ᠬᠡᠤᠬᠡᠳ ᠤᠨ ᠦᠰᠦᠨ ᠪᠤᠶᠢᠵᠢᠯᠲᠠ ᠳᠤ ᠨᠠᠩ ᠥᠷᠭᠡᠨ ᠳᠠᠷᠳᠠᠩ ᠵᠠᠮ ᠳᠡᠪᠢᠰᠴᠦ ᠥᠭᠬᠦᠰᠥᠭᠡᠢ
ᠨᠡᠶᠢᠲᠡᠯᠡᠭᠰᠡᠨ ᠴᠠᠭ᠄
2021/7/28
 ︽ᠢᠯᠡᠬᠦᠥ ᠨᠢᠭᠡ ᠵᠦᠢᠯ ᠤᠨ ᠦᠭᠡ ᠬᠡᠯᠡ ᠲᠠᠢ ᠪᠤᠯ ᠢᠯᠡᠬᠦᠥ ᠨᠢᠭᠡ ᠭᠠᠷᠬᠤ ᠵᠠᠮ ᠲᠠᠢ᠃ ᠮᠢᠨᠦ ᠭᠤᠷᠪᠠᠨ ᠬᠡᠤᠬᠡᠳ ᠤᠨ ᠨᠢᠭᠡ ᠨᠢ ᠳᠥᠷᠪᠡᠨ ᠵᠦᠶ᠋ᠯ ᠤᠨ ᠬᠡᠯᠡ ᠮᠡᠳᠡᠳᠡᠭ᠂ ᠣᠳᠣ ᠶᠠᠫᠣᠨ ᠳᠤ ᠠᠵᠢᠯᠯᠠᠵᠤ ᠪᠤᠢ︔ ᠨᠢᠭᠡ ᠨᠢ ᠭᠤᠷᠪᠠᠨ ᠵᠦᠢᠯ ᠤᠨ ᠬᠡᠯᠡ ᠶᠢ ᠡᠵᠡᠮᠰᠢᠵᠦ᠂ ᠣᠳᠣ ᠠᠩᠭ᠍ᠯᠢ ᠬᠡᠯᠡᠨ ᠤ ᠪᠠᠭᠰᠢ ᠪᠠᠷ ᠠᠵᠢᠯᠯᠠᠵᠦ ᠪᠤᠢ︔ ᠪᠠᠰᠠ ᠨᠢᠬᠡ ᠨᠢ ᠮᠣᠩᠭᠤᠯ ᠬᠢᠲᠠᠳ ᠬᠡᠯᠡᠨ ᠳᠤ ᠨᠡᠪᠲᠡᠷᠡᠵᠦ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠤ ᠠᠵᠢᠯᠯᠠᠵᠤ ᠪᠠᠶᠢᠨ᠎ᠠ᠃ ᠲᠡᠳᠡ ᠴᠥᠮ ᠪᠠᠭ᠎ᠠ ᠰᠤᠷᠭᠠᠭᠤᠯᠢ ᠠᠴᠠ ᠪᠠᠨ ᠡᠬᠢᠯᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠴᠤ ᠬᠡᠷᠡᠭᠯᠡᠪᠠ᠃ ᠪᠢ ᠥᠪᠡᠷ ᠢᠶᠠᠨ ᠥᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠭᠠᠳ ᠰᠠᠶ᠋ᠢ ᠡᠬᠢᠯᠡᠵᠤ ᠰᠤᠷᠤᠭᠰᠠᠨ ᠪᠤᠯᠬᠤᠷ ᠬᠢᠲᠠᠳ ᠬᠡᠯᠡ ᠪᠠᠷ ᠶᠠᠷᠢᠯᠴᠠᠵᠤ ᠰᠣᠯᠢᠯᠴᠠᠬᠤ ᠳᠤ ᠶᠡᠭᠡ ᠬᠦᠴᠢᠷᠳᠡᠳᠡᠭ ᠪᠢᠯᠡ᠃ ᠴᠠᠭ ᠦᠶ᠎ᠡ ᠶᠢ ᠲᠠᠭᠠᠵᠤ ᠪᠦᠬᠦ ᠲᠠᠯ᠎ᠠ ᠪᠠᠷ ᠤᠷᠤᠭᠰᠢᠯᠠᠬᠤ ᠳᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠬᠦ ᠪᠣᠯ ᠲᠤᠩ ᠴᠢᠬᠤᠯᠠᠲᠠᠢ ᠶᠤᠮ︾᠃ ᠲᠦᠷᠦᠭᠦᠬᠡᠨ ᠬᠤᠷᠠᠯᠳᠤᠭᠰᠠᠨ ᠪᠦᠬᠦ ᠣᠷᠣᠨ ᠤ ᠬᠤᠶᠠᠷ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠡᠩᠭᠡᠯᠪᠠᠶᠠᠷ ᠤᠨ ᠶᠠᠷᠢᠶ᠎ᠠ ᠨᠢ ᠴᠥᠭᠡᠨ ᠲᠣᠭᠠᠲᠤ ᠦᠨᠳᠦᠰᠦᠲᠡᠨ ᠤ ᠦᠷᠬᠡᠨ ᠤᠯᠠᠨ ᠲᠦᠮᠡᠨ ᠤ ᠬᠠᠮᠲᠤ ᠶᠢᠨ ᠰᠡᠳᠬᠢᠯ ᠤᠨ ᠦᠭᠡ ᠶᠢ ᠬᠡᠯᠡᠵᠥ ᠭᠠᠷᠭᠠᠬᠰᠠᠨ ᠪᠠᠶᠢᠨ᠎ᠠ᠃ ᠦᠭᠡ ᠬᠡᠯᠡ ᠦᠰᠦᠭ ᠪᠢᠴᠢᠭ ᠪᠣᠯ ᠬᠥᠮᠦᠰ ᠤᠨ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ ᠶᠢᠨ ᠴᠢᠬᠤᠯᠠ ᠪᠠᠭᠠᠵᠢ ᠪᠣᠯᠬᠤ ᠪᠠᠷ ᠥᠯᠥ ᠪᠠᠷᠠᠮ ᠪᠠᠰᠠ ᠴᠤ ᠰᠢᠨᠵᠢᠯᠡᠬᠦ ᠤᠬᠠᠭᠠᠨ ᠰᠣᠶᠣᠯ ᠮᠡᠳᠡᠯᠭᠡ ᠶᠢᠨ ᠴᠢᠬᠤᠯᠠ ᠠᠴᠢᠶᠠᠯᠠᠪᠤᠷᠢ ᠮᠥᠨ᠂ ᠨᠡᠩ ᠴᠤ ᠪᠢᠳᠡᠨ ᠤ ᠳᠡᠯᠡᠬᠡᠢ ᠶᠢᠷᠲᠢᠨᠴᠦ ᠶᠢ ᠨᠡᠭᠡᠭᠡᠬᠦ ︽ᠠᠯᠳᠠᠨ ᠲᠦᠯᠬᠢᠭᠦᠷ︾ ᠪᠤᠯᠬᠤ ᠶᠤᠮ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠯᠦᠭᠡ ᠬᠠᠷᠢᠴᠠᠭᠤᠯᠪᠠᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠭᠰᠡᠨ ᠬᠡᠮᠵᠢᠶ᠎ᠡ ᠪᠠ ᠬᠡᠷᠡᠭᠯᠡᠭᠰᠡᠨ ᠬᠡᠪᠴᠢᠶ᠎ᠡ ᠨᠢ ᠨᠡᠩ ᠥᠷᠭᠡᠨ ᠪᠠᠶᠢᠵᠤ᠂ ᠬᠥᠮᠦᠨ ᠲᠥᠷᠥᠯᠬᠢᠲᠡᠨ ᠤ ᠪᠣᠯᠪᠠᠰᠤᠨ ᠮᠡᠳᠡᠯᠭᠡ ᠶᠢᠨ ᠮᠡᠳᠡᠭᠡ ᠵᠠᠩᠭᠢ ᠶᠢ ᠠᠴᠢᠶᠠᠯᠠᠬᠰᠠᠨ ᠨᠢ ᠨᠡᠩ ᠡᠯᠪᠡᠭ ᠪᠠᠶᠠᠯᠢᠭ ᠪᠠᠶᠢᠳᠠᠭ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠴᠤ ᠬᠡᠷᠡᠭᠯᠡᠬᠦ ᠨᠢ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠨᠡᠩ ᠥᠷᠭᠡᠨ ᠠᠭᠤᠳᠠᠮ ᠬᠦᠷᠢᠶ᠎ᠡ ᠬᠡᠪᠴᠢᠶᠡᠨ ᠳᠤ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠲᠦᠢᠯ ᠤᠨ ᠴᠢᠬᠤᠯᠠ ᠪᠥᠭᠡᠳ ᠦᠨᠳᠦᠰᠦᠲᠡᠨ ᠨᠦᠭᠦᠳ ᠤᠨ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢᠨ ᠴᠢᠬᠤᠯᠠ ᠰᠠᠭᠤᠷᠢ ᠪᠠ ᠴᠠᠭ ᠦᠶ᠎ᠡ ᠶᠢᠨ ᠱᠠᠭᠠᠷᠳᠠᠯᠭ᠎ᠠ ᠪᠣᠯᠬᠤ ᠶᠤᠮ᠃ ᠲᠤᠮᠳᠠᠳᠤ ᠪᠠᠭ᠎ᠠ ᠰᠤᠷᠭᠠᠭᠤᠯᠢ ᠶᠢᠨ ᠱᠠᠳᠤ ᠪᠣᠯ ᠦᠭᠡ ᠬᠡᠯᠡ ᠰᠤᠷᠬᠤ ᠰᠢᠵᠢᠷ ᠠᠯᠳᠠᠨ ᠴᠠᠭ ᠬᠤᠭᠤᠴᠠᠭ᠎ᠠ ᠮᠥᠨ᠂ ᠪᠠᠰᠠ ᠴᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠡᠨᠡ ᠬᠦ ᠱᠠᠳᠤ ᠦᠶ᠎ᠡ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠨᠡᠩ ᠲᠦᠷᠭᠡᠨ ᠨᠡᠩ ᠰᠠᠶᠢᠳᠤᠷ ᠡᠵᠡᠮᠰᠢᠬᠦ ᠳᠤ ᠠᠰᠢᠭᠲᠠᠢ ᠪᠢᠯᠡ᠃ ᠰᠢᠨ᠎ᠡ ᠬᠥᠭᠵᠢᠯᠲᠡ ᠶᠢᠨ ᠱᠠᠲᠤᠨ ᠳᠤ ᠂ ᠬᠥᠮᠦᠰ ᠤᠨ ᠶᠠᠪᠤᠯᠴᠠᠭ᠎ᠠ ᠨᠡᠩ ᠨᠢᠭᠳᠠ᠂ ᠡᠳ᠋ ᠪᠣᠳᠠᠰ ᠤᠨ ᠭᠦᠢᠯᠭᠡᠭᠡ ᠨᠡᠩ ᠭᠦᠢᠴᠡᠳ᠂ ᠮᠡᠳᠡᠭᠡ ᠵᠠᠩᠭᠢ ᠶᠢᠨ ᠰᠤᠯᠢᠯᠴᠠᠭ᠎ᠠ ᠨᠠᠩ ᠲᠦᠷᠭᠡᠳᠬᠦ ᠴᠤ᠋ ᠰᠢᠨ᠎ᠠ ᠴᠠᠭ ᠦᠶ᠎ᠠ ᠶᠢ ᠤᠭᠳᠤᠵᠤ᠂ ᠭᠡᠷ ᠨᠤᠳᠤᠬ ᠠᠴᠠ ᠪᠠᠨ ᠰᠠᠯᠵᠤ᠂ ᠳᠡᠯᠡᠬᠡᠢ ᠶᠢᠷᠳᠢᠨᠴᠤ ᠳᠤ ᠬᠢᠯᠠᠷᠠᠭᠤᠯᠵᠤ ᠶᠠᠪᠤᠬᠤ ᠲᠣᠬᠢᠶᠠᠯ ᠡᠳᠦᠷ ᠢᠷᠡᠬᠦᠶ᠎ᠠ ᠣᠯᠠᠰᠢᠷᠠᠬᠤ ᠪᠤᠯᠤᠨ᠎ᠠ᠂ ᠬᠡᠷᠪᠡ ᠵᠥᠪᠬᠡᠨ ᠲᠤᠰ ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢ ᠡᠵᠡᠮᠰᠢᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠭᠰᠡᠨ ᠦᠭᠡᠢ ᠪᠣᠯ ᠬᠤᠪᠢ ᠬᠥᠮᠦᠨ ᠤ ᠥᠰᠥᠯᠲᠡ ᠪᠤᠶᠢᠵᠢᠯᠲᠠ ᠪᠣᠯᠤᠨ ᠬᠥᠭᠵᠢᠯᠲᠡ ᠳᠤ ᠮᠠᠰᠢ ᠶᠡᠭᠡ ᠬᠢᠵᠠᠭᠠᠷᠯᠠᠯ ᠤᠴᠠᠷᠠᠭᠤᠯᠬᠤ ᠨᠢ ᠳᠠᠮᠵᠢᠭ ᠦᠭᠡᠢ᠃ ᠡᠶᠢᠮᠦ ᠠᠴᠠ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠠᠭ᠎ᠠ ᠠᠴᠠ ᠪᠠᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠬᠤ ᠨᠢ ᠬᠡᠦᠬᠡᠳ ᠤᠳ ᠤᠨ ᠤᠳᠤ ᠦᠶ᠎ᠡ ᠶᠢᠨ ᠰᠢᠨᠵᠢᠯᠡᠬᠦ ᠤᠬᠠᠭᠠᠨ ᠰᠣᠶᠣᠯ ᠮᠡᠳᠡᠯᠭᠡ ᠶᠢ ᠬᠦᠷᠳᠡᠬᠦ᠂ ᠤᠳᠤ ᠦᠶ᠎ᠡ ᠶᠢᠨ ᠨᠡᠶᠢᠭᠡᠮ ᠳᠤ ᠠᠭᠤᠰᠤᠯᠴᠠᠬᠤ᠂ ᠠᠵᠢᠯ ᠣᠯᠵᠤ ᠦᠢᠯᠡᠰ ᠪᠤᠰᠬᠠᠬᠤ ᠳᠤ ᠲᠤᠩ ᠠᠰᠢᠭᠲᠠᠢ ᠶᠤᠮ᠃ ᠬᠡᠷᠪᠡ ᠰᠤᠷᠭᠠᠨ ᠬᠥᠮᠦᠵᠢᠯ ᠢ ᠨᠡᠷᠡᠨ ᠬᠡᠷᠡᠯ ᠲᠤᠤᠷᠠᠬᠢ ᠦᠶ᠋ᠯᠡᠰ ᠭᠡᠵᠦ ᠵᠦᠢᠷᠯᠡᠬᠦ ᠳᠤ ᠭᠦᠷᠪᠡᠯ᠂ ᠲᠡᠷᠡ ᠬᠦ ᠰᠢᠯᠢᠳᠡᠭ ᠵᠢᠭᠠᠬᠤ ᠮᠠᠲ᠋ᠧᠷᠢᠶᠠᠯ ᠨᠢ ᠳᠠᠷᠤᠶ ᠨᠡᠷᠡᠨ ᠬᠡᠷᠡᠯ ᠳᠣᠤᠷᠠᠬᠢ ᠬᠥᠷᠥᠰᠥ ᠰᠢᠷᠣᠶ ᠪᠣᠯᠤᠨ᠎ᠠ᠃ ᠬᠠᠮᠤᠭ ᠤᠨ ᠥᠩ ᠰᠢᠮᠡᠯᠢᠭ ᠬᠥᠷᠥᠰᠥ ᠰᠢᠷᠣᠶ ᠠᠴᠠ ᠰᠠᠶ᠋ᠢ ᠡᠬᠡ ᠤᠯᠤᠰ ᠤᠨ ᠢᠷᠡᠭᠡᠳᠦᠶ ᠶᠢᠨ ᠴᠡᠴᠡᠭᠡᠰ ᠬᠠᠮᠤᠭ ᠤᠨ ᠭᠦᠶ᠋ᠴᠡᠳ ᠰᠢᠮ᠎ᠡ ᠲᠡᠵᠢᠭᠡᠯ ᠬᠦᠷᠲᠡᠵᠦ᠂ ᠬᠠᠮᠤᠭ ᠤᠨ ᠬᠡᠷᠡᠯ ᠭᠢᠯᠪᠠᠭ᠎ᠠ ᠪᠠᠨ ᠰᠠᠴᠤᠷᠠᠭᠤᠯᠵᠤ ᠴᠢᠳᠠᠨ᠎ᠠ᠃ ᠣᠳᠣᠬᠠᠨ ᠳᠤ᠂ ᠮᠠᠨ ᠤ ᠣᠷᠣᠨ ᠳᠤ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠭᠤᠷᠪᠠᠨ ᠬᠢᠴᠢᠶᠠᠯ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠪᠥᠬᠦ ᠤᠯᠤᠰ ᠤᠨ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠨ᠂ ᠨᠢᠭᠡᠳᠦᠭᠡᠷ ᠹᠷᠣᠨᠲ ᠤᠨ ᠭᠤᠤᠯᠯᠠᠭᠴᠢ ᠪᠠᠭᠰᠢ ᠶᠢ ᠲᠥᠪᠯᠡᠷᠡᠭᠦᠯᠦᠨ ᠨᠠᠶᠢᠷᠠᠭᠤᠯᠵᠤ ᠪᠢᠴᠢᠭᠦᠯᠦᠭᠰᠡᠨ ᠶᠤᠮ᠃ ᠭᠤᠷᠪᠠᠨ ᠬᠢᠴᠢᠶᠡᠯ ᠲᠥᠷᠥᠯ ᠤᠨ ᠥᠭᠡᠷᠡᠴᠢᠯᠡᠯᠲᠡ ᠶᠢᠨ ᠰᠢᠯᠢᠳᠡᠭ ᠦᠷ᠎ᠡ ᠪᠦᠲᠦᠭᠡᠯ᠂ ᠲᠡᠷᠢᠭᠦᠨ ᠤ ᠣᠨᠣᠯᠵᠢᠬᠤᠨ ᠪᠠ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠰᠢᠩᠭᠡᠭᠡᠨ ᠠᠪᠤᠭᠰᠠᠨ ᠤᠯᠤᠰ ᠤᠨ ᠲᠠᠰ ᠤᠨ᠂ ᠥᠨᠳᠥᠷ ᠬᠢᠷᠢ ᠲᠦᠪᠰᠢᠨ ᠪᠦᠬᠦᠢ᠂ ᠡᠷᠬᠡ ᠰᠦᠷᠲᠦ ᠴᠢᠨᠠᠷᠲᠠᠶ ᠵᠢᠭᠠᠬᠤ ᠮᠠᠲ᠋ᠧᠷᠢᠶᠠᠯ ᠪᠠᠶᠢᠵᠦ᠂ ᠲᠦᠢᠯ ᠤᠨ ᠴᠢᠬᠤᠯᠠ ᠪᠥᠭᠡᠳ ᠣᠨᠴᠠᠭᠠᠶ ᠬᠥᠮᠦᠨ ᠢ ᠬᠥᠮᠦᠵᠢᠭᠦᠯᠬᠦ ᠴᠢᠳᠠᠮᠵᠢ ᠲᠠᠢ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠠᠰᠢᠭᠲᠠᠶ ᠶᠤᠮ᠃ ᠭᠤᠷᠪᠠᠨ ᠬᠢᠴᠢᠶᠠᠯ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠵᠠᠯᠠᠭᠤᠴᠤᠳ ᠪᠠᠭᠠᠴᠤᠳ ᠤᠨ ᠲᠠᠨᠢᠯᠲᠠ ᠶᠢᠨ ᠵᠢᠮ᠎ᠡ ᠶᠣᠰᠣ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠵᠢᠷᠤᠮᠯᠠᠨ᠂ ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ ᠪᠠ ᠠᠮᠢᠳᠤᠷᠠᠯ ᠤᠨ ᠪᠣᠳᠠᠲᠤ ᠪᠠᠶᠢᠳᠠᠯ ᠳᠤ ᠣᠶᠢᠷᠠᠲᠤᠵᠤ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ ᠳᠤ ᠠᠰᠢᠭᠲᠠᠶ ᠪᠦᠬᠡᠳ ᠪᠠᠰᠠ ᠰᠤᠷᠤᠭᠴᠢᠳ ᠤᠨ ᠬᠤᠪᠢ ᠬᠥᠮᠦᠨ ᠤ ᠬᠥᠭᠵᠢᠯᠲᠡ ᠳᠤ ᠠᠰᠢᠭᠲᠠᠶ ᠪᠠᠶᠢᠵᠤ᠂ ᠭᠤᠤᠯᠯᠠᠬᠤ ᠬᠡᠪ ᠪᠣᠯᠪᠠᠰᠤᠷᠠᠯ ᠢ ᠬᠦᠴᠦᠯᠡᠨ ᠬᠥᠭᠵᠢᠭᠦᠯᠵᠦ᠂ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠂ ᠨᠠᠰᠤᠨ ᠲᠤᠷᠰᠢᠳᠠ ᠶᠢᠨ ᠬᠥᠭᠵᠢᠯᠲᠡ ᠶᠢ ᠠᠬᠢᠭᠤᠯᠬᠤ ᠪᠤᠯᠤᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠭᠦᠨᠴᠡ ᠲᠠᠢ᠂ ᠥᠷᠭᠡᠴᠡ ᠲᠠᠢ᠂ ᠬᠠᠶᠢᠷ᠎ᠠ ᠬᠠᠯᠠᠮᠵᠢ ᠲᠠᠢ ᠪᠠᠶᠢᠵᠤ᠂ ᠬᠥᠮᠦᠨ ᠢ ᠬᠥᠮᠦᠵᠢᠭᠦᠯᠬᠦ ᠦᠨ᠎ᠡ ᠥᠷᠲᠡᠭ ᠢ ᠢᠮᠠᠭᠲᠠ ᠳᠣᠪᠤᠶᠢᠯᠭᠠᠭᠰᠠᠨ ᠢᠶᠠᠷ ᠥᠯᠥ ᠪᠠᠷᠠᠮ ᠪᠠᠰᠠ ︽ᠦᠨᠳᠦᠰᠦᠨ ᠱᠠᠲᠤᠨ ᠳᠤ ᠣᠶᠢᠷᠠᠲᠤᠵᠤ︖︖︖︾᠂ ︽ᠲᠦᠮᠡᠨ ᠪᠣᠳᠠᠰ ᠢ ᠤᠮᠳᠠᠯᠠᠬᠤ︾ ᠬᠡᠯᠪᠡᠷᠢ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠤᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠬᠦᠰᠡᠯᠡᠩ ᠢᠲᠡᠭᠡᠯ ᠪᠢᠰᠢᠷᠡᠯ ᠢ ᠱᠤᠭᠤᠬᠤ ᠪᠠᠷ ᠲᠠᠮᠵᠢᠭᠤᠯᠤᠨ ᠰᠤᠷᠤᠭᠴᠢᠳ ᠢ ᠬᠠᠷᠠᠬᠠᠨ ᠪᠠᠭ᠎ᠠ ᠠᠴᠠ ᠨᠢ ᠰᠠᠶᠢᠨ ᠰᠠᠶᠢᠬᠠᠨ ᠵᠣᠷᠢᠭ ᠰᠠᠨᠠᠭ᠎ᠠ ᠵᠠᠩ ᠴᠢᠨᠠᠷ ᠪᠣᠯᠤᠨ ᠶᠣᠰᠣ ᠰᠤᠷᠲᠠᠬᠤᠨ ᠤ ᠬᠡᠪ ᠪᠣᠯᠪᠠᠰᠤᠷᠠᠯ ᠲᠠᠢ ᠪᠣᠯᠭᠠᠵᠤ᠂ ᠵᠥᠪ ᠣᠨᠣᠪᠴᠢᠲᠠᠶ ᠬᠠᠤᠯᠢ ᠲᠦᠷᠢᠮ ᠤᠨ ᠦᠵᠡᠯᠲᠡ ᠪᠣᠯᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠪᠣᠶ ᠪᠣᠯᠭᠠᠵᠤ᠂ ︽ᠳᠥᠷᠪᠡᠨ ᠢᠲᠡᠭᠡᠯ︾ ᠪᠣᠯᠤᠨ ︽ᠲᠠᠪᠤᠨ ᠬᠠᠮᠲᠤ ᠶᠢᠨ ᠲᠠᠨᠢᠯᠲᠠ︾᠎ ᠶᠢ ᠴᠢᠩᠭᠠᠳᠬᠠᠵᠤ ᠲᠡᠶᠢᠯᠦᠨ᠎ᠠ᠃ ᠬᠦᠰᠡᠯ ᠵᠡᠭᠦᠳᠦ ᠪᠠᠨ ᠲᠡᠷᠭᠡᠯᠰᠢᠬᠦᠯᠬᠦ ᠳᠤ ᠰᠤᠷᠤᠯᠴᠠᠯᠭ᠎ᠠ ᠠᠴᠠ ᠡᠬᠢᠯᠡᠵᠦ᠂ ᠦᠢᠯᠡᠰ ᠤᠨ ᠠᠮᠵᠢᠯᠳᠠ ᠶᠢ ᠤᠯᠬᠤ ᠳᠤ ᠮᠡᠳᠡᠯᠭᠡ ᠠᠴᠠ ᠡᠬᠢᠯᠡᠳᠡᠭ᠃ ᠬᠡᠦᠬᠡᠳ ᠨᠢᠭᠡᠪᠦᠷᠢ ᠳᠤ ᠠᠪᠴᠤ ᠬᠡᠯᠡᠪᠡᠯ᠂ ᠬᠥᠮᠦᠨ ᠤ ᠠᠮᠢᠳᠤᠷᠠᠯ ᠤᠨ ᠠᠵᠠ ᠲᠣᠬᠢᠶᠠᠯ ᠨᠢ ᠪᠦᠷ ᠡᠷᠬᠡ ᠲᠡᠭᠰᠢ ᠪᠠᠶᠢᠳᠠᠭ᠂ ᠵᠠᠩᠭᠢᠯᠠᠭ᠎ᠠ ᠨᠢ ᠬᠡᠨ ᠵᠢᠩᠬᠢᠨᠢ ᠡᠷᠳᠡᠮ ᠢ ᠰᠤᠷᠴᠤ᠂ ᠵᠢᠩᠬᠢᠨᠢ ᠴᠢᠳᠠᠪᠤᠷᠢ ᠶᠢ ᠡᠵᠡᠮᠰᠢᠭᠰᠡᠨ ᠳᠤ ᠪᠠᠶᠢᠨ᠎ᠠ᠃ ᠴᠥᠭᠡᠨ ᠲᠣᠭᠠᠲᠤ ᠦᠨᠳᠦᠰᠦᠲᠡᠨ ᠤ ᠬᠡᠦᠬᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠴᠢᠬᠡᠪᠡᠯ᠂ ᠦᠰᠦᠨ ᠪᠤᠶᠢᠵᠢᠬᠤ ᠵᠠᠮ ᠳᠡᠭᠡᠷ᠎ᠡ ᠨᠢ ᠯᠠᠪᠲᠠᠢ ᠨᠡᠩ ᠤᠯᠠᠨ ᠰᠣᠩᠭᠤᠯᠲᠠ ᠲᠠᠢ ᠪᠤᠯᠵᠤ᠂ ᠨᠡᠩ ᠰᠠᠶᠢᠨ ᠠᠵᠠ ᠲᠣᠬᠢᠶᠠᠯ ᠬᠦᠷᠳᠡᠬᠦ ᠪᠣᠯᠤᠨ᠎ᠠ᠂ ᠡᠨᠡ ᠨᠢ ᠬᠤᠪᠢ ᠬᠥᠮᠦᠨ ᠤ ᠬᠥᠭᠵᠢᠯᠲᠡ᠂ ᠭᠠᠵᠠᠷ ᠣᠷᠣᠨ ᠤ ᠬᠥᠭᠵᠢᠯᠲᠡ ᠪᠤᠯᠤᠨ ᠦᠨᠳᠦᠰᠦᠲᠡᠨ ᠨᠦᠭᠦᠳ ᠤᠨ ᠬᠠᠮᠲᠤ ᠶᠢᠨ ᠬᠥᠭᠵᠢᠯᠲᠡ ᠳᠤ ᠴᠥᠮ ᠯᠤᠲᠤ ᠶᠡᠭᠡ ᠠᠰᠢᠭᠲᠠᠢ ᠶᠤᠮ᠃ ᠪᠢᠳᠡ ᠡᠷᠬᠡᠪᠰᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠤᠷᠤᠯᠴᠠᠵᠤ᠂ ᠣᠶᠢᠯᠠᠭᠠᠵᠤ᠂ ᠡᠵᠡᠮᠰᠢᠬᠦ ᠪᠠᠨ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠡᠦᠬᠡᠳ ᠤᠳ ᠲᠤ ᠨᠡᠩ ᠡᠷᠬᠡ ᠲᠡᠭᠰᠢ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠳᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠥᠭᠴᠦ᠂ ᠲᠡᠳᠡᠨᠡᠷ ᠤᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠳᠤ ᠨᠡᠩ ᠥᠷᠭᠡᠨ ᠠᠭᠤᠳᠠᠮ ᠵᠠᠮ ᠳᠡᠪᠢᠰᠴᠦ ᠥᠭᠬᠦ ᠬᠡᠷᠡᠭᠲᠡᠢ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号