ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠳᠠᠰᠤᠷᠠᠯᠳᠠ ᠦᠭᠡᠢ ᠬᠦᠨᠵᠡᠭᠡᠶᠢᠷᠡᠬᠦᠯᠦᠨ ᠠᠬᠢᠭᠤᠯᠰᠤᠭᠠᠢ
ᠨᠡᠶᠢᠲᠡᠯᠡᠭᠰᠡᠨ ᠴᠠᠭ᠄
2021/7/28
 ᠳᠤᠮᠳᠠᠳᠤ ᠤᠯᠤᠰ ᠤᠨ ᠶᠠᠪᠤᠳᠠᠯ ᠢ ᠰᠠᠶᠢᠳᠤᠷ ᠬᠢᠬᠦ ᠶᠢᠨ ᠵᠠᠩᠬᠢᠯᠠᠭ᠎ᠠ ᠨᠢ ᠨᠠᠮ ᠳᠤ ᠪᠤᠢ᠂ ᠨᠠᠮ ᠨᠢ ᠨᠠᠮ ᠢᠶᠠᠨ ᠬᠠᠮᠢᠶᠠᠷᠴᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠪᠤᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠤᠯ ᠮᠠᠨ ᠤ ᠨᠠᠮ ᠤᠨ ᠰᠢᠨ᠎ᠠ ᠪᠠᠶᠢᠳᠠᠯ ᠳᠤᠤᠷ᠎ᠠ ᠮᠠᠰᠢ ᠤᠯᠠᠨ ᠰᠢᠨ᠎ᠠ ᠲᠡᠦᠭᠡᠳᠦ ᠤᠨᠴᠠᠯᠢᠭ ᠲᠠᠢ ᠠᠭᠤᠤ ᠶᠡᠭᠡ ᠲᠡᠮᠡᠴᠡᠯ ᠦᠷᠨᠢᠬᠦᠯᠬᠦ ᠦᠨᠳᠦᠰᠦᠨ ᠪᠠᠳᠤᠯᠠᠭ᠎ᠠ ᠮᠦᠨ᠃ ᠦᠴᠦᠭᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠲᠤᠯᠤᠳᠤᠭᠠᠷ ᠤᠳᠠᠭ᠎ᠠ ᠶᠢᠨ ᠪᠦᠬᠦᠳᠠ ᠬᠤᠷᠠᠯ ᠬᠤᠷᠠᠯᠳᠤᠪᠠ᠃ ᠪᠦᠬᠦᠳᠠ ᠬᠤᠷᠠᠯ ᠠᠴᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠢᠯᠠᠩᠭᠤᠶ᠎ᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠮᠠᠨ ᠤ ᠤᠷᠤᠨ ᠤ 2020 ᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠠᠵᠢᠯ ᠢ ᠳ᠋ᠦᠩᠨᠡᠨ᠂ ᠮᠠᠨ ᠤ ᠤᠷᠤᠨ ᠤ ᠡᠨᠡ ᠵᠢᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯ ᠤᠨ ᠡᠬᠦᠷᠭᠡ ᠶᠢ ᠪᠠᠶᠢᠷᠢᠯᠠᠭᠤᠯᠪᠠ᠂ ᠡᠨᠡ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠦᠬᠦᠷᠡᠰᠢ ᠦᠭᠡᠢ ᠬᠦᠨᠵᠡᠭᠡᠶᠢᠷᠡᠬᠦᠯᠬᠦ᠂ ᠮᠠᠨ ᠤ ᠤᠷᠤᠨ ᠤ ︽ᠠᠷᠪᠡᠨ ᠲᠦᠷᠪᠡᠳᠦᠭᠡᠷ ᠲᠠᠪᠤᠨ ᠵᠢᠯ︾᠎ ᠳᠤ ᠰᠠᠶᠢᠨ ᠡᠬᠢᠯᠡᠯᠳᠠ ᠲᠠᠢ ᠪᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠲᠦᠢᠯ ᠤᠨ ᠶᠡᠷᠦ ᠪᠤᠰᠤ ᠶᠢᠨ 2020 ᠤᠨ ᠳᠤ᠂ ᠨᠠᠷᠢᠨ ᠪᠤᠳᠤᠯᠢᠶᠠᠨᠳᠠᠢ ᠤᠯᠠᠨ ᠤᠯᠤᠰ ᠤᠨ ᠪᠠᠶᠢᠳᠠᠯ᠂ ᠪᠡᠷᠭᠡ ᠬᠠᠳᠠᠭᠤᠵᠢᠯᠳᠠᠢ ᠬᠦᠨᠳᠦ ᠨᠦᠰᠡᠷ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠬᠦᠷᠭᠡ ᠢᠯᠠᠩᠭᠤᠶ᠎ᠠ ᠭᠡᠨᠡᠳᠳᠡ ᠲᠠᠭᠠᠷᠢᠨ ᠢᠷᠡᠭᠰᠡᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠨᠠᠮ ᠤᠨ ᠲᠦᠪ ᠬᠤᠷᠢᠶ᠎ᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠭᠡᠢ ᠳ᠋ᠠᠬᠢᠨ ᠤ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠶᠢ ᠨᠢᠭᠡᠳᠦᠯᠳᠠᠢ ᠲᠦᠯᠦᠪᠵᠢᠬᠦᠯᠵᠦ᠂ ᠨᠠᠮ ᠤᠨ ᠦᠪᠡᠷ ᠤᠨ ᠪᠡᠶ᠎ᠠ ᠳᠡᠭᠡᠨ ᠬᠤᠪᠢᠰᠬᠠᠯ ᠬᠢᠬᠦ ᠪᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠦᠳᠦᠯᠦᠨ ᠳᠠᠭᠠᠭᠤᠯᠬᠤ ᠶᠢ ᠪᠠᠷᠢᠮᠳᠠᠯᠠᠨ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠡᠷᠡᠯ ᠢ ᠡᠰᠡᠷᠬᠦᠴᠡᠬᠦ ᠲᠡᠮᠡᠴᠡᠯ ᠢ ᠠᠬᠢᠭᠤᠯᠤᠨ᠂ ᠡᠷᠡᠰ ᠭᠤᠶᠢᠪᠢᠰᠢ ᠦᠭᠡᠢ ᠪᠠᠷ ᠨᠠᠮ ᠤᠨ ᠪᠠᠶᠢᠭᠤᠯᠤᠯᠳᠠ ᠶᠢ ᠨᠡᠩ ᠡᠷᠡᠰ ᠪᠠᠳᠤ ᠬᠦᠴᠦᠳᠠᠢ ᠪᠤᠯᠭᠠᠪᠠ᠃ ᠨᠢᠭᠡ ᠵᠢᠯ ᠤᠨ ᠲᠤᠷᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠶᠦᠯ ᠲᠦᠭᠰᠢᠬᠦᠷᠢ ᠪᠠ ᠰᠢᠯᠭᠠᠯᠳᠠ ᠶᠢ ᠠᠷᠭᠠᠴᠠᠭᠠᠬᠤ ᠳᠤᠮᠳᠠ ᠪᠦᠬᠦ ᠲᠠᠯ ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠶᠢᠷᠡᠬᠦᠯᠬᠦ ᠶᠢ ᠪᠠᠷᠢᠮᠳᠠᠯᠠᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠲᠡᠮᠡᠴᠡᠯ ᠢ ᠬᠦᠴᠦᠯᠡᠨ ᠠᠬᠢᠭᠤᠯᠵᠦ᠂ ᠤᠯᠤᠰ ᠲᠦᠷᠦ ᠶᠢᠨ ᠠᠮᠢ ᠠᠬᠤᠢ ᠶᠢ ᠠᠷᠢᠭᠤᠳᠬᠠᠨ ᠵᠠᠰᠠᠨ ᠰᠡᠷᠬᠦᠭᠡᠬᠦ ᠪᠠᠷ ᠬᠦᠴᠦᠯᠡᠨ᠂ ᠪᠦᠬᠦ ᠤᠷᠤᠨ ᠤ ᠨᠠᠮ ᠢ ᠬᠠᠮᠢᠶᠠᠷᠬᠤ ᠨᠠᠮ ᠢ ᠵᠠᠰᠠᠬᠤ ᠠᠵᠢᠯ ᠢ ᠴᠢᠩᠭ᠎ᠠ ᠡᠷᠴᠢᠮᠳᠠᠢ ᠬᠠᠳᠠᠭᠤ ᠪᠤᠯᠭᠠᠬᠤ ᠶᠢ ᠲᠦᠷᠭᠡᠳᠭᠡᠨ ᠠᠬᠢᠭᠤᠯᠵᠦ᠂ ᠡᠯ᠎ᠠ ᠵᠦᠢᠯ ᠤᠨ ᠠᠵᠢᠯ ᠦᠢᠯᠡᠰ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠳᠤᠯᠠᠵᠠᠢ᠃ ᠡᠨᠡ ᠵᠢᠯ ᠪᠤᠯ ︽ᠠᠷᠪᠠᠨ ᠲᠦᠷᠪᠡᠳᠤᠬᠡᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠡᠬᠢᠯᠠᠯᠳᠠ ᠶᠢᠨ ᠵᠢᠯ᠂ ᠮᠦᠨ ᠴᠤ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠤ ᠡᠬᠢᠯᠠᠯᠳᠠ ᠶᠢᠨ ᠵᠢᠯ ᠮᠦᠨ᠂ ᠠᠯᠢᠪᠠ ᠠᠵᠢᠯ ᠢ ᠴᠦᠮ ᠰᠠᠶᠢᠨ ᠡᠬᠢᠯᠠᠯᠳᠠ ᠲᠠᠢ ᠪᠤᠯᠭᠠᠬᠤ ᠲᠤᠭᠤᠷᠢᠨ ᠳᠤ ᠦᠷᠨᠢᠬᠦᠯᠬᠦ ᠭᠡᠷᠡᠭᠳᠠᠢ᠃ ᠪᠢᠳᠠ ᠨᠠᠮ ᠤᠨ ᠲᠦᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠴᠢᠭᠯᠡᠯᠳᠡ᠂ ᠴᠢᠬᠤᠯᠠ ᠶᠡᠭᠡ ᠵᠠᠷᠴᠢᠮ᠂ ᠭᠤᠤᠯᠳᠠᠯᠭ᠎ᠠ ᠲᠠᠢ ᠡᠬᠦᠷᠬᠡ ᠶᠢᠨ ᠲᠤᠬᠠᠢ ᠤᠯᠤᠰ ᠲᠦᠷᠤ ᠶᠢᠨ ᠠᠭᠤᠯᠬᠤᠨ ᠢ ᠪᠠᠳᠤ ᠡᠵᠡᠮᠳᠡᠵᠤ᠂ ᠤᠯᠤᠰ ᠲᠦᠷᠤ ᠶᠢᠨ ᠴᠢᠭᠯᠡᠯ ᠢᠶᠠᠨ ᠪᠠᠳᠤᠳᠬᠠᠵᠤ᠂ ᠤᠯᠤᠰ ᠲᠦᠷᠤ ᠶᠢᠨ ᠲᠤᠭᠳᠠᠯ ᠬᠦᠴᠤᠨ ᠢᠶᠠᠨ ᠪᠠᠳᠤᠯᠠᠨ᠂ ᠡᠷᠡᠰ ᠭᠤᠶᠢᠪᠢᠰᠢ ᠦᠬᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠤᠪᠤᠷ ᠬᠤᠪᠢᠷᠠᠬᠤ ᠦᠬᠡᠢ᠂ ᠵᠤᠷᠢᠬ ᠰᠢᠨᠳᠠᠷᠠᠬᠤ ᠦᠬᠡᠢ᠂ ᠡᠷᠴᠢᠮ ᠰᠤᠯᠠᠷᠠᠬᠤ ᠦᠬᠡᠢ ᠪᠠᠶᠢᠬᠤ ᠶᠢ ᠪᠡᠶᠡᠯᠡᠬᠦᠯᠵᠤ᠂ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠬᠤᠭᠤᠴᠠᠭᠠᠨ ᠤ ᠡᠯ᠎ᠠ ᠵᠦᠢᠯ ᠤᠨ ᠬᠠᠷᠠᠯᠳᠠ ᠡᠬᠦᠷᠬᠡ ᠶᠢ ᠪᠡᠶᠡᠯᠡᠬᠦᠯᠬᠦ ᠳᠤ ᠬᠦᠴᠤᠳᠠᠢ ᠵᠢᠯᠤᠭᠤᠳᠤᠯᠭ᠎ᠠ᠂ ᠡᠷᠡᠰ ᠪᠠᠳᠤ ᠪᠠᠳᠤᠯᠠᠭ᠎ᠠ ᠬᠠᠩᠭᠠᠬᠤ ᠭᠡᠷᠡᠭᠳᠠᠢ᠃ ᠡᠷᠡᠰ ᠭᠤᠶᠢᠪᠢᠰᠢ ᠦᠬᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠯᠤᠰ ᠲᠦᠷᠦ ᠶᠢᠨ ᠬᠢᠨᠡᠯᠳᠠ ᠲᠠᠯᠪᠢᠬᠤ ᠶᠢ ᠴᠢᠩᠭᠠᠳᠬᠠᠬᠤ ᠲᠠᠢ ᠨᠢᠬᠳᠠ ᠤᠶᠠᠯᠳᠤᠭᠤᠯᠵᠤ᠂ ᠤᠨᠤᠯ ᠢᠶᠠᠷ ᠵᠡᠪᠰᠡᠭᠯᠡᠬᠦ ᠶᠢ ᠬᠦᠨᠵᠡᠭᠡᠶᠢᠷᠠᠬᠦᠯᠬᠦ ᠳᠤ ᠤᠯᠤᠰ ᠲᠦᠷᠦ ᠶᠢᠨ ᠬᠢᠨᠡᠯᠳᠠ ᠲᠠᠯᠪᠢᠬᠤ ᠶᠢ ᠴᠢᠩᠭᠠᠳᠬᠠᠵᠤ᠂ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠬᠤ ᠳᠤ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠲᠤᠯᠭᠠᠬᠤ ᠲᠤᠬᠳᠠᠴᠠ ᠶᠢ ᠲᠠᠰᠤᠷᠠᠯᠳᠠ ᠦᠭᠡᠢ ᠪᠦᠷᠢᠨᠰᠢᠬᠦᠯᠵᠤ᠂ ᠲᠦᠪ ᠤᠨ ᠲᠤᠭᠤᠷᠢᠨ ᠪᠠᠶᠢᠴᠠᠭᠠᠯᠳᠠ ᠳᠤ ᠬᠠᠷᠢᠭᠤ ᠲᠤᠰᠬᠠᠬᠰᠡᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ ᠶᠢ ᠠᠬᠢᠭᠤᠯᠬᠤ ᠭᠡᠷᠡᠭᠳᠠᠢ᠃ ᠦᠩᠬᠡᠨ ᠲᠠᠯ᠎ᠠ ᠪᠠ ᠦᠨᠳᠤᠰᠤ ᠠᠴᠠ ᠨᠢ ᠵᠠᠰᠠᠬᠤ ᠶᠢ ᠬᠦᠨᠵᠡᠬᠡᠶᠢᠷᠡᠬᠦᠯᠵᠤ᠂ ᠢᠯᠵᠠᠷᠠᠬᠤ ᠠᠴᠠ ᠵᠢᠷᠤᠬᠡᠰᠢᠶᠡᠬᠦ ᠰᠦᠷ ᠬᠦᠴᠦᠳᠦ ᠪᠠᠶᠢᠳᠠᠯ ᠢ ᠴᠢᠩᠭᠠᠳᠬᠠᠵᠤ᠂ ᠢᠯᠵᠠᠷᠠᠵᠤ ᠪᠤᠯᠬᠤ ᠦᠬᠡᠢ ᠰᠢᠩᠭᠡᠯᠢᠭ ᠢ ᠴᠢᠩᠳᠠᠯᠠᠵᠦ᠂ ᠢᠯᠵᠠᠷᠠᠬᠤ ᠶᠢ ᠪᠤᠳᠤᠬᠤ ᠦᠬᠡᠢ ᠤᠬᠠᠮᠰᠠᠷ ᠢ ᠲᠡᠭᠡᠭᠰᠢᠯᠡᠬᠦᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠬᠡ ᠴᠤᠬᠴᠠᠵᠢᠭᠤᠯᠤᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠪᠡᠶᠡᠯᠡᠬᠦᠯᠬᠦ ᠭᠡᠷᠡᠭᠳᠠᠢ᠃ ︽ᠲᠦᠷᠪᠡᠨ ᠰᠤᠷᠳᠠᠯ︾ ᠢᠯᠠᠩᠭᠤᠶ᠎ᠠ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠵᠠᠯᠠᠷᠠᠭᠤᠯᠵᠤ᠂ ᠲᠦᠪ ᠤᠨ ᠨᠠᠢᠮᠠᠨ ᠲᠤᠭᠳᠠᠭᠠᠯ ᠵᠢᠴᠢ ᠲᠡᠬᠦᠨ ᠤ ᠭᠡᠷᠡᠭᠵᠢᠬᠦᠯᠬᠦ ᠨᠠᠷᠢᠨ ᠲᠦᠷᠢᠮ ᠤᠨ ᠵᠤᠷᠢᠬ ᠰᠠᠨᠠᠭ᠎ᠠ ᠶᠢ ᠦᠴᠤᠬᠡᠨ ᠴᠤ ᠰᠤᠯᠠᠷᠠᠭᠤᠯᠬᠤ ᠦᠬᠡᠢ ᠪᠠᠷ ᠴᠢᠩᠭ᠎ᠠ ᠨᠠᠶᠢᠳᠠᠪᠤᠷᠢᠵᠢᠭᠤᠯᠵᠤ᠂ ᠦᠨᠡᠨ ᠬᠦ ᠬᠠᠳᠠᠭᠤ ᠲᠦᠷᠢᠮ ᠤᠨ ᠬᠦᠴᠤᠨ ᠢ ᠪᠠᠳᠠᠷᠠᠭᠤᠯᠵᠤ᠂ ᠴᠢᠩᠭ᠎ᠠ ᠬᠠᠳᠠᠭᠤ ᠴᠠᠭᠠᠵᠠ ᠶᠢᠨ ᠰᠦᠷ ᠢ ᠮᠠᠨᠳᠤᠭᠤᠯᠬᠤ ᠭᠡᠷᠡᠭᠳᠠᠢ᠃ ᠠᠷᠠᠳ ᠲᠦᠮᠡᠨ ᠢ ᠲᠡᠭᠡᠳᠤᠯᠡᠬᠦ ᠶᠢ ᠪᠠᠷᠢᠮᠳᠠᠯᠠᠵᠤ᠂ ᠤᠯᠠᠨ ᠲᠦᠮᠡᠨ ᠤ ᠲᠡᠷᠭᠡᠳᠡᠬᠢ ᠢᠯᠵᠡᠷᠡᠯ ᠪᠠ ᠰᠤᠷᠳᠠᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠭᠡᠵᠤ᠂ ᠤᠯᠠᠨ ᠲᠦᠮᠡᠨ ᠤ ︽ᠪᠠᠴᠢᠮᠳᠠᠵᠦ ᠬᠦᠴᠢᠷᠳᠡᠨ ᠰᠠᠨᠠᠭᠠᠰᠢᠷᠠᠵᠤ ᠬᠦᠰᠡᠨ ᠡᠷᠡᠮᠡᠯᠵᠡᠵᠤ ᠪᠠᠶᠢᠭ᠎ᠠ︾ ᠠᠰᠠᠭᠤᠳᠠᠯ ᠢ ᠰᠠᠶᠢᠳᠤᠷ ᠰᠢᠢᠳᠪᠤᠷᠢᠯᠡᠨ᠂ ᠤᠯᠠᠨ ᠲᠦᠮᠡᠨ ᠤ ᠢᠯᠵᠡᠷᠡᠯ ᠢ ᠡᠰᠡᠷᠬᠦᠴᠡᠬᠦ ︽ᠢᠯᠠᠭ᠎ᠠ ᠴᠤᠬᠢᠬᠤ︾ ᠲᠤᠮᠳᠠᠬᠢ ᠬᠦᠷᠳᠡᠮᠵᠢ ᠶᠢᠨ ᠲᠦᠷᠦᠭᠳᠡᠯ ᠵᠢᠷᠭᠠᠯᠳᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠵᠤ᠂ ᠲᠦᠪ ᠭᠤᠤᠯᠴᠢ ᠰᠢᠳᠤᠷᠭᠤ ᠶᠤᠰᠤ ᠶᠢ ᠮᠠᠳᠡᠷᠡᠬᠦᠯᠬᠦ ᠭᠡᠷᠡᠭᠳᠠᠢ᠃ ᠦᠨᠡᠨ ᠬᠦ ᠬᠢᠨᠡᠯᠳᠠ ᠲᠠᠯᠪᠢᠬᠤ ᠶᠢ ︽ᠠᠷᠪᠡᠨ ᠲᠦᠷᠪᠡᠳᠤᠭᠡᠷ ᠲᠠᠪᠤᠨ ᠵᠢᠯ︾᠎ ᠤᠨ ᠪᠠᠶᠢᠭᠤᠯᠤᠯᠳᠠ ᠶᠢᠨ ᠲᠤᠮᠳᠠ ᠨᠡᠩ ᠰᠠᠶᠢᠨ ᠠᠭᠤᠰᠤᠯᠴᠠᠭᠤᠯᠵᠤ᠂ ︽ᠨᠢᠭᠡᠳᠤᠭᠡᠷ ᠭᠠᠷ︾ ᠪᠠ ᠤᠳᠤᠷᠢᠳᠬᠤ ᠺᠠᠳ᠋ᠷ ᠲᠤ ᠬᠢᠨᠡᠯᠳᠠ ᠲᠠᠯᠪᠢᠬᠤ ᠶᠢ ᠴᠢᠩᠭᠠᠳᠬᠠᠵᠤ᠂ ᠨᠠᠮ ᠤᠨ ᠲᠤᠳᠤᠭᠠᠳᠤ ᠶᠢᠨ ᠬᠢᠨᠡᠯᠳᠠ ᠶᠢᠨ ᠤᠯᠤᠰ ᠲᠦᠷᠦ ᠪᠠᠷ ᠬᠦᠳᠤᠯᠤᠨ ᠲᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠵᠤ᠂ ᠦᠨᠳᠤᠰᠤᠨ ᠱᠠᠳᠤᠨ ᠤ ᠵᠠᠰᠠᠯᠳᠠ ᠶᠢᠨ ᠲᠤᠮᠳᠠᠬᠢ ᠬᠢᠨᠠᠯᠳᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠬᠢᠨᠡᠯᠳᠠ ᠲᠠᠯᠪᠢᠬᠤ ᠰᠢᠰᠲ᠋ᠧᠮ ᠤᠨ ᠵᠠᠰᠠᠯᠳᠠ ᠶᠢᠨ ᠦᠢᠯᠡᠳᠤᠯ ᠴᠢᠳᠠᠪᠬᠢ ᠶᠢ ᠨᠡᠩ ᠢᠯᠡᠬᠦᠦ ᠪᠠᠳᠠᠷᠠᠭᠤᠯᠬᠤ ᠭᠡᠷᠡᠭᠳᠠᠢ᠃ ᠪᠦᠬᠦ ᠤᠷᠤᠨ ᠤ ᠡᠯ᠎ᠡ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠲᠦᠷᠦᠬᠦᠯᠡᠨ ᠴᠢᠩᠭᠠᠳᠬᠠᠵᠤ᠂ ᠬᠠᠮᠤᠭ ᠤᠨ ᠴᠢᠩᠭ᠎ᠠ ᠬᠢᠵᠠᠭᠠᠷᠯᠠᠯ ᠪᠠ ᠬᠢᠨᠡᠯᠳᠠ ᠶᠢ ᠤᠬᠠᠮᠰᠠᠷ ᠠᠴᠠ ᠪᠠᠨ ᠬᠦᠯᠢᠶᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠺᠠᠳ᠋ᠷ ᠤᠨ ᠡᠩᠨᠡᠭᠡ ᠶᠢ ᠨᠠᠮ ᠤᠨ ᠰᠠᠬᠢᠯᠭ᠎ᠠ ᠪᠠᠳᠤ ᠵᠠᠰᠠᠭ ᠤᠨ ᠰᠠᠬᠢᠯᠭ᠎ᠠ ᠪᠠᠳᠤ ᠶᠢᠨ ᠦᠨᠡᠨᠴᠢ ᠰᠢᠳᠤᠷᠭᠤ ᠬᠠᠮᠠᠭᠠᠯᠠᠬᠴᠢ ᠪᠤᠯᠬᠤ ᠶᠢ ᠢᠮᠠᠬᠳᠠ ᠦᠨᠡᠨ ᠬᠦ ᠪᠠᠳᠤᠯᠠᠵᠤ᠂ ᠢᠯᠵᠡᠷᠡᠯ ᠢ ᠴᠢᠩᠭ᠎ᠠ ᠵᠠᠯᠬᠠᠭᠠᠨ ᠰᠢᠢᠳᠭᠡᠬᠦ ᠬᠦᠴᠤᠳᠤ ᠠᠷᠭ᠎ᠠ ᠬᠡᠮᠵᠢᠶ᠎ᠡ ᠪᠤᠯᠭᠠᠵᠤ᠂ ᠨᠠᠮ ᠪᠠ ᠠᠷᠠᠳ ᠲᠦᠮᠡᠨ ᠤ ᠤᠯᠭᠤᠬᠰᠡᠨ ᠡᠷᠭᠡ ᠶᠢ ᠲᠤᠷ᠎ᠡ ᠪᠠᠷ ᠭᠡᠷᠡᠭᠯᠡᠬᠦ ᠦᠭᠡᠢ᠂ ᠮᠠᠭᠤ ᠶᠢ ᠵᠠᠯᠬᠠᠭᠠᠵᠤ ᠰᠠᠶᠢᠨ ᠢ ᠬᠦᠬᠢᠬᠦᠯᠬᠦ ᠬᠦᠴᠤᠳᠤ ᠵᠡᠪᠰᠡᠭ ᠢ ᠡᠬᠦᠷᠢᠳᠠ ᠦᠡᠭᠭᠡ ᠬᠤᠪᠢᠷᠠᠬᠤ ᠦᠭᠡᠢ ᠪᠠᠶᠢᠯᠭᠠᠬᠤ ᠭᠡᠷᠡᠭᠳᠠᠢ᠃ ᠠᠵᠢᠯ ᠢ ᠬᠢᠪᠡᠯ ᠲᠠᠭᠤᠰᠳᠠᠯ᠎ᠡ᠂ ᠲᠠᠪᠤᠰᠤ ᠶᠢ ᠬᠢᠪᠡᠯ ᠠᠭᠤᠰᠳᠠᠯ᠎ᠡ ᠭᠡᠳᠡᠭ᠃ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠪᠤᠯ ᠪᠤᠭᠤᠮᠳᠠ ᠰᠢᠪᠳᠤᠯᠬᠤ ᠲᠠᠶᠢᠯᠠᠯᠳᠤᠭᠠᠨ ᠪᠤᠯᠬᠤ ᠪᠦᠭᠡᠳ ᠪᠠᠰᠠ ᠤᠳᠠᠭᠠᠨ ᠲᠠᠭᠠᠭᠠᠮᠠᠭᠠᠢ ᠲᠠᠶᠢᠨ ᠮᠦᠨ ᠂ ᠡᠷᠬᠡᠪᠰᠢ ᠴᠢᠩᠭ᠎ᠠ ᠪᠠᠶᠢᠬᠤ ᠭᠤᠤᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠭᠡᠷᠡᠭᠳᠠᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠤᠭ ᠰᠠᠨᠠᠭ᠎ᠠ ᠪᠠᠨ ᠦᠯᠤ ᠮᠠᠷᠳᠡᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠨ᠂ ᠠᠴᠢ ᠳᠤᠨᠢ ᠲᠠᠯᠠᠷᠬᠠᠵᠤ ᠡᠷᠡᠮᠡᠭᠡᠶᠢᠯᠡᠨ ᠲᠡᠮᠡᠴᠡᠵᠤ᠂ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠶᠢᠷᠠᠬᠦᠯᠤᠨ ᠬᠦᠭᠵᠢᠬᠦᠯᠬᠦ ᠶᠢ ᠲᠠᠰᠤᠷᠠᠯᠳᠠ ᠦᠭᠡᠢ ᠠᠬᠢᠭᠤᠯᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠪᠠᠶᠢᠭᠤᠯᠤᠬᠳᠠᠬᠰᠡᠨ 100 ᠵᠢᠯ ᠤᠨ ᠤᠢ ᠶᠢ ᠪᠡᠯᠭᠡᠯᠡᠵᠤ᠂ ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠬᠦᠭᠵᠢᠯᠳᠠ ᠶᠢᠨ ᠱᠠᠳᠤᠨ ᠳᠤ ᠤᠳᠤᠬᠢᠴᠢᠯᠠᠬᠰᠡᠨ ᠦᠪᠤᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢᠨ ᠰᠢᠨ᠎ᠡ ᠬᠠᠭᠤᠳᠠᠰᠤ ᠶᠢ ᠰᠠᠶᠢᠳᠤᠷ ᠪᠢᠴᠢᠭᠯᠡᠬᠦ ᠭᠡᠷᠡᠭᠳᠠᠢ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号