ᠬᠠᠨ ᠭᠠᠷᠤᠳᠢ ᠬᠠᠯᠢᠨ ᠨᠢᠰᠭᠦ ᠳᠤ ᠭᠠᠭᠴᠠᠬᠠᠨ ᠰᠢᠷᠭᠡᠭ ᠦᠳᠦ ᠳᠡᠭᠡᠨ ᠯᠡ ᠲᠦᠰᠢᠭᠯᠡᠭᠦ ᠪᠢᠰᠢ᠂ ᠠᠵᠢᠨᠠᠢ ᠬᠦᠯᠦᠭ | ᠬᠤᠷᠳᠤ ᠨᠡᠮᠡᠨ ᠲᠤᠪᠳᠤᠯᠬᠤ ᠳᠤ ᠦᠷᠦᠭᠡᠰᠦᠨ ᠬᠦᠯ ᠳᠡᠭᠡᠨ ᠯᠡ ᠲᠦᠰᠢᠭᠯᠡᠭᠦ ᠪᠢᠰᠢ᠃ ᠬᠤᠳᠠᠯᠳᠤᠭ᠎ᠠ ᠡᠷᠬᠢᠯᠡᠬᠦ | ᠤᠷᠴᠢᠨ ᠨᠦᠬᠦᠴᠡᠯ ᠢ ᠰᠢᠯᠢᠳᠡᠭᠵᠢᠬᠦᠯᠬᠦ ᠨᠢ ᠨᠢᠬᠡᠨ ᠰᠢᠰᠲ᠋ᠧᠮᠲᠦ ᠢᠨᠵᠧᠨᠧᠷᠢᠩ ᠪᠤᠯᠤᠨ᠎ᠠ᠂ ᠶᠡᠭᠡ ᠳᠠᠯ᠎ᠠ ᠪᠦᠬᠦ | ᠳᠠᠯ᠎ᠠ ᠳᠤ ᠬᠤᠯᠪᠤᠬᠳᠠᠵᠥ᠂ ᠳᠠᠯ᠎ᠠ ᠪᠦᠬᠦᠨ ᠳᠤ ᠬᠤᠯᠪᠤᠬᠳᠠᠬᠤ ᠶᠤᠮ᠃ ᠳᠡᠷᠡ ᠨᠢ ᠠᠯᠢ ᠨᠢᠬᠡ ᠡᠰᠡᠬᠦᠯ᠎ᠡ ᠠᠯᠢ | ᠬᠡᠳᠤᠨ ᠰᠠᠯᠠᠭ᠎ᠠ ᠮᠦᠴᠢᠷ ᠤᠨ ᠶᠠᠪᠤᠳᠠᠯ ᠪᠢᠰᠢ᠂ ᠨᠡᠩ ᠢᠯᠠᠩᠭᠤᠶ᠎ᠠ ᠬᠡᠰᠡᠭ ᠬᠦᠮᠦᠰ ᠤᠨ ᠯᠡ ᠶᠠᠪᠤᠳᠠᠯ ᠪᠢᠰᠢ᠂ | ᠬᠠᠷᠢᠨ ᠪᠦᠬᠦ ᠤᠷᠤᠨ ᠳᠠᠶᠠᠭᠠᠷ ᠤᠨ᠂ ᠡᠯ᠎ᠡ ᠠᠵᠢᠯ ᠳᠦᠷᠦᠯ ᠤᠨ ᠬᠢᠨ ᠤ ︽ᠤᠯᠠᠨ ᠪᠦᠬᠦᠨ ᠤ ᠶᠠᠪᠤᠳᠠᠯ︾ | ᠪᠤᠯᠤᠨ᠎ᠠ᠃ ᠪᠢᠳᠡ ᠡᠷᠬᠡᠪᠰᠢ ᠨᠢᠬᠡ ᠬᠦᠯᠬᠡ ᠰᠢᠳᠠᠷ᠎ᠠ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠵᠥ᠂ | ᠡᠬᠦᠷᠬᠡᠯᠡᠯ ᠬᠠᠷᠢᠭᠤᠴᠠᠯᠭ᠎ᠠ ᠪᠠᠨ ᠴᠢᠩᠭᠠᠷᠠᠭᠤᠯᠵᠥ᠂ ᠨᠢᠬᠡᠳᠦᠯᠳᠡᠢ ᠳᠦᠯᠦᠪᠵᠢᠬᠦᠯᠦᠨ ᠵᠤᠬᠢᠴᠠᠭᠤᠯᠬᠤ ᠪᠠᠨ | ᠴᠢᠩᠭᠠᠳᠬᠠᠨ᠂ ᠪᠤᠳᠠᠳᠤ ᠦᠢᠯᠠ ᠠᠵᠢᠯᠯᠠᠭ᠎ᠠ ᠪᠠᠷ ᠢᠶᠠᠨ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠠᠰᠢᠬ | ᠦᠬᠡᠢ ᠪᠠᠶᠢᠳᠠᠯ ᠢᠶᠠᠨ ᠬᠤᠪᠢᠷᠠᠭᠤᠯᠬᠤ ᠳᠡᠮᠡᠴᠡᠯ ᠢ ᠪᠦᠬᠦ ᠬᠦᠴᠦ ᠪᠠᠷ ᠢᠶᠠᠨ ᠰᠠᠶᠢᠳᠤᠷ ᠬᠢᠬᠦ ᠬᠡᠷᠡᠭᠳᠡᠢ᠃ | ᠳᠡᠭᠷᠢ ᠶᠢᠨ ᠳᠤᠤᠷᠠᠬᠢ ᠤᠴᠢᠷ ᠶᠠᠪᠤᠳᠠᠯ ᠢ ᠪᠤᠳᠠᠳᠤ ᠦᠢᠯᠠ ᠠᠵᠢᠯᠯᠠᠭ᠎ᠠ ᠪᠠᠷ ᠢᠶᠠᠨ ᠯᠡ ᠪᠦᠳᠦᠬᠡᠵᠥ ᠴᠢᠳᠠᠳᠠᠭ᠃ | ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠳᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠨᠢ ᠵᠠᠩᠬᠢᠯᠠᠭ᠎ᠠ ᠪᠤᠯᠤᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ | ᠤᠷᠳᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢ ᠴᠢᠬᠤᠯᠠ ᠠᠵᠢᠯ ᠤᠨ ᠳᠡᠰ | ᠳᠠᠷᠠᠭᠠᠯᠠᠯ ᠳᠠᠭᠠᠨ ᠤᠷᠤᠭᠤᠯᠵᠥ᠂ ᠠᠵᠥ ᠠᠬᠤᠢᠢᠯᠠᠯ ᠪᠤᠯᠤᠨ ᠤᠯᠠᠨ ᠳᠦᠮᠡᠨ ᠤ ᠬᠠᠯᠠᠮᠵᠢᠯᠠᠵᠥ ᠪᠠᠶᠢᠭ᠎ᠠ | ᠠᠰᠠᠭᠤᠳᠠᠯ ᠢ ᠴᠠᠬ ᠳᠤᠬᠠᠢ ᠳᠤᠨᠢ ᠰᠢᠢᠳᠪᠦᠷᠢᠯᠡᠵᠥ᠂ ᠠᠵᠢᠯ ᠤᠨ ᠤᠨᠤᠴᠠᠳᠠᠢ ᠴᠢᠨᠠᠷ ᠪᠤᠯᠤᠨ ᠪᠦᠳᠦᠮᠵᠢᠳᠡᠢ | ᠴᠢᠨᠠᠷ ᠢᠶᠠᠨ ᠳᠡᠬᠡᠭᠰᠢᠯᠡᠬᠦᠯᠬᠦ ᠬᠡᠷᠡᠭᠳᠡᠢ︔ ᠡᠯ᠎ᠡ ᠰᠠᠯᠠᠭ᠎ᠠ ᠮᠦᠴᠢᠷ ᠡᠬᠦᠷᠬᠡ ᠴᠢᠳᠠᠪᠤᠷᠢ ᠦᠢᠯᠡᠳᠦᠯ ᠢᠶᠠᠨ ᠬᠦᠢᠴᠡᠳ | ᠪᠠᠳᠠᠷᠠᠭᠤᠯᠵᠥ᠂ ᠳᠤᠰ ᠳᠤᠰ ᠤᠨ ᠡᠬᠦᠷᠬᠡ ᠳᠤᠰᠢᠶᠠᠯ ᠢᠶᠠᠨ ᠬᠦᠢᠴᠡᠳᠬᠡᠵᠥ᠂ ᠳᠤᠰ ᠳᠤᠰ ᠤᠨ ᠬᠠᠷᠢᠭᠤᠴᠠᠯᠭ᠎ᠠ ᠪᠠᠨ | ᠬᠦᠢᠴᠡᠳᠬᠡᠬᠦ ᠬᠡᠷᠡᠭᠳᠡᠢ ᠪᠦᠬᠡᠳ ᠤᠯᠤᠯᠴᠠᠭ᠎ᠠ ᠪᠠᠨ ᠴᠢᠩᠭᠠᠳᠬᠠᠵᠥ᠂ ᠬᠠᠮᠵᠢᠯᠴᠠᠭ᠎ᠠ ᠪᠠᠨ ᠨᠢᠬᠳᠠᠷᠠᠭᠤᠯᠬᠤ ᠬᠡᠷᠡᠭᠳᠡᠢ | ︔ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠡᠯ᠎ᠡ ᠭᠤᠤᠯ ᠬᠠᠷᠢᠭᠤᠴᠠᠯᠭᠠᠳᠠᠨ ᠨᠦᠬᠦᠳ ᠬᠤᠳᠠᠯᠳᠤᠭ᠎ᠠ | ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠨᠢᠬᠡᠳᠤᠬᠡᠷ ᠬᠠᠷᠢᠭᠤᠴᠠᠯᠭᠠᠳᠠᠨ᠂ ᠨᠢᠬᠡᠳᠤᠬᠡᠷ ᠠᠬᠢᠭᠤᠯᠤᠬᠴᠢ | ᠪᠤᠯᠵᠥ᠂ ᠦᠪᠡᠷ ᠢᠶᠠᠨ ᠪᠠᠶᠢᠷᠢᠯᠠᠭᠤᠯᠵᠥ᠂ ᠦᠪᠡᠷ ᠢᠶᠠᠨ ᠵᠤᠬᠢᠴᠠᠭᠤᠯᠵᠥ᠂ ᠦᠪᠡᠷ ᠢᠶᠠᠨ ᠱᠠᠯᠠᠪᠳᠠᠭᠤᠯᠤᠨ | ᠵᠢᠯᠤᠭᠤᠳᠬᠤ ᠬᠡᠷᠡᠭᠳᠡᠢ︔ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠵᠥ᠂ ᠳᠦᠷᠦ ᠶᠢᠨ ᠪᠤᠳᠤᠯᠭ᠎ᠠ ᠶᠢ ᠦᠢᠯᠠᠭᠠᠵᠥ᠂ ᠳᠤᠬᠠᠢᠢᠯᠠᠬᠰᠠᠨ ᠠᠵᠢᠯ ᠳᠠᠭᠠᠨ ᠮᠡᠷᠬᠡᠰᠢᠵᠥ᠂ | ᠦᠢᠯᠡᠴᠢᠯᠡᠭᠡ ᠪᠠᠨ ᠰᠢᠯᠢᠳᠡᠭᠵᠢᠬᠦᠯᠬᠦ ᠪᠠᠷ ᠴᠢᠷᠮᠠᠶᠢᠬᠤ ᠬᠡᠷᠡᠭᠳᠡᠢ᠃ ᠭᠠᠭᠴᠠ ᠬᠦ ᠡᠯ᠎ᠡ ᠳᠠᠯ᠎ᠠ ᠶᠢᠨ ᠬᠠᠷᠢᠭᠤᠴᠠᠯᠭ᠎ᠠ ᠶᠢ | ᠴᠢᠩᠭᠠᠳᠬᠠᠨ ᠪᠤᠳᠠᠳᠠᠶᠢᠵᠢᠭᠤᠯᠵᠥ᠂ ᠱᠠᠳᠤ ᠱᠠᠳᠤ ᠪᠠᠷ ᠳᠠᠶᠢᠴᠢᠯᠠᠨ᠂ ᠳᠡᠬᠡᠭᠰᠢ ᠳᠤᠭᠤᠬᠰᠢ ᠬᠤᠯᠪᠤᠭᠠᠯᠠᠨ᠂ | ᠬᠦᠮᠦᠨ ᠪᠦᠬᠦᠨ ᠴᠢᠷᠮᠠᠶᠢᠨ ᠠᠵᠢᠯᠯᠠᠪᠠᠯ ᠰᠠᠶᠢ ᠪᠦᠬᠦ ᠳᠠᠯ᠎ᠠ ᠶᠢᠨ᠂ ᠡᠯ᠎ᠡ ᠬᠦᠷᠢᠶ᠎ᠡ ᠴᠠᠷᠠᠭ᠎ᠠ ᠶᠢᠨ ᠬᠠᠮᠳᠤ ᠪᠠᠷ ᠢᠶᠠᠨ | ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠠᠵᠢᠯ ᠤᠨ ᠪᠠᠶᠢᠷᠢᠰᠢᠯ ᠢ ᠪᠦᠷᠢᠯᠳᠦᠬᠦᠯᠵᠥ | ᠴᠢᠳᠠᠵᠥ᠂ ᠴᠢᠨᠠᠷ ᠰᠠᠶᠢᠳᠠᠢ ᠬᠦᠭᠵᠢᠯᠳᠡ ᠶᠢ ᠲᠦᠷᠭᠡᠳᠭᠡᠨ ᠠᠬᠢᠭᠤᠯᠬᠤ ᠬᠦᠴᠦᠷᠬᠡᠭ ᠶᠡᠭᠡ ᠬᠠᠮᠳᠤᠷᠠᠯ ᠬᠦᠴᠦᠨ ᠢ | ᠨᠢᠬᠳᠠᠷᠠᠭᠤᠯᠵᠥ ᠴᠢᠳᠠᠬᠤ ᠶᠤᠮ᠃ | ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠬᠤ ᠳᠤ ᠵᠠᠩᠭᠢᠯᠠᠭ᠎ᠠ ᠨᠢ ᠳᠦᠷᠢᠮ ᠲᠤᠭᠳᠠᠭᠠᠯ | ᠪᠠᠶᠢᠭᠤᠯᠬᠤ ᠵᠠᠪᠤᠳᠠᠯ ᠪᠤᠯᠤᠨ᠎ᠠ᠃ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ | ᠪᠠᠶᠢᠭᠤᠯᠬᠤ ᠳᠤ ᠤᠴᠢᠷ ᠶᠠᠪᠤᠳᠠᠯ ᠤᠯᠠᠨ᠂ ᠡᠭᠦᠷᠭᠡ ᠬᠦᠨᠳᠦ᠂ ᠬᠤᠯᠪᠤᠭᠳᠠᠬᠤ ᠵᠦᠢᠯ ᠤᠯᠠᠨ ᠪᠤᠯᠬᠤᠷ ᠬᠦᠨᠳᠦ | ᠬᠦᠩᠭᠡᠨ ᠢ ᠬᠠᠮᠢᠶᠠᠷᠬᠤ ᠦᠭᠡᠢ ᠪᠠᠷ ᠨᠢᠭᠡ ᠯᠡ ᠬᠡᠪ ᠢᠶᠠᠷ ᠬᠢᠵᠤ ᠪᠤᠯᠬᠤ ᠦᠭᠡᠢ᠂ ᠬᠠᠷᠢᠨ ᠵᠠᠩᠭᠢᠯᠠᠭ᠎ᠠ ᠶᠢ ᠨᠢ | ᠰᠤᠩᠭᠤᠨ᠂ ᠭᠤᠤᠯᠳᠠᠯᠭ᠎ᠠ ᠶᠢ ᠨᠢ ᠠᠳᠬᠤᠬᠤ ᠬᠡᠷᠡᠭᠳᠠᠢ᠃ ᠤᠳᠤ ᠶᠢᠨ ᠪᠠᠶᠢᠭ᠎ᠠ ᠳᠦᠷᠢᠮ ᠲᠤᠭᠳᠠᠭᠠᠯ ᠵᠢᠴᠢ | ᠭᠦᠢᠴᠡᠳᠭᠡᠵᠤ ᠪᠠᠶᠢᠭ᠎ᠠ ᠪᠠᠶᠢᠳᠠᠯ ᠢ ᠰᠢᠰᠲ᠋ᠧᠮ ᠲᠠᠢ ᠡᠮᠬᠢᠳᠭᠡᠵᠤ᠂ ᠳᠤᠳᠠᠭᠤᠳᠠᠯ ᠪᠠ ᠬᠦᠷᠦᠯᠴᠡᠬᠦ ᠦᠭᠡᠢ ᠵᠦᠢᠯ ᠢ | ᠭᠦᠨᠵᠡᠭᠡᠢ ᠪᠠᠶᠢᠴᠠᠭᠠᠬᠤ ᠪᠠᠷ ᠪᠠᠷᠠᠬᠤ ᠦᠭᠡᠢ ᠵᠠᠰᠠᠭ ᠤᠨ ᠶᠠᠪᠤᠳᠠᠯ ᠢ ᠢᠯᠡ ᠨᠡᠶᠢᠳᠡᠯᠡᠬᠦ᠂ ᠵᠠᠰᠠᠭ ᠵᠠᠬᠢᠷᠭᠠᠨ ᠤ | ᠵᠦᠪᠰᠢᠶᠡᠷᠡᠯ ᠦᠭᠬᠦ᠂ ᠬᠠᠤᠯᠢ ᠶᠤᠰᠤᠭᠠᠷ ᠵᠠᠰᠠᠭ ᠪᠠᠷᠢᠬᠤ ᠵᠡᠷᠭᠡ ᠲᠠᠯ᠎ᠠ ᠶᠢᠨ ᠳᠦᠷᠢᠮ ᠤᠨ ᠪᠠᠶᠢᠭᠤᠯᠤᠯᠳᠠ ᠶᠢ | ᠬᠠᠨᠳᠤᠯᠭᠠᠳᠤ ᠴᠢᠨᠠᠷᠳᠠᠢ ᠪᠠᠷ ᠴᠢᠩᠭᠠᠳᠬᠠᠵᠤ᠂ ᠡᠯ᠎ᠠ ᠵᠦᠢᠯ ᠤᠨ ᠠᠵᠢᠯ ᠢ ᠬᠢᠬᠦ ᠳᠤ ᠵᠢᠷᠤᠮᠯᠡᠯ ᠲᠠᠢ᠂ | ᠲᠤᠭᠳᠠᠭᠠᠯ ᠲᠠᠢ ᠪᠠᠶᠢᠬᠤ ᠶᠢ ᠪᠠᠳᠤᠯᠠᠬᠤ ᠬᠡᠷᠡᠭᠳᠠᠢ︔ ᠭᠠᠵᠠᠷ ᠤᠷᠤᠨ ᠤ ᠪᠠᠶᠢᠳᠠᠯ ᠲᠠᠢ ᠪᠠᠨ ᠲᠤᠬᠢᠷᠠᠭᠤᠯᠤᠨ | ᠰᠦᠪᠡᠭᠴᠢᠯᠡᠨ ᠦᠢᠯᠡᠳᠦᠯᠭᠡᠵᠢᠭᠦᠯᠵᠤ᠂ ᠰᠠᠶᠢᠨ ᠲᠤᠷᠰᠢᠯᠭ᠎ᠠ ᠰᠠᠶᠢᠨ ᠬᠢᠳᠡᠯ ᠢ ᠴᠠᠭ ᠲᠤᠬᠠᠢ ᠳᠤᠨᠢ ᠳᠦᠷᠢᠮ | ᠪᠤᠯᠭᠠᠵᠤ᠂ ᠳᠦᠷᠢᠮ ᠢ ᠬᠡᠷᠡᠭᠵᠢᠭᠦᠯᠬᠦ ᠶᠢ ᠴᠢᠩᠳᠠᠯᠠᠵᠤ᠂ ᠳᠦᠷᠢᠮ ᠶᠤᠰᠤᠭᠠᠷ ᠶᠠᠪᠤᠳᠠᠯ ᠭᠦᠢᠴᠡᠳᠭᠡᠬᠦ᠂ ᠲᠤᠭᠳᠠᠭᠠᠯ | ᠶᠤᠰᠤᠭᠠᠷ ᠡᠷᠬᠡ ᠬᠡᠷᠡᠭᠯᠡᠬᠦ ᠠᠵᠢᠯ ᠤᠨ ᠳᠠᠳᠬᠠᠯ ᠢ ᠪᠦᠲᠦᠮᠵᠢᠳᠠᠢ ᠪᠦᠷᠢᠯᠳᠦᠭᠦᠯᠵᠤ᠂ ᠬᠤᠳᠠᠯᠳᠤᠭ᠎ᠠ ᠡᠷᠬᠢᠯᠡᠬᠦ | ᠤᠷᠴᠢᠨ ᠨᠦᠬᠦᠴᠡᠯ ᠤᠨ ᠪᠠᠶᠢᠭᠤᠯᠤᠯᠳᠠ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠳᠠᠢ | ᠪᠤᠯᠭᠠᠬᠤ ᠶᠢ ᠠᠬᠢᠭᠤᠯᠬᠤ ᠬᠡᠷᠡᠭᠳᠠᠢ᠃ | ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠳᠤ᠂ ᠬᠢᠨᠠᠯᠳᠠ ᠦᠨᠡᠯᠡᠯᠳᠡ ᠶᠢ ᠴᠢᠩᠭᠠᠳᠬᠠᠬᠤ | ᠪᠤᠯ ᠴᠢᠬᠤᠯᠠ ᠪᠠᠳᠤᠯᠠᠭ᠎ᠠ ᠪᠤᠯᠤᠨ᠎ᠠ᠃ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠬᠤᠷᠴᠠ | ᠰᠡᠯᠡᠮ᠎ᠠ ᠶᠢ ᠰᠠᠶᠢᠳᠤᠷ ᠬᠡᠷᠡᠭᠯᠡᠵᠤ᠂ ᠰᠢᠯᠭᠠᠨ ᠦᠨᠡᠯᠡᠯᠳᠡ ᠶᠢᠨ ︽ᠳᠤᠬᠢᠭᠤᠷ︾ ᠤᠨ ᠦᠢᠯᠡᠳᠦᠯ ᠢ ᠰᠠᠶᠢᠳᠤᠷ | ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠡᠪᠳᠡᠬᠦ ᠬᠦᠮᠦᠨ ᠪᠠ ᠶᠠᠪᠤᠳᠠᠯ ᠢ ︽ᠦᠯᠦ | ᠠᠭᠤᠴᠢᠯᠠᠵᠤ︾᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠦᠭᠡᠢ ᠪᠤᠯ ᠬᠠᠷᠢᠭᠤᠴᠠᠯᠭ᠎ᠠ ᠨᠡᠬᠡᠮᠵᠢᠯᠡᠵᠤ | ᠬᠠᠷᠢᠭᠤᠴᠠᠯᠭ᠎ᠠ ᠲᠤᠯᠭᠠᠬᠤ ᠶᠢ ᠬᠡᠪ ᠤᠨ ᠪᠠᠶᠢᠳᠠᠯ ᠪᠤᠯᠭᠠᠬᠤ ᠬᠡᠷᠡᠭᠳᠠᠢ᠃ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠡᠯ ᠰᠠᠶᠢᠨ ᠡᠰᠡᠬᠦ ᠲᠤᠬᠠᠢ ᠠᠵᠤ ᠠᠬᠤᠢᠢᠯᠠᠯ ᠪᠠ ᠤᠯᠠᠨ ᠲᠦᠮᠡᠨ ᠬᠠᠮᠤᠭ ᠠᠴᠠ ᠢᠯᠡᠭᠦᠦ ᠦᠭᠡ ᠬᠡᠯᠡᠬᠦ | ᠡᠷᠬᠡ ᠲᠠᠢ ᠶᠤᠮ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠵᠠᠰᠠᠭ ᠤᠨ ᠤᠷᠳᠤᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠦᠪᠡᠷ ᠢᠶᠠᠨ ᠬᠡᠯᠡᠭᠡᠳ ᠪᠠᠶᠢᠵᠤ ᠪᠤᠯᠬᠤ ᠦᠭᠡᠢ᠂ ᠬᠠᠷᠢᠨ ᠠᠵᠤ ᠠᠬᠤᠢᠢᠯᠠᠯ | ᠪᠠ ᠤᠯᠠᠨ ᠲᠦᠮᠡᠨ ᠤ ᠬᠢᠨᠠᠯᠳᠠ ᠦᠨᠡᠯᠡᠯᠳᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠡᠷᠡᠭᠦᠯᠦᠭᠰᠡᠨ | ᠠᠰᠠᠭᠤᠳᠠᠯ ᠠᠴᠠ ᠦᠨᠡᠨ ᠬᠦ ᠬᠠᠷᠢᠭᠤᠴᠠᠯᠭ᠎ᠠ ᠨᠡᠬᠡᠮᠵᠢᠯᠡᠵᠤ᠂ ᠢᠯᠡᠷᠡᠭᠦᠯᠦᠭᠰᠡᠨ ᠠᠰᠠᠭᠤᠳᠠᠯ ᠢ ᠦᠨᠡᠨ ᠬᠦ | ᠢᠯᠡᠴᠢᠯᠡᠵᠤ᠂ ᠦᠨᠡᠨ ᠬᠦ ᠰᠢᠢᠳᠪᠦᠷᠢᠯᠡᠵᠤ᠂ ᠠᠵᠤ ᠠᠬᠤᠢᠢᠯᠠᠯ ᠤᠨ ᠰᠠᠨᠠᠭᠠᠰᠢᠷᠠᠯ ᠢ ᠦᠨᠡᠨ ᠬᠦ ᠠᠷᠢᠯᠭᠠᠵᠤ᠂ | ᠠᠷᠠᠳ ᠤᠨ ᠬᠦᠴᠢᠷᠳᠡᠯ ᠢ ᠦᠨᠡᠨ ᠬᠦ ᠠᠷᠢᠯᠭᠠᠵᠤ᠂ ᠮᠠᠨ ᠤ ᠤᠷᠤᠨ ᠤ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠡᠯ ᠢ ᠰᠢᠯᠢᠳᠡᠭᠵᠢᠭᠦᠯᠬᠦ ᠳᠤ ᠦᠨᠡᠨ ᠪᠤᠳᠠᠳᠠᠢ ᠦᠷ᠎ᠠ ᠪᠦᠲᠦᠮᠵᠢ ᠪᠠ ᠮᠦᠨ ᠴᠢᠨᠠᠷ ᠤᠨ ᠬᠤᠪᠢᠷᠠᠯᠳᠠ | ᠭᠠᠷᠭᠠᠬᠤ ᠬᠡᠷᠡᠭᠳᠠᠢ᠃ | ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠳᠤ ᠨᠡᠶᠢᠭᠡᠮ ᠤᠨ ᠡᠯ᠎ᠠ ᠡᠲᠡᠭᠡᠳ ᠤᠨ ᠬᠦᠴᠤᠲᠠᠢ | ᠲᠡᠮᠵᠢᠯᠭᠡ ᠪᠠ ᠢᠲᠠᠪᠬᠢᠲᠠᠢ ᠤᠷᠤᠯᠴᠠᠯᠭ᠎ᠠ ᠠᠴᠠ ᠰᠠᠯᠵᠦ ᠴᠢᠲᠠᠬᠤ ᠦᠭᠡᠢ᠂ ᠪᠢᠲᠠ ᠶᠠᠭ ᠶᠠᠭᠤ ᠬᠢᠵᠦ ᠪᠠᠶᠢᠬᠤ᠂ | ᠪᠠᠰᠠ ᠶᠠᠭᠤ ᠬᠢᠬᠦ ᠭᠡᠵᠦ ᠪᠠᠶᠢᠬᠤ ᠪᠠᠨ ᠪᠦᠬᠦ ᠨᠡᠶᠢᠭᠡᠮ ᠳᠤ ᠮᠡᠲᠡᠭᠦᠯᠪᠡᠯ ᠰᠠᠶ᠋ᠢ ᠢᠲᠡᠭᠡᠯ ᠢᠶᠠᠨ ᠪᠦᠲᠦᠮᠵᠢᠲᠠᠢ | ᠨᠡᠮᠡᠭᠲᠡᠭᠦᠯᠵᠦ᠂ ᠬᠦᠮᠦᠰ ᠤᠨ ᠰᠡᠳᠭᠢᠯ ᠢ ᠲᠤᠯᠠᠭᠠᠴᠠᠭᠤᠯᠵᠦ᠂ ᠠᠷᠠᠳ ᠤᠨ ᠰᠠᠨᠠᠭ᠎ᠠ ᠶᠢ ᠨᠢᠭᠲᠠᠷᠠᠭᠤᠯᠵᠦ ᠴᠢᠲᠠᠨ᠎ᠠ᠃ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ | ᠰᠢᠯᠢᠲᠡᠭᠵᠢᠭᠦᠯᠬᠦ ᠲᠦᠷᠦ ᠶᠢᠨ ᠪᠤᠲᠤᠯᠭ᠎ᠠ ᠬᠠᠤᠯᠢ ᠲᠦᠷᠢᠮ ᠤᠨ ᠤᠬᠠᠭᠤᠯᠭ᠎ᠠ ᠶᠢ ᠪᠦᠬᠦ ᠲᠠᠯ᠎ᠠ ᠪᠠᠷ ᠪᠠᠶᠢᠩᠭᠤ | ᠦᠷᠨᠢᠭᠦᠯᠬᠦ ᠬᠡᠷᠡᠭᠲᠡᠢ᠃ ᠶᠠᠷᠢᠶ᠎ᠠ ᠬᠡᠯᠡᠯᠴᠡᠭᠡᠡ ᠤ ᠬᠢᠨᠠᠯᠲᠠ ᠲᠠᠯᠪᠢᠯᠲᠠ ᠶᠢᠨ ᠦᠢᠯᠡᠲᠦᠯ ᠢ ᠰᠠᠶᠢᠲᠤᠷ ᠪᠠᠲᠠᠷᠠᠭᠤᠯᠵᠦ᠂ | ᠨᠢᠭᠡ ᠪᠦᠯᠦᠭ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠠ ᠪᠠᠷ ᠨᠢᠭᠡ ᠪᠦᠯᠦᠭ ᠬᠦᠮᠦᠰ ᠢ ᠰᠡᠷᠡᠮᠵᠢᠯᠡᠭᠦᠯᠵᠦ᠂ ᠦᠷᠭᠡᠡ | ᠤᠯᠠᠠ ᠺᠠᠳ᠋ᠷ ᠢ ᠰᠡᠳᠭᠢᠯ ᠳᠤᠨᠢ ᠴᠡᠭᠡᠷᠯᠡᠯ ᠲᠠᠢ ᠪᠤᠯᠭᠠᠵᠦ᠂ ᠠᠵᠢᠯᠯᠠᠭ᠎ᠠ ᠳᠤᠨᠢ ᠬᠢᠵᠠᠭᠠᠷᠯᠠᠯ ᠲᠠᠢ ᠪᠤᠯᠭᠠᠠ᠂ | ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠡᠪᠲᠡᠭᠰᠡᠡ ᠬᠦᠮᠦᠨ ᠪᠤᠯᠤᠨ ᠤᠴᠢᠷ ᠶᠠᠪᠤᠲᠠᠯ ᠢ ᠪᠡᠶ᠎ᠠ ᠲᠠᠯᠲᠠᠯᠠᠬᠤ | ᠭᠠᠵᠠᠷ ᠦᠭᠡᠢ᠂ ᠵᠤᠭᠰᠤᠬᠤ ᠭᠠᠵᠠᠷ ᠦᠭᠡᠢ ᠪᠤᠯᠭᠠᠬᠤ ᠭᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶ᠎ᠠ ᠶᠢ ᠶᠡᠭᠡ ᠪᠠᠷ | ᠰᠤᠩᠭᠤᠨ ᠪᠤᠢ ᠪᠤᠯᠭᠠᠵᠦ᠂ ᠵᠢᠱᠢᠶ᠎ᠠ ᠦᠵᠡᠭᠦᠯᠵᠦ ᠲᠠᠭᠠᠭᠤᠯᠬᠤ ᠦᠢᠯᠡᠲᠦᠯ ᠢ ᠦᠷᠭᠡᠳᠭᠡᠵᠦ᠂ ᠮᠡᠷᠭᠡᠳ ᠢ ᠲᠠᠭᠠᠨ | ᠰᠤᠷᠬᠤ᠂ ᠬᠠᠷᠢᠴᠠᠭᠤᠯᠤᠨ ᠰᠤᠷᠤᠯᠴᠠᠵᠦ ᠲᠠᠪᠠᠠ ᠭᠠᠷᠬᠤ ᠶᠢ ᠨᠢᠭᠡ ᠵᠦᠢᠯ ᠤᠨ ᠰᠠᠶᠢᠨ ᠬᠡᠪ ᠰᠤᠷᠲᠠᠯ ᠪᠤᠯᠭᠠᠵᠦ᠂ | ᠪᠦᠬᠦ ᠨᠡᠶᠢᠭᠡᠮ ᠳᠤ ︽ᠬᠦᠮᠦᠨ ᠪᠦᠬᠦᠨ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠮᠦᠨ᠂ ᠤᠴᠢᠷ ᠪᠤᠯᠭᠠᠠ | ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠮᠦ᠋ᠨ᠂ ᠭᠠᠵᠠᠷ ᠪᠤᠯᠭᠠᠠ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ | ᠮᠦᠨ︾ ᠭᠡᠬᠦ ᠦᠳᠭᠡᠡ ᠵᠤᠵᠠᠭᠠᠨ ᠠᠭᠤᠷ ᠠᠮᠢᠰᠬᠤᠯ ᠢ ᠪᠦᠷᠢᠯᠲᠦᠭᠦᠯᠬᠦ ᠬᠡᠷᠡᠭᠲᠡᠢ᠃ | ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠨᠢ ᠲᠠᠭᠤᠰᠤᠰᠢ ᠦᠭᠡᠢ ᠦᠷᠭᠦᠯᠵᠢᠯᠡᠨ | ᠶᠠᠪᠤᠬᠳᠠᠨ᠎ᠠ᠃ ᠬᠦᠮᠦᠨ ᠪᠤᠯᠭᠠᠠ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ | ᠬᠠᠷᠢᠭᠤᠴᠠᠯᠭ᠎ᠠ ᠶᠢ ᠰᠡᠳᠭᠢᠯ ᠳᠡᠭᠡᠨ ᠪᠤᠲᠤᠵᠦ᠂ ᠭᠠᠷ ᠲᠠᠭᠠᠨ ᠠᠳᠬᠤᠵᠦ᠂ ᠮᠦᠷᠦᠨ ᠳᠡᠭᠡᠨ ᠡᠬᠦᠷᠭᠡᠯᠡᠵᠦ᠂ ᠦᠨᠡᠡ | ᠬᠦ ᠦᠪᠡᠷ ᠢ ᠪᠠᠨ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠶᠢ ᠠᠬᠢᠭᠤᠯᠤᠭᠴᠢ᠂ | ᠦᠢᠯᠡᠲᠦᠯᠭᠡᠵᠢᠭᠦᠯᠦᠭᠴᠢ᠂ ᠤᠷᠤᠯᠴᠠᠭᠴᠢ ᠪᠤᠯᠭᠠᠵᠦ᠂ ᠵᠤᠷᠢᠠᠠᠲᠠᠢ ᠲᠡᠮᠡᠴᠡᠵᠦ᠂ ᠵᠤᠷᠢᠠᠠᠲᠠᠢ ᠡᠬᠦᠷᠭᠡᠯᠡᠡ᠂ ᠵᠢᠳᠭᠦᠯ | ᠴᠢᠷᠮᠠᠶᠢᠯᠭ᠎ᠠ ᠭᠠᠷᠭᠠᠬᠤ ᠳᠠᠭᠠᠨ ᠴᠢᠲᠠᠮᠠᠭᠠᠢ ᠪᠠᠶᠢᠪᠠᠯ ᠪᠢᠲᠠ ᠯᠠᠪᠳᠠᠢ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ | ᠰᠢᠯᠢᠲᠡᠭᠵᠢᠭᠦᠯᠬᠦ ᠠᠵᠢᠯ ᠢ ᠲᠠᠰᠤᠷᠠᠯᠲᠠ ᠦᠭᠡᠢ ᠬᠦᠨᠵᠡᠭᠡᠶᠢᠷᠡᠭᠦᠯᠵᠦ᠂ ᠤᠲᠤᠬᠢᠴᠢᠯᠠᠭᠰᠠᠠ ᠦᠪᠦᠷ ᠮᠤᠩᠭᠤᠯ ᠢ | ᠪᠦᠲᠦᠭᠡᠡ ᠪᠠᠶᠢᠭᠤᠯᠬᠤ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠵᠦ ᠴᠢᠲᠠᠨ᠎ᠠ᠃ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |