| | | | ᠠᠯᠠᠱᠠ ᠵᠡᠭᠦᠨ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠶᠢᠭᠡᠮᠴᠢᠯᠡᠭᠰᠡᠨ | ᠬᠠᠮᠢᠶᠠᠷᠤᠯᠲᠠ ᠶᠢᠨ ᠬᠤᠯᠪᠣᠭᠳᠠᠬᠤ ᠠᠵᠢᠯ ᠢ ᠦᠨᠡᠨᠬᠦ ᠰᠠᠶᠢᠲᠤᠷ ᠭᠦᠢᠴᠡᠳᠬᠡᠬᠦ ᠶᠢᠨ ᠲᠥᠯᠥᠭᠡ᠂ ᠬᠤᠰᠢᠭᠤᠨ ᠤ | ᠵᠠᠰᠠᠭ ᠤᠨ ᠣᠷᠳᠣᠨ ᠤ ᠠᠯᠪᠠᠨ ᠬᠡᠷ ᠲᠦᠷᠦᠭᠦᠬᠡᠨ ᠳᠤ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠲᠡᠳᠬᠦᠪᠦᠷᠢ ᠳᠤ ᠭᠠᠷᠤᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ︵ | ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2020 ︺ 84 ᠳ᠋ᠦ᠋ᠭᠡᠷ ᠲᠣᠭᠠᠲᠤ᠂ ᠴᠢᠨᠠᠭᠰᠢᠳᠠ ︽ | ᠲᠥᠰᠦᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠵᠤ᠂ ᠭᠤᠤᠯ ᠠᠭᠤᠯᠭ᠎ᠠ ᠶᠢ ᠠᠳᠡ ᠲᠠᠶᠢᠯᠪᠤᠷᠢᠯᠠᠶ᠎ᠠ᠄ | | ᠨᠢᠭᠡ᠂ ︽ᠲᠥᠰᠦᠯ︾ ᠢ ᠨᠡᠶᠢᠲᠡᠯᠡᠭᠰᠡᠨ ᠨᠥᠬᠦᠴᠡᠯ ᠪᠠᠶᠢᠳᠠᠯ | | ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠷᠢᠳ ᠬᠤᠵᠢᠳ | ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ᠂ ᠬᠤᠯᠪᠣᠭᠳᠠᠬᠤ ᠠᠵᠢᠯ ᠢ ᠢᠳᠡᠪᠬᠢᠲᠡᠶ ᠪᠠᠷ | ᠳᠦᠯᠬᠢᠨ ᠠᠬᠢᠭᠤᠯᠬᠤ ᠶᠢᠨ ᠬᠠᠮᠲᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠤᠭᠰᠠᠨ ᠪᠣᠯᠪᠠᠴᠤ ᠣᠳᠣᠬᠠᠨ ᠳᠤ | ᠪᠦᠬᠦ ᠤᠯᠤᠰ ᠤᠨ ᠬᠡᠪᠴᠢᠶᠡᠨ ᠳᠤ ᠮᠥᠨ ᠶᠡᠭᠡ ᠬᠡᠮᠵᠢᠶᠡᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠨᠡᠶᠢᠭᠡᠮ ᠤᠨ ᠦᠢᠯᠡᠰ ᠡᠷᠬᠢᠯᠡᠬᠦ ᠪᠠᠶᠢᠭᠤᠯᠤᠮᠵᠢ ᠣᠷᠣᠰᠢᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ | ᠲᠡᠳᠬᠦᠪᠦᠷᠢ ᠳᠤ ᠭᠠᠷᠤᠭᠰᠠᠨ ᠬᠥᠮᠥᠰ ᠬᠥᠮᠦᠰ ᠤᠨ ᠨᠡᠶᠢᠭᠡᠮᠴᠢᠯᠡᠭᠰᠡᠨ ᠬᠠᠮᠢᠶᠠᠷᠤᠯᠲᠠ᠂ ᠦᠢᠯᠡᠳᠪᠦᠷᠢ ᠠᠴᠠ | ᠡᠷᠬᠢᠯᠡᠭᠰᠡᠨ ᠶᠡᠭᠡ ᠬᠠᠮᠲᠤ ᠶᠢᠨ ᠨᠡᠮᠡᠯᠲᠡ᠂ ᠥᠭᠡᠷᠡᠴᠢᠯᠡᠯᠲᠡ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠨᠡᠯᠢᠶᠡᠳ ᠳᠤᠪᠤᠶᠢᠮ᠎ᠠ ᠣᠷᠣᠰᠢᠵᠤ᠂ ᠠᠵᠢᠯᠳᠠᠨ ᠤ ᠬᠠᠮᠢᠶᠠᠷᠤᠯᠲᠠ᠂ ᠡᠵᠡᠩᠨᠡᠯᠲᠡ ᠶᠢᠨ ᠵᠠᠷᠤᠳᠠᠯ ᠤᠨ | ᠡᠭᠦᠷᠭᠡᠯᠡᠯ ᠬᠦᠨᠳᠦ ᠪᠠᠶᠢᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠮᠡᠯᠲᠡ᠂ ᠥᠭᠡᠷᠡᠴᠢᠯᠡᠯᠲᠡ | ᠬᠥᠭᠵᠢᠯᠲᠡ ᠶᠢ ᠨᠢᠭᠡᠨᠲᠡ ᠬᠦᠨᠳᠦ ᠨᠣᠴᠢᠲᠠᠶ ᠬᠢᠵᠠᠭᠠᠷᠯᠠᠵᠤ ᠪᠠᠶᠢᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠨᠡᠮᠡᠯᠲᠡ᠂ ᠥᠭᠡᠷᠡᠴᠢᠯᠡᠯᠲᠡ ᠶᠢ ᠤᠯᠠᠮ ᠠᠬᠢᠭᠤᠯᠤᠨ ᠡᠷᠴᠢᠮᠲᠡᠢ ᠵᠢᠷᠡᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠲᠦᠷᠭᠡᠪᠴᠢᠯᠡᠨ | ᠰᠠᠯᠭᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠪᠡᠶ᠎ᠡ ᠬᠥᠩᠭᠡᠨ ᠢᠶᠠᠷ ᠣᠷᠣᠯᠴᠠᠬᠤ᠂ ᠥᠷᠢᠰᠥᠯᠳᠦᠭᠡᠨ ᠳᠤ ᠡᠷᠬᠡ ᠲᠡᠭᠰᠢ ᠪᠠᠷ | ᠣᠷᠣᠯᠴᠠᠬᠤ᠂ ᠡᠬᠢ ᠪᠠᠶᠠᠯᠢᠭ ᠢ ᠲᠥᠪᠯᠡᠷᠡᠭᠦᠯᠦᠨ ᠭᠤᠣᠯ ᠠᠵᠢᠯ ᠢᠶᠠᠨ ᠬᠦᠴᠦᠷᠬᠡᠭᠵᠢᠭᠦᠯᠬᠦ ᠶᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ︵ᠳᠣᠲᠣᠭᠠᠳᠤ ᠤᠯᠤᠰ ᠤᠨ ᠥᠮᠴᠢᠯᠡᠯᠲᠦ ᠡᠳ᠋ | ᠬᠥᠷᠥᠩᠭᠡ ᠨᠠᠮ ᠲᠠᠷᠬᠠᠭᠠᠭᠰᠠᠨ ︹ 2019 ︺ 57 ᠳ᠋ᠤᠭᠠᠷ ᠲᠣᠭᠠᠲᠤ︶᠂ ︽ᠠᠯᠠᠱᠠ ᠠᠶᠢᠮᠠᠭ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︿ᠠᠯᠠᠱᠠ ᠠᠶᠢᠮᠠᠭ ᠤᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠡᠳᠬᠦᠪᠦᠷᠢ ᠳᠤ ᠭᠠᠷᠤᠭᠰᠠᠨ ᠬᠥᠮᠥᠰ ᠤᠨ ᠨᠡᠶᠢᠭᠡᠮᠴᠢᠯᠡᠯᠲᠡ ᠶᠢᠨ | ᠬᠡᠷᠡᠭᠵᠢᠭᠦᠯᠬᠦ ᠲᠥᠰᠦᠯ﹀ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾ ︵ᠠᠯᠠᠱᠠ ᠵᠡᠭᠦᠨ ᠠᠯᠪᠠᠨ ᠲᠠᠷᠬᠠᠭᠠᠭᠰᠠᠨ | ︹ 2019 ︺ 882 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ︽ᠲᠥᠰᠦᠯ︾ | ᠲᠣᠭᠲᠠᠭᠠᠵᠤ᠂ ᠠᠯᠠᠱᠠ ᠵᠡᠭᠦᠨ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠶᠢᠭᠡᠮᠴᠢᠯᠡᠭᠰᠡᠨ | ᠬᠠᠮᠢᠶᠠᠷᠤᠯᠲᠠ ᠶᠢᠨ ᠬᠤᠯᠪᠣᠭᠳᠠᠬᠤ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ | | ᠬᠤᠶᠠᠷ᠂ ︽ᠲᠥᠰᠦᠯ︾ ᠢ ᠲᠣᠭᠲᠠᠭᠠᠭᠰᠠᠨ ᠭᠤᠣᠯ ᠦᠨᠳᠦᠰᠦᠯᠡᠯ | | ︵ᠨᠢᠭᠡ︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠲᠡᠳᠬᠦᠪᠦᠷᠢ ᠳᠤ ᠭᠠᠷᠤᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠲᠤᠬᠠᠶ ᠵᠢᠯᠣᠭᠤᠳᠬᠤ ᠰᠠᠨᠠᠯ︾ ︵ | ᠲᠢᠩᠬᠢᠮ ᠦᠰᠦᠭ ﹇2019﹈ 19 ᠳ᠋ᠦ᠋ᠭᠡᠷ ᠲᠣᠭᠠᠲᠤ︶ | | ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠡᠳᠬᠦᠪᠦᠷᠢ ᠳᠤ | ᠭᠠᠷᠤᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠥᠰᠦᠯ﹀ ᠢ ᠵᠠᠷᠯᠠᠨ ᠨᠡᠶᠢᠲᠡᠯᠡᠬᠦ | ᠲᠤᠬᠠᠶ ᠮᠡᠳᠡᠭᠳᠡᠯ︾ ︵ᠥᠪᠥᠷ ᠤᠯᠤᠰ ᠤᠨ ᠥᠮᠴᠢᠯᠡᠯᠲᠦ ᠡᠳ᠋ ᠬᠥᠷᠥᠩᠭᠡ ᠨᠠᠮ ᠲᠠᠷᠬᠠᠭᠠᠭᠰᠠᠨ ︹ 2019 ︺ | 57 | | ︵ᠭᠤᠷᠪᠠ︶ ︽ᠠᠯᠠᠱᠠ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ︿ᠠᠯᠠᠱᠠ ᠠᠶᠢᠮᠠᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠲᠡᠳᠬᠦᠪᠦᠷᠢ ᠳᠤ ᠭᠠᠷᠤᠭᠰᠠᠨ ᠬᠥᠮᠥᠰ ᠢ ᠨᠡᠶᠢᠭᠡᠮᠴᠢᠯᠡᠨ ᠬᠡᠷᠡᠭᠵᠢᠭᠦᠯᠬᠦ ᠲᠥᠰᠦᠯ﹀ ᠢ ᠵᠠᠷᠯᠠᠨ ᠨᠡᠶᠢᠲᠡᠯᠡᠬᠦ ᠲᠤᠬᠠᠶ | ᠮᠡᠳᠡᠭᠳᠡᠯ︾ ︵ᠠᠯᠠᠱᠠ ᠡᠳ᠋ ᠤᠨ ᠵᠠᠰᠠᠭ ᠲᠠᠷᠬᠠᠭᠠᠭᠰᠠᠨ ︹ 2019 ︺ 882 ᠳ᠋ᠤᠭᠠᠷ ᠲᠣᠭᠠᠲᠤ︶ | | ᠭᠤᠷᠪᠠ᠂ ︽ᠲᠥᠰᠦᠯ︾ ᠤᠨ ᠶᠡᠷᠦᠩᠬᠡᠶ ᠱᠠᠭᠠᠷᠳᠠᠯᠭ᠎ᠠ | | 2020 ᠣᠨ ᠤ ᠵᠢᠯ ᠤᠨ ᠡᠴᠦᠰ ᠠᠴᠠ ᠡᠮᠦᠨ᠎ᠡ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ | ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠠᠷᠠᠬᠠᠨ ᠬᠡᠷᠡᠭᠵᠢᠭᠦᠯᠦᠭᠡᠳᠦᠶ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠨᠢᠭᠡᠨᠲᠡ ᠲᠡᠳᠬᠦᠪᠦᠷᠢ ᠳᠤ ᠭᠠᠷᠤᠭᠰᠠᠨ ᠬᠥᠮᠥᠰ ᠬᠥᠮᠦᠰ ᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠪᠠ ᠨᠡᠶᠢᠭᠡᠮ ᠲᠣᠭᠤᠷᠢᠭ ᠲᠤ ᠰᠢᠯᠵᠢᠭᠦᠯᠦᠨ ᠥᠭᠴᠦ ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠲᠠᠷᠠᠭ᠎ᠠ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠰᠢᠨ᠎ᠡ ᠪᠠᠷ ᠭᠦᠢᠴᠡᠳᠬᠡᠭᠰᠡᠨ ᠲᠡᠳᠬᠦᠪᠦᠷᠢ ᠳᠤ ᠭᠠᠷᠤᠭᠰᠠᠨ ᠬᠥᠮᠥᠰ ᠤᠨ ᠬᠠᠮᠢᠶᠠᠷᠤᠯᠲᠠ | ᠦᠢᠯᠡᠴᠢᠯᠡᠭᠡᠨ ᠤ ᠠᠵᠢᠯ ᠢ ᠭᠦᠢᠴᠡᠳᠬᠡᠨ᠎ᠡ᠃ | | ᠳᠥᠷᠪᠡ᠂ ᠲᠥᠰᠦᠯ ᠤᠨ ᠭᠤᠤᠯ ᠠᠭᠤᠯᠭ᠎ᠠ | | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠲᠡᠳᠬᠦᠪᠦᠷᠢ ᠳᠤ ᠭᠠᠷᠤᠭᠰᠠᠨ ᠬᠥᠮᠥᠰ ᠤᠨ | ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠬᠠᠮᠲᠤᠷᠠᠭᠰᠠᠨ ᠬᠤᠷᠠᠯᠳᠤᠭᠠᠨ ᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠵᠣᠬᠢᠴᠠᠩᠭᠤᠶ | ᠠᠵᠢᠯ ᠤᠨ ᠲᠣᠭᠲᠠᠴᠠ ᠶᠢ ᠪᠠᠶᠢᠭᠤᠯᠤᠨ᠂ ᠡᠯ᠎ᠡ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠪᠠ᠃ | | ︵ᠬᠤᠶᠠᠷ︶ ᠰᠢᠯᠵᠢᠭᠦᠯᠦᠨ ᠲᠤᠰᠢᠶᠠᠬᠤ ᠵᠦᠢᠯᠡᠰ᠃ ᠲᠡᠳᠬᠦᠪᠦᠷᠢ ᠳᠤ ᠭᠠᠷᠤᠭᠰᠠᠨ ᠬᠥᠮᠥᠰ ᠢ ᠭᠥᠯᠢᠶᠡᠨ | ᠠᠪᠬᠤ ᠪᠡᠶᠡᠴᠢ ᠴᠣᠭᠴᠠ᠂ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠲᠤᠰᠢᠶᠠᠬᠤ᠂ ᠬᠠᠮᠢᠶᠠᠷᠤᠯᠲᠠ ᠦᠢᠯᠡᠴᠢᠯᠡᠭᠡᠨ ᠤ ᠡᠭᠦᠷᠭᠡ | ᠴᠢᠳᠠᠪᠤᠷᠢ ᠶᠢ ᠲᠡᠭᠦᠯᠳᠡᠷᠵᠢᠭᠦᠯᠬᠦ ᠵᠡᠷᠭᠡ ᠰᠢᠯᠵᠢᠭᠦᠯᠦᠨ ᠲᠤᠰᠢᠶᠠᠬᠤ ᠠᠵᠢᠯ ᠤᠨ ᠪᠣᠳᠠᠲᠠᠶ ᠠᠭᠤᠯᠭ᠎ᠠ ᠪᠠ ᠠᠵᠢᠯ ᠤᠨ | ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃ | | ︵ᠭᠤᠷᠪᠠ︶ ᠠᠵᠢᠯ ᠤᠨ ᠳᠠᠷᠠᠭᠠᠯᠠᠯ᠃ ᠰᠢᠯᠵᠢᠭᠦᠯᠦᠨ ᠲᠤᠰᠢᠶᠠᠬᠤ ᠠᠵᠢᠯ ᠢ ᠨᠠᠶᠢᠳᠠ ᠭᠤᠷᠪᠠᠨ ᠱᠠᠳᠤ | ᠬᠤᠪᠢᠶᠠᠨ᠎ᠠ᠃ 2020 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠠᠷ ᠰᠢᠯᠵᠢᠭᠦᠯᠦᠨ ᠲᠤᠰᠢᠶᠠᠬᠤ | ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ ᠳᠠᠭᠤᠰᠬᠠᠨ᠎ᠠ᠃︔ 2020 ᠣᠨ ᠤ 9 ᠳ᠋ᠦ᠋ᠭᠡᠷ ᠰᠠᠷ᠎ᠠ ᠶᠢᠨ | ᠰᠡᠭᠦᠯᠴᠢ ᠪᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ᠎ᠡ︔ 2020 ᠣᠨ ᠤ 10 | ᠳ᠋ᠤᠭᠠᠷ ᠰᠠᠷ᠎ᠠ ᠶᠢᠨ ᠰᠡᠭᠦᠯᠴᠢ ᠪᠠᠷ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠡᠯ᠎ᠡ ᠲᠥᠷᠥᠯ ᠤᠨ ᠠᠵᠢᠯ ᠢ ᠪᠡᠶᠡᠯᠡᠭᠦᠯᠵᠦ᠂ | ᠠᠵᠢᠯ ᠢᠶᠠᠨ ᠳ᠋ᠦᠩᠨᠡᠵᠦ ᠳᠡᠭᠡᠭᠰᠢ ᠮᠡᠳᠡᠭᠦᠯᠬᠦ ᠪᠠ ᠪᠤᠰᠤᠳ ᠬᠤᠯᠪᠣᠭᠳᠠᠬᠤ ᠵᠦᠢᠯᠡᠰ ᠢ ᠰᠠᠶᠢᠲᠤᠷ ᠭᠦᠢᠴᠡᠳᠬᠡᠨ᠎ᠡ᠃ | | | ︵ᠲᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠨᠢᠭᠡ ᠳᠤ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠡᠳᠬᠦᠪᠦᠷᠢ ᠳᠤ | ᠭᠠᠷᠤᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠨᠠᠮ | ᠵᠠᠰᠠᠭ ᠤᠨ ᠤᠳᠤᠷᠢᠳᠬᠤ ᠪᠠᠭ ᠤᠨ ᠬᠢᠨᠠᠨ ᠦᠨᠡᠯᠡᠯᠲᠡ ᠳᠤ ᠣᠷᠣᠭᠤᠯᠵᠤ᠂ ᠰᠢᠯᠵᠢᠭᠦᠯᠦᠨ ᠲᠤᠰᠢᠶᠠᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠬᠤᠶᠠᠷ ᠲᠤ ᠤᠬᠠᠭᠤᠯᠤᠨ ᠳᠠᠭᠠᠭᠤᠯᠤᠨ ᠵᠢᠯᠣᠭᠤᠳᠬᠤ ᠶᠢ ᠴᠢᠩᠭᠠᠳᠬᠠᠵᠤ᠂ ᠡᠯ᠎ᠡ | ᠬᠠᠷᠢᠭᠤᠴᠠᠯᠭᠠᠲᠤ ᠨᠢᠭᠡᠴᠢ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ | ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠦᠨᠡᠨᠬᠦ ᠰᠠᠶᠢᠲᠤᠷ ᠭᠦᠢᠴᠡᠳᠬᠡᠵᠦ᠂ ᠠᠵᠢᠯᠲᠠᠨ | ᠠᠵᠢᠯᠴᠢᠨ ᠳᠤ ᠰᠢᠯᠵᠢᠭᠦᠯᠦᠨ ᠲᠤᠰᠢᠶᠠᠬᠤ ᠦᠵᠡᠯ ᠰᠠᠨᠠᠭᠠᠨ ᠤ ᠠᠵᠢᠯ ᠢ ᠭᠤᠤᠯᠳᠠᠯᠭ᠎ᠠ ᠲᠠᠢ ᠰᠠᠶᠢᠲᠤᠷ | ᠭᠦᠢᠴᠡᠳᠬᠡᠵᠦ᠂ ᠬᠤᠯᠪᠣᠭᠳᠠᠬᠤ ᠠᠰᠠᠭᠤᠳᠠᠯ ᠢ ᠲᠣᠬᠢᠲᠠᠶ ᠰᠢᠢᠳᠪᠦᠷᠢᠯᠡᠨ᠂ ᠠᠵᠢᠯ ᠤᠨ ᠲᠠᠭᠠᠲᠠᠢ ᠣᠷᠴᠢᠨ | ᠨᠥᠬᠦᠴᠡᠯ ᠢ ᠪᠣᠶ ᠪᠣᠯᠭᠠᠨ᠎ᠠ᠃ ᠭᠤᠷᠪᠠ ᠳᠤ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ | ᠬᠠᠷᠢᠭᠤᠴᠠᠯᠭᠠᠲᠤ ᠨᠢᠭᠡᠴᠢ ᠨᠦᠭᠦᠳ ᠠᠵᠢᠯ ᠤᠨ ᠠᠬᠢᠴᠠ ᠪᠠᠨ ᠲᠦᠷᠭᠡᠳᠬᠡᠨ᠂ ᠲᠤᠬᠠᠶᠢᠯᠠᠭᠰᠠᠨ ᠠᠵᠢᠯ ᠤᠨ ᠠᠯᠬᠤᠮ | ᠳᠠᠷᠠᠭᠠᠯᠠᠯ ᠢ ᠰᠠᠶᠢᠲᠤᠷ ᠵᠣᠯᠭᠠᠭᠤᠯᠵᠤ᠂ ᠰᠢᠯᠵᠢᠭᠦᠯᠦᠨ ᠲᠤᠰᠢᠶᠠᠵᠤ ᠭᠥᠯᠢᠶᠡᠨ ᠠᠪᠬᠤ ᠠᠵᠢᠯ ᠤᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠬᠡᠨ ᠳᠠᠷᠤᠢ ᠳᠤᠨᠢ ᠵᠣᠬᠢᠴᠠᠭᠤᠯᠤᠨ ᠢᠯᠡᠷᠡᠭᠦᠯᠬᠦ ᠪᠠ ᠲᠣᠬᠢᠲᠠᠶ ᠰᠢᠢᠳᠪᠦᠷᠢᠯᠡᠵᠦ᠂ | ᠡᠯ᠎ᠡ ᠲᠥᠷᠥᠯ ᠤᠨ ᠠᠵᠢᠯ ᠢ ᠯᠠᠪᠳᠠᠭᠤᠨ ᠪᠥᠭᠡᠳ ᠳᠢᠭ ᠵᠢᠷᠤᠮ ᠲᠠᠢ ᠠᠬᠢᠭᠤᠯᠬᠤ ᠶᠢ ᠦᠨᠡᠨᠬᠦ | ᠪᠠᠲᠤᠯᠠᠭᠠᠵᠢᠭᠤᠯᠤᠨ᠎ᠠ᠃ | | | | ᠲᠠᠶᠢᠯᠤᠮᠵᠢ ᠬᠢᠭᠴᠢ᠄ ᠰᠡᠴᠡᠨᠳᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ | ᠳᠠᠷᠤᠭ᠎ᠠ | | | | ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ᠄ | | | ︽ᠠᠯᠠᠱᠠ ᠵᠡᠭᠦᠨ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠡᠳᠬᠦᠪᠦᠷᠢ ᠳᠤ | ᠭᠠᠷᠤᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠤᠨ ᠮᠡᠳᠡᠭᠳᠡᠯ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |