ᠬᠦᠳᠡᠯᠮᠦᠷᠢ ᠵᠢᠳᠭᠦᠯ ᠤᠨ ᠬᠠᠶᠢᠷ᠎ᠠ ᠲᠠᠭᠤᠯᠠᠯ ᠢᠶᠠᠷ ᠬᠦᠳᠡᠭᠡ ᠨᠤᠳᠤᠭ ᠢᠶᠠᠨ ᠭᠤᠶᠤᠬᠰᠠᠨ ᠰᠠᠶᠢᠨ ᠲᠤᠷᠠᠴᠤᠳ
ᠨᠡᠶᠢᠲᠡᠯᠡᠭᠰᠡᠨ ᠴᠠᠭ᠄
2021/7/5
ᠰᠤᠷᠪᠤᠯᠵᠢᠯᠠᠬᠴᠢ ᠰᠡᠴᠡᠨᠪᠠᠳᠤ        ᠬᠦᠳᠡᠯᠮᠦᠷᠢ ᠵᠢᠳᠭᠦᠯ ᠤᠨ ᠬᠠᠶᠢᠷ᠎ᠠ ᠲᠠᠭᠤᠯᠠᠯ ᠢᠶᠠᠷ ᠬᠦᠳᠡᠭᠡ ᠨᠤᠳᠤᠭ ᠢᠶᠠᠨ ᠭᠤᠶᠤᠬᠰᠠᠨ ᠰᠠᠶᠢᠨ ᠲᠤᠷᠠᠴᠤᠳ                      ᠬᠤᠷᠢᠳᠤᠭᠠᠷ ᠵᠠᠭᠤᠨ ᠤ ᠵᠢᠷᠠ ᠳᠠᠯᠠᠭᠠᠳ ᠤᠨ ᠤ ᠦᠶ᠎ᠡ ᠳᠤ ᠠᠯᠠᠱᠠ ᠨᠤᠳᠤᠭ ᠤᠨ ᠡᠮᠡᠭᠳᠡᠶᠢᠴᠤᠳ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠯᠳᠠ ᠳᠤ ᠢᠳᠡᠪᠬᠢᠯᠡᠨ ᠤᠷᠤᠯᠴᠠᠵᠤ᠂ ︽ᠲᠡᠮᠦᠷ ᠬᠡᠤᠬᠡᠨᠴᠤᠳ︾ ᠭᠡᠬᠦ ᠰᠠᠶᠢᠬᠠᠨ ᠨᠡᠷᠡᠶᠢᠳᠦᠯ ᠢᠶᠠᠷ ᠠᠯᠳᠠᠷᠰᠢᠵᠦ ᠪᠠᠶᠢᠭᠰᠠᠨ ᠪᠤᠯ ᠤᠳᠤ ᠳᠡᠳᠡᠨ ᠤ ᠵᠤᠷᠢᠭ ᠰᠠᠨᠠᠭ᠎ᠠ ᠶᠢ ᠤᠯᠠᠮᠵᠢᠯᠠᠨ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠬᠦᠳᠡᠭᠡ ᠨᠤᠳᠤᠭ ᠤᠨ ᠪᠦᠳᠦᠭᠡᠨ ᠪᠠᠶᠢᠭᠤᠯᠤᠯᠳᠠ ᠳᠤ ᠬᠦᠴᠦ ᠬᠦᠯᠦᠰᠦ ᠎ ᠪᠠᠨ ᠬᠠᠷᠠᠮ ᠦᠬᠡᠢ ᠡᠷᠬᠦᠬᠦ ᠵᠠᠯᠠᠭᠤ ᠨᠢᠭᠡ ᠦᠶ᠎ᠡ ᠶᠢᠨ ᠡᠮᠡᠭᠳᠡᠶᠢᠴᠤᠳ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠡᠩᠨᠡᠭᠡ ᠬᠤᠶᠢᠨ᠎ᠠ ᠬᠤᠶᠢᠨ᠎ᠠ ᠠᠴᠠ ᠴᠤᠯᠭᠤᠷᠠᠨ ᠭᠠᠷᠴᠦ᠂ ᠬᠦᠭᠵᠢᠨ ᠪᠤᠵᠠᠭᠠᠶᠢᠷᠠᠵᠦ ᠪᠠᠶᠢᠨ᠎ᠠ᠃ ᠠᠯᠠᠱᠠ ᠵᠡᠭᠦᠨ ᠬᠤᠰᠢᠭᠤᠨ ᠤ ᠵᠢᠷᠠᠳᠠᠢ ᠪᠠᠯᠭᠠᠰᠤᠨ ᠤ ᠤᠷᠬᠢᠬᠤ ᠭᠠᠴᠠᠭᠠᠨ ᠤ ᠡᠮᠡᠭᠳᠡᠶᠢᠴᠤᠳ ᠤᠨ ᠰᠠᠶᠢᠨ ᠲᠤᠷᠠᠴᠤᠳ ᠤᠨ ᠠᠩᠬᠢ ᠪᠤᠯ ᠲᠠᠷᠤᠢ ᠨᠢᠭᠡᠨ ᠪᠤᠳᠠᠳᠤ ᠵᠢᠱᠢᠶ᠎ᠡ ᠪᠤᠯᠤᠨ᠎ᠠ᠃
  ᠠᠯᠠᠱᠠ ᠵᠡᠭᠦᠨ ᠬᠤᠰᠢᠭᠤᠨ ᠤ ᠵᠢᠷᠠᠳᠠᠢ ᠪᠠᠯᠭᠠᠰᠤᠨ ᠤ ᠤᠷᠬᠢᠬᠤ ᠭᠠᠴᠠᠭᠠᠨ ᠤ ᠡᠮᠡᠭᠳᠡᠶᠢᠴᠤᠳ ᠤᠨ ᠰᠠᠶᠢᠨ ᠲᠤᠷᠠᠴᠤᠳ ᠤᠨ ᠠᠩᠬᠢ ᠨᠢ 2018 ᠤᠨ ᠤ 3 ᠰᠠᠷ᠎ᠠ ᠶᠢᠨ 8᠎ ᠤ ᠡᠳᠦᠷ ᠪᠠᠶᠢᠭᠤᠯᠤᠬᠳᠠᠵᠤ᠂ ᠠᠩᠬ᠎ᠠ 10 ᠬᠦᠷᠬᠦ ᠦᠭᠡᠢ ᠭᠡᠰᠢᠭᠦᠨ ᠲᠠᠢ ᠪᠠᠶᠢᠬᠰᠠᠨ ᠢᠶᠠᠨ ᠤᠳᠤ ᠪᠤᠯᠬᠤ ᠳᠤ 15 ᠭᠡᠰᠢᠭᠦᠨ ᠲᠠᠢ ᠪᠤᠯᠵᠡᠢ᠃ ᠲᠡᠳᠡ ᠭᠠᠴᠠᠭᠠᠨ ᠤ ᠨᠠᠮ ᠤᠨ ᠡᠭᠦᠷ᠂ ᠭᠠᠴᠠᠭᠠᠨ ᠤ ᠵᠦᠪᠯᠡᠯ ᠤᠨ ᠵᠢᠭᠠᠨ ᠵᠢᠯᠤᠭᠤᠳᠤᠯᠭ᠎ᠠ ᠪᠤᠯᠤᠨ ᠭᠠᠴᠠᠭᠠᠨ ᠤ ᠤᠳᠤᠷᠢᠳᠤᠯᠭ᠎ᠠ ᠶᠢᠨ ᠲᠠᠭᠠᠭᠤᠯᠭ᠎ᠠ ᠪᠠᠷ ᠰᠠᠶᠢᠨ ᠲᠤᠷ᠎ᠠ ᠶᠢᠨ ᠠᠵᠢᠯᠯᠠᠭ᠎ᠠ ᠪᠠᠨ ᠵᠤᠬᠢᠶᠠᠨ  ᠪᠠᠶᠢᠭᠤᠯᠵᠤ᠂ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠵᠤ᠂ ᠰᠢᠨ᠎ᠡ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠲᠤᠮᠳᠠ ᠭᠠᠪᠰᠢᠭᠠᠢᠢᠯᠠᠨ ᠠᠵᠢᠯᠯᠠᠵᠤ᠂ ᠠᠮᠢᠳᠤᠷᠠᠯ ᠬᠦᠴᠢᠷᠳᠡᠯᠳᠡᠢ ᠡᠷᠦᠬᠡ᠂ ᠬᠦᠳᠡᠯᠮᠦᠷᠢ ᠬᠦᠴᠦ ᠲᠤᠳᠠᠮᠠᠭ ᠠᠶᠢᠯ᠂ ᠪᠡᠶ᠎ᠡ ᠵᠡᠮᠳᠡᠭ ᠭᠡᠷ ᠪᠦᠯᠢ ᠵᠢᠴᠢ ᠭᠦᠭᠰᠢᠳ ᠨᠠᠰᠤᠳᠠᠶᠢᠴᠤᠳ ᠤᠨ ᠭᠡᠷ ᠲᠤ ᠬᠦᠷᠴᠦ ᠵᠠᠮ ᠵᠠᠰᠠᠬᠤ᠂ ᠤᠷᠴᠢᠨ ᠲᠤᠭᠤᠷᠢᠨ ᠤ ᠬᠤᠬ ᠨᠤᠪᠰᠢ ᠴᠡᠪᠡᠷᠯᠡᠬᠦ᠂ ᠡᠪᠡᠰᠦ ᠪᠤᠷᠳᠤᠭ᠎ᠠ ᠪᠠᠭᠤᠯᠭᠠᠵᠤ ᠵᠦᠭᠡᠭᠡᠬᠦ᠂ ᠡᠪᠡᠰᠦ ᠮᠤᠳᠤ ᠲᠠᠷᠢᠵᠤ ᠤᠶᠢᠵᠢᠭᠤᠯᠬᠤ᠂ ᠢᠮᠠᠭ᠎ᠠ ᠰᠠᠮᠨᠠᠵᠤ ᠬᠤᠨᠢ ᠬᠠᠶᠢᠴᠢᠯᠠᠬᠤ᠂ ᠲᠡᠮᠦᠷ ᠲᠤᠤᠷ ᠲᠠᠳᠠᠬᠤ᠂ ᠮᠠᠯ ᠤᠨ ᠰᠡᠷᠭᠡᠶᠢᠯᠡᠯᠳᠡ ᠶᠢᠨ ᠵᠡᠭᠦᠦ ᠴᠤᠬᠢᠬᠤ ᠵᠡᠷᠭᠡ ᠠᠵᠢᠯ ᠢ ᠬᠢᠵᠦ ᠦᠢᠯᠡᠴᠢᠯᠡᠬᠦ ᠠᠴᠠ ᠭᠠᠳᠠᠨ᠎ᠠ ᠬᠦᠭᠰᠢᠳ ᠨᠠᠰᠤᠳᠠᠶᠢᠴᠤᠳ ᠢ ᠪᠤᠯᠭᠤᠭᠠᠨ ᠲᠤᠬᠤᠨᠢᠭᠤᠯᠬᠤ᠂ ᠡᠪᠡᠳᠴᠢᠨ ᠬᠠᠭᠤᠴᠢ ᠲᠠᠢ ᠮᠠᠯᠴᠢᠨ ᠪᠤᠯᠤᠨ ᠠᠮᠢᠳᠤᠷᠠᠯ ᠬᠦᠴᠢᠷᠳᠡᠯᠳᠡᠢ ᠰᠤᠷᠤᠬᠴᠢ ᠶᠢ ᠲᠤᠰᠠᠯᠠᠵᠤ ᠳᠡᠳᠬᠦᠳᠡᠭ᠃
    2020 ᠤᠨ ᠤ ᠬᠢᠵᠢᠭ ᠤᠨ ᠰᠡᠷᠭᠡᠶᠢᠯᠡᠯᠳᠡ ᠶᠢᠨ ᠬᠤᠭᠤᠴᠠᠭᠠᠨ ᠳᠤ ᠤᠷᠬᠢᠬᠤ ᠭᠠᠴᠠᠭᠠᠨ ᠤ ᠡᠮᠡᠭᠳᠡᠶᠢᠴᠤᠳ ᠤᠨ ᠰᠠᠶᠢᠨ ᠲᠤᠷᠠᠴᠤᠳ ᠤᠨ ᠠᠩᠬᠢ ᠶᠢᠨ ᠭᠡᠰᠢᠭᠦᠳ ᠨᠢ ᠭᠠᠴᠠᠭᠠᠨ ᠤ ᠨᠠᠮ ᠤᠨ ᠡᠭᠦᠷ ᠤᠨ ᠱᠦᠵᠢ ᠂ ᠭᠠᠴᠠᠭᠠᠨ ᠲᠠᠷᠤᠭ᠎ᠠ ᠮᠦᠩᠬᠡᠳᠠᠯᠠᠢ ᠶᠢᠨ ᠲᠠᠭᠠᠭᠤᠯᠭ᠎ᠠ ᠪᠠᠷ ᠭᠠᠴᠠᠭᠠᠨ ᠤ ᠬᠢᠵᠢᠭ ᠤᠨ ᠰᠡᠷᠭᠡᠶᠢᠯᠡᠯᠳᠡ ᠶᠢᠨ ᠴᠢᠭ ᠲᠤ ᠵᠢᠵᠢᠭᠦᠷᠯᠡᠨ ᠠᠵᠢᠯᠯᠠᠵᠤ᠂ ᠢᠷᠡᠵᠤ ᠶᠠᠪᠤᠬᠰᠠᠳ ᠤᠨ ᠨᠠᠷᠢᠨ ᠪᠠᠶᠢᠳᠠᠯ ᠢ ᠲᠠᠩᠰᠠᠯᠠᠨ ᠲᠡᠮᠳᠡᠭᠯᠡᠬᠦ ᠶᠢᠨ ᠬᠠᠮᠳᠤ ᠮᠠᠯᠴᠢᠨ ᠠᠶᠢᠯ ᠢᠶᠠᠷ ᠭᠦᠨᠵᠡᠭᠡᠶᠢᠷᠡᠨ ᠬᠢᠵᠢᠭ ᠤᠨ ᠰᠡᠷᠭᠡᠶᠢᠯᠡᠯᠳᠡ ᠶᠢᠨ ᠮᠡᠳᠡᠯᠭᠡ ᠶᠢᠨ ᠤᠬᠠᠭᠤᠯᠭ᠎ᠠ ᠬᠢᠵᠦ᠂ ᠠᠷᠢᠭᠤᠳᠬᠠᠯ ᠤᠨ ᠪᠤᠳᠠᠰ᠂ ᠠᠮᠠᠪᠴᠢ ᠬᠦᠷᠭᠡᠵᠡᠢ᠃ ᠪᠠᠰᠠ ᠬᠦᠳᠡᠭᠡ ᠶᠢᠨ ᠮᠠᠯᠵᠢᠬᠤ ᠠᠶᠢᠯ  ᠠᠶᠢᠯ ᠢᠶᠠᠷ ᠬᠦᠷᠴᠦ ᠨᠤᠭᠤᠭ᠎ᠠ᠂ ᠭᠤᠯᠢᠷ ᠲᠤᠳᠤᠷᠭ᠎ᠠ᠂ ᠲᠤᠰᠤ ᠵᠡᠷᠭᠡ ᠠᠮᠢᠳᠤᠷᠠᠯ ᠤᠨ ᠡᠳ᠋ ᠪᠤᠳᠠᠰ ᠬᠦᠷᠭᠡᠭᠰᠡᠨ ᠪᠦᠬᠡᠳ ᠮᠠᠯᠴᠢᠳ ᠤᠨ ᠭᠡᠵᠢᠭᠡ ᠦᠰᠦ ᠶᠢ ᠎ ᠨᠢ ᠵᠠᠰᠠᠵᠦ ᠦᠭᠬᠦ ᠠᠵᠢᠯ ᠢ ᠬᠢᠵᠦ ᠦᠢᠯᠡᠴᠢᠯᠡᠭᠰᠡᠨ ᠪᠠᠶᠢᠨ᠎ᠠ᠃ 2021 ᠤᠨ ᠤ ᠴᠠᠭᠠᠨ ᠰᠠᠷ᠎ᠠ ᠦᠢᠷᠠᠳᠤᠬᠤ ᠠᠴᠠ ᠡᠮᠦᠨᠡᠬᠡᠨ᠂ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠲᠠᠷᠤᠭ᠎ᠠ ᠮᠦᠩᠬᠡᠳᠠᠯᠠᠢ ᠦᠪᠡᠷ ᠢᠶᠠᠨ 10000 ᠲᠦᠭᠦᠷᠢᠭ ᠭᠠᠷᠭᠠᠨ᠂ ᠭᠤᠯᠢᠷ ᠲᠤᠳᠤᠷᠭ᠎ᠠ ᠲᠤᠰᠤ ᠠᠪᠴᠤ ᠮᠠᠯᠴᠢᠳ ᠲᠤ ᠬᠤᠪᠢᠶᠠᠨ ᠦᠭᠴᠦ ᠪᠤᠯᠭᠤᠭᠠᠨ ᠲᠤᠬᠤᠨᠢᠭᠤᠯᠬᠤ ᠠᠵᠢᠯ ᠳᠤ ᠰᠠᠶᠢᠨ ᠲᠤᠷᠠᠴᠤᠳ ᠤᠨ ᠠᠩᠬᠢ ᠶᠢᠨ ᠭᠡᠰᠢᠭᠦᠳ ᠬᠠᠪᠰᠤᠷᠴᠤ᠂ ᠬᠦᠳᠡᠭᠡ ᠨᠤᠳᠤᠭ ᠲᠤ ᠮᠠᠯᠵᠢᠯ ᠡᠷᠬᠢᠯᠡᠵᠤ ᠪᠠᠶᠢᠭ᠎ᠠ 38 ᠠᠶᠢᠯ ᠢᠶᠠᠷ ᠲᠤᠭᠤᠷᠢᠵᠤ ᠲᠤᠬᠤᠨᠢᠭᠤᠯᠭ᠎ᠠ ᠶᠢᠨ ᠪᠤᠳᠠᠰ ᠢ ᠬᠦᠷᠭᠡᠵᠤ ᠤᠴᠢᠵᠡᠢ᠃
   ᠤᠷᠬᠢᠬᠤ ᠭᠠᠴᠠᠭᠠᠨ ᠤ ᠪᠠᠶᠢᠷᠢ ᠪᠡᠯᠴᠢᠭᠡᠷ ᠦᠷᠭᠡᠨ ᠠᠭᠤᠳᠠᠮ᠂ ᠠᠶᠢᠯ ᠡᠷᠦᠬᠡ ᠲᠠᠷᠬᠠᠢ ᠪᠤᠳᠠᠷᠬᠠᠢ ᠰᠠᠭᠤᠷᠢᠰᠢᠳᠠᠭ ᠪᠦᠬᠡᠳ ᠭᠠᠵᠠᠷ ᠤᠨ ᠪᠠᠶᠢᠴᠠ ᠨᠢ ᠠᠭᠤᠯᠠᠷᠬᠠᠭ ᠭᠠᠵᠠᠷ ᠳᠤᠯᠠ ᠠᠶᠢᠯ ᠤᠨ ᠬᠤᠭᠤᠷᠤᠨᠳᠤ ᠶᠠᠪᠤᠬᠤ ᠵᠠᠮ ᠨᠢ ᠪᠡᠷᠭᠡ ᠪᠠᠷᠳᠠᠭ᠎ᠠ ᠲᠠᠢ ᠪᠠᠶᠢᠳᠠᠭ ᠠᠴᠠ ᠮᠠᠯᠴᠢᠳ ᠤᠰᠤ ᠲᠦᠯᠡᠭᠡ᠂ ᠡᠪᠡᠰᠦ ᠪᠤᠷᠳᠤᠭ᠎ᠠ ᠪᠠᠨ ᠦᠢᠷᠠᠳᠤᠭᠤᠯᠬᠤ ᠳᠤ ᠠᠮᠠᠷ ᠦᠬᠡᠢ ᠪᠠᠶᠢᠳᠠᠭ ᠠᠵᠢ᠃ ᠮᠠᠯᠴᠢᠨ ᠤᠯᠠᠭᠠᠨᠬᠠᠳᠠ ᠪᠤᠯᠤᠨ ᠮᠠᠯᠴᠢᠨ ᠰᠡᠴᠡᠨᠭᠡᠷᠡᠯ ᠬᠤᠶᠠᠷ ᠠᠶᠢᠯ ᠤᠨ ᠬᠢᠨ ᠠᠮᠠᠨ ᠤᠰᠤ ᠪᠠᠨ ᠵᠢᠯ ᠲᠤᠷᠰᠢ 5 ᠺᠢᠯᠤᠮᠧᠲᠷ ᠵᠠᠶᠢᠳᠠᠢ ᠭᠠᠵᠠᠷ ᠠᠴᠠ ᠲᠠᠳᠠᠵᠤ ᠬᠡᠷᠡᠭᠯᠡᠳᠡᠭ᠃ ᠡᠨᠡ ᠵᠢᠯ ᠤᠨ ᠴᠠᠭᠠᠨ ᠰᠠᠷ᠎ᠠ ᠶᠢᠨ ᠲᠠᠷᠠᠭ᠎ᠠ ᠪᠠᠷ ᠰᠠᠶᠢᠨ ᠲᠤᠷᠠᠴᠤᠳ ᠲᠤᠰ ᠬᠤᠶᠠᠷ ᠠᠶᠢᠯ ᠤᠨ ᠠᠭᠤᠯᠠᠨ ᠵᠠᠮ ᠢ ᠵᠠᠰᠠᠵᠤ ᠦᠭᠴᠡᠢ᠃ ᠲᠡᠳᠡ ᠪᠠᠰᠠ ᠮᠠᠯᠴᠢᠨ ᠭᠡᠷᠡᠯᠪᠠᠳᠤ ᠶᠢᠨ ᠭᠡᠷ ᠤᠷᠤᠨ ᠰᠠᠭᠤᠴᠠ᠂ ᠬᠠᠰᠢᠶ᠎ᠠ ᠰᠠᠷᠠᠪᠴᠢ ᠶᠢᠨ ᠤᠷᠴᠢᠨ ᠲᠤᠭᠤᠷᠢᠨ ᠢ ᠴᠡᠪᠡᠷᠯᠡᠬᠦ᠂ ᠮᠠᠯᠴᠢᠨ ᠰᠤᠮᠢᠨᠳᠠᠢ᠂ ᠰᠡᠴᠡᠨᠭᠡᠷᠡᠯ  ᠬᠤᠶᠠᠷ ᠠᠶᠢᠯ ᠤᠨ ᠬᠠᠪᠤᠷ ᠤᠨ ᠤᠯᠠᠷᠢᠯ ᠤᠨ ᠮᠠᠯ ᠤᠨ ᠰᠡᠷᠭᠡᠶᠢᠯᠡᠯᠳᠡ ᠶᠢᠨ ᠵᠡᠭᠦᠦ ᠴᠤᠬᠢᠬᠤ ᠠᠵᠢᠯ ᠳᠤ ᠳᠤᠰᠠᠯᠠᠵᠡᠢ᠃ ᠤᠷᠬᠢᠬᠤ ᠭᠠᠴᠠᠭᠠᠨ ᠤ ᠡᠮᠡᠭᠳᠡᠶᠢᠴᠤᠳ ᠤᠨ ᠰᠠᠶᠢᠨ ᠲᠤᠷᠠᠴᠤᠳ ᠤᠨ ᠠᠩᠬᠢ ᠨᠢ ᠨᠤᠳᠤᠭ ᠪᠡᠯᠴᠢᠭᠡᠷ ᠢᠶᠠᠨ ᠬᠠᠮᠠᠭᠠᠯᠠᠬᠤ ᠪᠦᠳᠦᠭᠡᠨ ᠪᠠᠶᠢᠭᠤᠯᠬᠤ᠂ ᠬᠡᠭᠡᠷ᠎ᠡ ᠠᠮᠢᠳᠠᠨ ᠤᠷᠭᠤᠮᠠᠯ ᠢ ᠬᠠᠮᠠᠭᠠᠯᠠᠬᠤ᠂ ᠤᠳᠤᠬᠢᠴᠢᠯᠠᠬᠰᠠᠨ ᠮᠠᠯᠵᠢᠯ ᠤᠨ ᠠᠷᠭ᠎ᠠ ᠬᠡᠯᠪᠡᠷᠢ ᠶᠢ ᠦᠢᠯᠡᠳᠪᠦᠷᠢᠯᠡᠯ ᠠᠮᠢᠳᠤᠷᠠᠯ ᠳᠠᠭᠠᠨ ᠠᠰᠢᠬᠯᠠᠬᠤ᠂ ᠡᠷᠡᠭᠦᠯ ᠬᠠᠮᠠᠭᠠᠯᠠᠯ᠂ ᠬᠠᠤᠯᠢ ᠴᠠᠭᠠᠵᠠ᠂ ᠰᠢᠨᠵᠢᠯᠡᠭᠡ ᠮᠡᠷᠭᠡᠵᠢᠯ᠂ ᠮᠠᠯ ᠤᠨ ᠬᠢᠵᠢᠭ ᠤᠨ ᠰᠡᠷᠭᠡᠶᠢᠯᠡᠯᠳᠡ ᠵᠡᠷᠭᠡ ᠳᠠᠯ᠎ᠠ ᠶᠢᠨ ᠲᠦᠷᠦ ᠶᠢᠨ ᠪᠤᠳᠤᠯᠭ᠎ᠠ᠂ ᠲᠦᠷᠢᠮ ᠲᠤᠬᠳᠠᠭᠠᠯ᠂ ᠬᠠᠤᠯᠢ ᠶᠢ ᠤᠬᠠᠭᠤᠯᠬᠤ ᠦᠢᠯᠡᠳᠦᠯᠬᠡᠵᠢᠬᠦᠯᠬᠦ ᠠᠵᠢᠯ ᠢ ᠰᠠᠶᠢᠨ ᠲᠤᠷ᠎ᠠ ᠠᠴᠠ ᠪᠠᠨ ᠭᠦᠢᠴᠡᠳᠭᠡᠨ ᠭᠠᠪᠰᠢᠭᠠᠶᠢᠯᠠᠵᠦ ᠪᠠᠶᠢᠳᠠᠭ ᠪᠢᠯᠡ᠃ ᠡᠭᠦᠨ ᠠᠴᠠ ᠭᠠᠳᠠᠨ᠎ᠠ ᠡᠮᠡᠭᠳᠡᠶᠢᠴᠤᠳ ᠤᠨ ᠪᠠᠶᠠᠷ᠂ ᠵᠠᠯᠠᠭᠤᠴᠤᠳ ᠤᠨ ᠪᠠᠶᠠᠷ᠂ ᠨᠠᠮ ᠪᠠᠶᠢᠭᠤᠯᠤᠬᠳᠠᠬᠰᠠᠨ ᠡᠳᠦᠷ᠂ ᠤᠯᠤᠰ ᠤᠨ ᠪᠠᠶᠠᠷ ᠵᠡᠷᠭᠡ ᠪᠠᠶᠠᠷ ᠲᠤᠷᠠᠰᠬᠠᠯ ᠤᠨ ᠡᠳᠦᠷ ᠤᠳ ᠤᠨ ᠭᠠᠴᠠᠭᠠᠨ ᠤ ᠬᠠᠮᠳᠤ ᠨᠡᠶᠢᠳᠡ ᠶᠢᠨ ᠬᠦᠳᠡᠯᠭᠡᠭᠡᠨ ᠳᠤ ᠢᠳᠡᠪᠬᠢᠯᠡᠨ ᠤᠷᠤᠯᠴᠠᠵᠦ᠂ ᠲᠠᠭᠤᠤ ᠪᠦᠵᠢᠭ ᠤᠨ ᠲᠤᠬᠯᠠᠯᠳᠠ ᠭᠠᠷᠭᠠᠨ᠂ ᠮᠠᠯᠴᠢᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠭᠠᠷ ᠢᠷᠡᠵᠡᠢ  ᠃
    ᠤᠴᠠᠷᠠᠯ ᠪᠦᠬᠦᠨ ᠢᠷᠦᠭᠡᠯ ᠲᠠᠢ ᠭᠡᠳᠡᠭᠴᠢᠯᠡᠨ ᠤᠷᠬᠢᠬᠤ ᠭᠠᠴᠠᠭᠠᠨ ᠤ ᠡᠮᠡᠭᠳᠡᠶᠢᠴᠤᠳ ᠤᠨ ᠰᠠᠶᠢᠨ ᠲᠤᠷᠠᠴᠤᠳ ᠤᠨ ᠠᠩᠬᠢ ᠶᠢᠨ ᠭᠡᠰᠢᠭᠦᠳ ᠤᠨ ᠠᠵᠢᠯᠴᠢ ᠬᠤᠶᠠᠷ ᠭᠠᠷ ᠢᠶᠠᠷ ᠢᠶᠠᠨ ᠠᠮᠢᠳᠤᠷᠠᠯ ᠦᠢᠯᠡᠰ ᠢᠶᠠᠨ ᠪᠤᠰᠬᠠᠬᠰᠠᠨ ᠦᠢᠯᠡ ᠠᠵᠢᠯᠯᠠᠭ᠎ᠠ᠂ ᠠᠷᠢᠭᠤᠨ ᠬᠦᠳᠡᠯᠮᠦᠷᠢ ᠪᠠᠷ ᠠᠷᠠᠳ ᠲᠦᠮᠡᠨ ᠢᠶᠠᠨ ᠲᠤᠰᠠᠯᠠᠵᠤ ᠲᠡᠮᠵᠢᠭᠰᠡᠨ ᠬᠠᠶᠢᠷ᠎ᠠ ᠵᠢᠳᠭᠦᠯ᠂ ᠦᠭᠡᠳᠡᠷᠡᠭ ᠴᠠᠶᠢᠯᠭᠠᠨ ᠪᠤᠳᠤᠯ ᠰᠡᠳᠬᠢᠯ ᠨᠢ ᠨᠤᠳᠤᠭ ᠤᠨ ᠤᠯᠠᠨ ᠲᠦᠮᠡᠨ ᠤ ᠬᠠᠶᠢᠷ᠎ᠠ ᠬᠦᠨᠳᠦᠳᠭᠡᠯ ᠢ ᠤᠯᠵᠤ᠂ ᠮᠠᠯᠴᠢᠳ ᠤᠨ ᠳᠤᠮᠳᠠ ᠮᠠᠭᠳᠠᠭᠳᠠᠨ ᠠᠯᠳᠠᠷᠰᠢᠵᠦ ᠪᠠᠶᠢᠨ᠎ᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号