᠤ ᠬᠦᠷᠬᠦ ᠠᠴᠠ ᠪᠢᠰᠢ ᠬᠦᠯᠢᠶᠠᠵᠥ ᠪᠠᠶᠢᠭᠠᠳ ᠪᠦᠳᠦᠬᠡᠴᠢᠬᠡᠬᠦ ᠶᠠᠭᠤᠮ᠎ᠠ ᠪᠢᠰᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠳᠠᠯᠠᠪᠤᠷ ᠠᠴᠠ ᠳᠤᠭᠤᠯᠳᠠᠬᠰᠠᠨ ᠪᠠᠶᠠᠷ ᠤᠨ ᠴᠢᠮᠡᠭᠡ᠂ ᠰᠢᠨᠵᠢᠯᠡᠬᠦ ᠤᠬᠠᠭᠠᠨ ᠲᠧᠭᠨᠢᠡ ᠮᠡᠷᠬᠡᠵᠢᠯ ᠤᠨ ᠬᠤᠰᠢᠭᠤᠷᠠᠯ ᠬᠦᠷᠢᠶᠡᠨ ᠳᠠᠬᠢ ᠰᠢᠨ᠎ᠡ ᠰᠢᠪᠳᠤᠯᠤᠯᠳᠠ᠂ ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ ᠳᠠᠯ᠎ᠠ ᠪᠠᠷ ᠬᠢ ᠰᠠᠭᠠᠳ ᠳᠠᠪᠠᠯᠳᠠ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠤᠭᠰᠠᠨ ᠵᠢᠳᠬᠦᠯ ᠴᠢᠷᠮᠠᠶᠢᠯᠭ᠎ᠠ ᠦᠷ᠎ᠠ ᠪᠦᠳᠦᠮᠵᠢ ᠁ ᠦᠩᠬᠡᠷᠡᠭᠰᠡᠨ ᠢᠶᠠᠨ ᠡᠷᠬᠢᠴᠡᠬᠦᠯᠵᠥ ᠤᠳᠤᠬᠢ ᠪᠠᠶᠢᠳᠠᠯ ᠢ ᠬᠠᠷᠠᠬᠤ ᠳᠤ ᠤᠮᠠᠷᠠᠳᠤ ᠬᠢᠯᠢ ᠶᠢᠨ ᠠᠭᠤᠳᠠᠮ ᠲᠠᠯ᠎ᠠ ᠳᠤ ᠳᠡᠭᠷᠢ ᠭᠠᠵᠠᠷ ᠢ ᠳᠤᠩᠰᠤᠯᠭᠠᠮ᠎ᠠ ᠬᠤᠪᠢᠷᠠᠯᠳᠠ ᠭᠠᠷᠴᠤ᠂ ᠤᠳᠤᠬᠠᠨ ᠤ ᠶᠡᠭᠡ ᠰᠠᠶᠢᠨ ᠬᠦᠭᠵᠢᠯᠳᠡ ᠶᠢ ᠤᠯᠤᠭᠰᠠᠨ ᠭᠤᠤᠯ ᠰᠢᠯᠳᠠᠭᠠᠨ ᠨᠢ ᠤᠷᠤᠨ ᠲᠠᠶᠠᠭᠠᠷ ᠬᠠᠷᠢᠭᠤᠴᠠᠯᠭ᠎ᠠ ᠡᠬᠦᠷᠬᠡᠯᠡᠯ ᠡᠬᠦᠷᠬᠡᠯᠡᠵᠥ ᠪᠤᠳᠠᠳᠠᠢ ᠠᠵᠢᠯᠯᠠᠬᠰᠠᠨ ᠳᠤ ᠪᠠᠶᠢᠭ᠎ᠠ ᠶᠤᠮ᠃ ᠢᠷᠡᠬᠡᠳᠤᠢ ᠶᠢ ᠪᠠᠷᠠᠯᠠᠨ ᠠᠤᠭ᠎ᠠ ᠬᠠᠷᠠᠯᠳᠠ ᠳᠠᠭᠠᠨ ᠳᠡᠮᠡᠤᠯᠵᠥ᠂ ︽ᠠᠷᠪᠠᠨ ᠳᠦᠷᠪᠡᠳᠤᠭᠡᠷ ᠳᠠᠪᠤᠨ ᠵᠢᠯ︾᠎ ᠤᠨ ᠳᠦᠯᠦᠪᠵᠢᠬᠦᠯᠬᠡ ᠪᠤᠯᠤᠨ 2035 ᠤᠨ ᠤ ᠠᠯᠤᠰ ᠤᠨ ᠬᠠᠷᠠᠯᠳᠠ ᠶᠢ ᠪᠡᠶᠡᠯᠡᠬᠦᠯᠤᠶ᠎ᠡ ᠬᠡᠪᠡᠯ ᠮᠦᠨ ᠬᠦ ᠬᠠᠷᠢᠭᠤᠴᠠᠯᠭ᠎ᠠ ᠡᠬᠦᠷᠬᠡᠯᠡᠯ ᠡᠬᠦᠷᠬᠡᠯᠡᠵᠥ ᠪᠤᠳᠠᠳᠠᠢ ᠠᠵᠢᠯᠯᠠᠬᠤ ᠳᠤ ᠳᠦᠰᠢᠭᠯᠡᠬᠦ ᠨᠢ ᠭᠠᠷᠴᠠᠭ᠎ᠠ ᠦᠬᠡᠢ᠃ ᠬᠡᠢ ᠪᠤᠳᠤᠯ ᠬᠤᠭᠤᠰᠤᠨ ᠭᠤᠷᠢᠳᠠᠯ ᠶᠠᠭᠤ ᠴᠦ ᠪᠦᠳᠦᠬᠡᠵᠤ ᠲᠠᠶᠢᠯᠬᠦ ᠦᠬᠡᠢ᠂ ᠭᠠᠭᠴᠠ ᠬᠦ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠪᠡᠯ ᠰᠠᠶᠢ ᠴᠢᠳᠠᠮᠠᠭᠠᠢ ᠠᠵᠢᠯᠯᠠᠵᠥ ᠦᠷ᠎ᠡ ᠪᠦᠳᠦᠬᠡᠯ ᠭᠠᠷᠭᠠᠵᠥ ᠴᠢᠳᠠᠨ᠎ᠠ᠃ ᠪᠤᠳᠠᠳᠠᠢ ᠠᠵᠢᠯᠯᠠᠬᠤ ᠡᠷᠴᠢ ᠵᠤᠷᠢᠭ ᠢ ᠡᠪᠤᠷᠯᠡᠨ ᠪᠤᠳᠠᠳᠠᠢ ᠠᠵᠢᠯᠯᠠᠬᠤ ᠲᠤᠭᠳᠠᠯ ᠬᠦᠴᠦ ᠪᠠᠨ ᠪᠠᠳᠤᠯᠠᠵᠤ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠥ᠂ ᠨᠠᠮ ᠤᠨ ᠳᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠬᠠᠷᠠᠯᠳᠠ ᠡᠬᠦᠷᠬᠡ ᠶᠢ ᠪᠤᠳᠠᠳᠠᠢ ᠳᠤ ᠨᠠᠶᠢᠳᠠᠪᠤᠷᠢᠵᠢᠭᠤᠯᠪᠠᠯ ᠰᠠᠶᠢ ᠰᠠᠶᠢᠨ ᠰᠠᠶᠢᠬᠠᠨ ᠠᠤᠭ᠎ᠠ ᠳᠦᠰᠦᠯ ᠢ ᠢᠳᠡᠭ ᠢᠳᠡᠭ ᠢᠶᠠᠷ ᠪᠤᠳᠠᠳᠤ ᠠᠬᠤᠢ ᠪᠤᠯᠭᠠᠨ ᠬᠤᠪᠢᠷᠠᠭᠤᠯᠵᠤ ᠴᠢᠳᠠᠬᠤ ᠶᠤᠮ᠃ ᠰᠠᠶᠢᠳᠤᠷ ᠲᠦᠯᠦᠪᠵᠢᠬᠦᠯᠪᠠᠯ ᠠᠶᠠᠨ ᠤ ᠵᠠᠮ ᠨᠠᠭᠠᠰᠢᠯᠠᠵᠤ᠂ ᠪᠤᠳᠠᠳᠠᠢ ᠠᠵᠢᠯᠯᠠᠪᠠᠯ ᠠᠮᠵᠢᠯᠳᠠ ᠶᠢᠨ ᠴᠠᠭ ᠨᠠᠭᠠᠰᠢᠯᠠᠳᠠᠭ᠃ ︽ᠠᠷᠪᠠᠨ ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠮᠠᠨ ᠤ ᠤᠯᠤᠰ ᠰᠢᠨ᠎ᠠ ᠬᠦᠭᠵᠢᠯᠳᠡ ᠶᠢᠨ ᠱᠠᠳᠤᠨ ᠳᠤ ᠤᠷᠤᠵᠤ᠂ ᠦᠪᠦᠷ ᠮᠤᠩᠭᠤᠯ ᠤᠨ ᠤᠳᠤᠬᠢᠴᠢᠯᠠᠯᠳᠠ ᠪᠦᠲᠦᠭᠡᠨ ᠪᠠᠶᠢᠭᠤᠯᠤᠯᠳᠠ ᠴᠤ ᠰᠢᠨ᠎ᠠ ᠲᠡᠤᠬᠡᠨ ᠭᠠᠷᠤᠭ᠎ᠠ ᠳᠤ ᠭᠠᠷᠤᠯ᠎ᠠ᠂ ᠰᠢᠨ᠎ᠠ ᠡᠭᠦᠷᠭᠡ ᠶᠢ ᠡᠭᠦᠷᠭᠡᠯᠡᠨ ᠰᠢᠨ᠎ᠠ ᠠᠶᠠᠨ ᠳᠤ ᠮᠤᠷᠳᠠᠬᠤ ᠳᠠᠭᠠᠨ ᠪᠢᠳᠡ ᠪᠤᠳᠠᠳᠠᠢ ᠠᠵᠢᠯᠯᠠᠬᠤ ᠶᠢ ᠡᠷᠬᠢᠮᠯᠡᠨ ᠬᠠᠳᠠᠭᠠᠰᠤ ᠬᠠᠳᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠪᠤᠳᠠᠳᠠᠢ ᠶᠢ ᠡᠷᠬᠢᠮᠯᠡᠨ ᠦᠭᠡᠷᠡᠴᠢᠯᠡᠯᠳᠡ ᠬᠢᠵᠤ᠂ ᠪᠤᠳᠠᠳᠠᠢ ᠶᠢ ᠡᠷᠬᠢᠮᠯᠡᠨ ᠰᠢᠨ᠎ᠠ ᠶᠢ ᠡᠭᠦᠳᠴᠤ᠂ ᠪᠤᠳᠠᠳᠠᠢ ᠶᠢ ᠡᠷᠬᠢᠮᠯᠡᠨ ᠤᠷᠤᠭᠰᠢᠯᠠᠬᠤ ᠳᠠᠪᠰᠢᠬᠤ ᠬᠡᠷᠡᠭᠳᠠᠢ᠃ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠯ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠭᠤᠯᠠ ᠳᠠᠪᠠᠭ᠎ᠠ ᠲᠠᠭᠠᠷᠠᠯᠳᠤᠪᠠᠯ ᠵᠤᠷᠢᠭᠳᠠᠢ ᠮᠠᠴᠤᠵᠤ ᠭᠤᠤ ᠭᠠᠩᠭ᠎ᠠ ᠬᠠᠷᠭᠤᠪᠠᠯ ᠵᠤᠷᠢᠭᠳᠠᠢ ᠲᠤᠭᠤᠯᠵᠤ᠂ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠳᠠᠢ᠃ ᠴᠠᠭ ᠮᠦᠴᠡ ᠲᠠᠢ ᠤᠷᠤᠯᠳᠤᠬᠤ ᠲᠤᠯᠭᠠᠮ ᠰᠡᠳᠭᠢᠯᠭᠡ᠂ ᠬᠡᠨ ᠳᠤ ᠴᠤ ᠦᠯᠦ ᠨᠠᠶᠢᠳᠠᠬᠤ ᠡᠭᠦᠷᠭᠡᠳᠤ ᠰᠡᠳᠭᠢᠯᠭᠡ ᠪᠠᠷ ᠬᠠᠷᠢᠭᠤᠴᠠᠯᠭ᠎ᠠ ᠶᠢᠨ ᠬᠡᠯᠬᠢᠶ᠎ᠠ ᠶᠢ ᠴᠢᠩᠭᠠᠯᠠᠨ᠂ ᠴᠦᠬᠦᠷᠡᠰᠢ ᠦᠭᠡᠢ ᠪᠠᠷᠢᠮᠳᠠᠯᠠᠵᠤ᠂ ᠠᠯᠬᠤᠮ ᠪᠦᠷᠢ ᠶᠢ ᠪᠠᠳᠤ ᠠᠯᠬᠤᠨ᠂ ᠦᠨᠡᠨ ᠬᠦ ᠦᠷ᠎ᠠ ᠪᠦᠲᠦᠮᠵᠢ ᠭᠠᠷᠭᠠᠵᠤ᠂ ᠵᠢᠯᠤᠭᠤ ᠰᠤᠩᠭᠠᠨ ᠲᠦᠷᠦᠬᠡ ᠴᠢᠩᠭᠠᠯᠠᠵᠤ ᠰᠢᠨ᠎ᠠ ᠠᠶᠠᠨ ᠢᠶᠠᠨ ᠰᠠᠶᠢᠬᠠᠨ ᠡᠬᠢᠯᠡᠬᠦᠯᠬᠦ ᠬᠡᠷᠡᠭᠳᠠᠢ᠃ ᠮᠠᠤ ᠽᠧ ᠳ᠋ᠦᠩ ᠨᠦᠬᠦᠷ ᠭᠤᠤᠯ ᠭᠡᠳᠦᠯᠬᠦ ᠳᠤ ᠬᠦᠭᠦᠷᠭᠡ ᠤᠩᠭᠤᠴᠠ ᠬᠡᠷᠡᠭᠰᠡᠬᠦ ᠠᠮᠢᠳᠤᠯᠢᠭ ᠵᠦᠢᠷᠯᠡᠯ ᠢᠶᠠᠷ ᠠᠵᠢᠯ ᠬᠢᠬᠦ ᠠᠷᠭ᠎ᠠ ᠶᠢᠨ ᠴᠢᠬᠤᠯᠠ ᠴᠢᠨᠠᠷ ᠢ ᠭᠦᠨᠵᠡᠭᠡᠢ ᠳᠤᠳᠤᠷᠬᠠᠢᠢᠯᠠᠭᠰᠠᠨ ᠶᠤᠮ᠃ ᠡᠨᠡ ᠨᠢ ᠪᠢᠳᠡᠨ ᠳᠤ ᠪᠤᠳᠠᠳᠠᠢ ᠶᠢ ᠡᠷᠬᠢᠮᠯᠡᠭᠰᠡᠨ ᠠᠷᠭ᠎ᠠ ᠬᠡᠮᠵᠢᠶ᠎ᠠ ᠪᠠᠶᠢᠪᠠᠯ ᠰᠠᠶ᠋ᠢ ᠪᠤᠳᠤᠵᠤ ᠰᠠᠨᠠᠭᠰᠠᠨ ᠦᠷ᠎ᠠ ᠳ᠋ᠦᠩ ᠢ ᠤᠯᠵᠤ᠂ ᠪᠤᠳᠠᠳᠠᠢ ᠶᠢ ᠡᠷᠬᠢᠮᠯᠡᠭᠰᠡᠨ ᠤᠪᠤᠷ ᠪᠠᠶᠢᠪᠠᠯ ᠰᠠᠶ᠋ᠢ ᠤᠷᠤᠭᠰᠢᠯᠠᠨ ᠳᠠᠪᠰᠢᠬᠤ ᠠᠵᠠ ᠳᠤᠬᠢᠶᠠᠯ ᠢ ᠤᠯᠵᠤ ᠴᠢᠳᠠᠨ᠎ᠠ ᠭᠡᠳᠡᠭ ᠲᠠᠨᠢᠭᠤᠯᠤᠭᠰᠠᠨ ᠪᠠᠶᠢᠨ᠎ᠠ᠃ ᠰᠢᠨ᠎ᠠ ᠬᠠᠷᠠᠯᠳᠠ ᠳᠠᠭᠠᠨ ᠬᠦᠷᠴᠦ ᠰᠢᠨ᠎ᠠ ᠡᠭᠦᠷᠭᠡ ᠪᠠᠨ ᠪᠡᠶᠡᠯᠡᠭᠦᠯᠬᠦ ᠳᠤ ᠡᠷᠬᠡᠪᠰᠢ ᠭᠠᠵᠠᠷ ᠤᠷᠤᠨ᠂ ᠰᠠᠯᠠᠭ᠎ᠠ ᠮᠦᠴᠢᠷ ᠤᠨ ᠢᠶᠠᠨ ᠪᠤᠳᠠᠳᠤ ᠪᠠᠶᠢᠳᠠᠯ ᠳᠤ ᠰᠠᠭᠤᠷᠢᠯᠠᠨ᠂ ᠡᠯ᠎ᠠ ᠵᠦᠢᠯ ᠤᠨ ᠠᠵᠢᠯ ᠤᠨ ᠵᠢᠮ᠎ᠠ ᠶᠤᠰᠤ ᠪᠠ ᠤᠨᠴᠠᠯᠢᠭ ᠢ ᠭᠦᠢᠴᠡᠳ ᠵᠢᠷᠤᠮᠯᠡᠵᠤ᠂ ᠵᠠᠩᠭᠢᠯᠠᠭ᠎ᠠ ᠶᠢᠨ ᠪᠠᠶᠢᠷᠢ ᠶᠢ ᠡᠵᠡᠮᠳᠡᠨ ᠤᠨᠢᠨ ᠳᠡᠭᠡᠷ᠎ᠠ ᠨᠢ ᠬᠦᠴᠦᠯᠡᠵᠤ᠂ ︽ᠬᠠᠳᠠᠭᠤ ᠡᠷᠳᠡᠮ︾ ᠪᠠ ︽ᠤᠷᠠᠨ ᠠᠷᠭ᠎ᠠ︾᠎ ᠶᠢ ᠤᠶᠠᠯᠳᠤᠭᠤᠯᠬᠤ ᠴᠢᠬᠤᠯᠠᠳᠠᠢ︔ ᠬᠡᠯᠪᠡᠷᠢᠴᠢ ᠦᠵᠡᠯ ᠨᠤᠶᠠᠨᠴᠢ ᠰᠤᠷᠳᠠᠯ ᠢ ᠴᠢᠩᠭ᠎ᠠ ᠬᠦᠴᠦᠳᠠᠢ ᠴᠠᠭᠠᠵᠠᠯᠠᠵᠤ᠂ ᠪᠤᠳᠠᠳᠠᠢ ᠶᠢ ᠡᠷᠬᠢᠮᠯᠡᠬᠦ᠂ ᠪᠤᠳᠠᠳᠠᠢ ᠶᠢ ᠬᠦᠭᠡᠭᠡᠴᠡᠯᠳᠦᠬᠦ᠂ ᠯᠠᠪᠳᠠᠭᠤᠨ ᠪᠠᠳᠤᠳᠠᠢ ᠠᠵᠢᠯᠯᠠᠬᠤ ᠰᠤᠷᠳᠠᠯ ᠢ ᠪᠠᠷᠢᠮᠳᠠᠯᠠᠨ᠂ ᠡᠷᠳᠡᠮ ᠴᠢᠳᠠᠪᠤᠷᠢ ᠤᠶᠤᠨ ᠤᠬᠠᠭᠠᠨ ᠢᠶᠠᠨ ᠪᠤᠳᠠᠳᠠᠢ ᠠᠷᠭ᠎ᠠ ᠬᠠᠶᠢᠬᠤ᠂ ᠪᠤᠳᠠᠳᠠᠢ ᠶᠠᠪᠤᠳᠠᠯ ᠬᠢᠬᠦ᠂ ᠪᠤᠳᠠᠳᠠᠢ ᠶᠢ ᠬᠦᠭᠡᠭᠡᠴᠡᠯᠳᠦᠬᠦ ᠳᠡᠭᠡᠷ᠎ᠠ ᠬᠡᠷᠡᠭᠯᠡᠵᠤ᠂ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠡᠭᠦᠳᠬᠦ ᠬᠡᠷᠡᠭᠳᠠᠢ᠃ ᠶᠡᠭᠡ ᠶᠤᠰᠤ ᠶᠢ ᠲᠤᠪᠴᠢᠯᠠᠨ ᠶᠠᠷᠢᠪᠠᠯ ᠪᠤᠳᠠᠳᠠᠢ ᠠᠵᠢᠯᠯᠠᠬᠤ ᠪᠤᠯ ᠬᠠᠮᠤᠭ ᠤᠨ ᠴᠢᠬᠤᠯᠠ ᠬᠡᠰᠡᠨ ᠦᠬᠡ ᠶᠤᠮ᠃ ᠦᠷᠭᠡᠨ ᠠᠭᠤᠳᠠᠮ ᠲᠠᠪᠴᠠᠩ ᠪᠢᠳᠡᠨ ᠤ ᠡᠮᠦᠨ᠎ᠠ ᠲᠠᠯᠬᠡᠭᠳᠡᠵᠤ᠂ ᠴᠠᠭ ᠦᠶ᠎ᠠ ᠶᠢᠨ ᠬᠦᠨᠳᠦ ᠡᠭᠦᠷᠭᠡ ᠪᠢᠳᠡᠨ ᠤ ᠮᠦᠷᠦᠨ ᠳᠤ ᠲᠠᠯᠪᠢᠭᠳᠠᠪᠠ᠃ ᠠᠵᠢᠯ ᠳᠠᠭᠠᠨ ᠠᠩᠬᠠᠷᠤᠯ ᠢᠶᠠᠨ ᠲᠦᠪᠯᠡᠷᠡᠬᠦᠯᠦᠨ ᠬᠠᠷᠠᠯᠳᠠ ᠡᠭᠦᠷᠭᠡ ᠪᠠᠨ ᠰᠠᠶᠢᠳᠤᠷ ᠪᠡᠶᠡᠯᠡᠭᠦᠯᠵᠤ᠂ ᠨᠠᠶᠢᠳᠠᠪᠤᠷᠢᠵᠢᠭᠤᠯᠤᠯᠳᠠ ᠶᠢ ᠠᠳᠬᠤᠨ ᠪᠦᠬᠦᠳᠡ ᠪᠦᠬᠦᠳᠡᠬᠡᠷ ᠢᠶᠠᠨ ᠦᠨᠡᠨ ᠪᠤᠳᠠᠳᠠᠢ ᠠᠵᠢᠯᠯᠠᠬᠤ ᠳᠤ ᠬᠦᠷᠪᠡᠯ ᠯᠠᠪᠳᠠᠢ ︽ᠠᠷᠪᠠᠨ ᠳᠦᠷᠪᠡᠳᠦᠭᠡᠷ ᠲᠠᠪᠤᠨ ᠵᠢᠯ︾᠎ ᠤᠨ ᠬᠦᠭᠵᠢᠯᠳᠡ ᠶᠢᠨ ᠢᠷᠠᠭᠤ ᠬᠠᠭᠤᠳᠠᠰᠤ ᠶᠢ ᠪᠢᠴᠢᠭᠯᠡᠵᠤ᠂ ᠬᠦᠰᠡᠯ ᠤᠨ ᠰᠠᠶᠢᠬᠠᠨ ᠵᠤᠰᠠᠭᠠᠯ ᠳᠠᠭᠠᠨ ᠬᠦᠷᠴᠦ ᠴᠢᠳᠠᠬᠤ ᠶᠤᠮ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号