ᠠᠯᠠᠱᠠ ᠵᠡᠭᠦᠨ ᠬᠤᠰᠢᠭᠤ ᠬᠢᠵᠢᠭ ᠤᠨ ᠪᠠᠶᠢᠳᠠᠯ ᠢ ᠢᠳᠡᠪᠬᠢᠲᠡᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠪᠠ ᠬᠠᠩᠭᠠᠯᠭ᠎ᠠ ᠶᠢ ᠪᠠᠲᠤᠯᠠᠬᠤ ︽ᠬᠠᠮ ᠠᠷᠭ᠎ᠠ ᠬᠡᠮᠵᠢᠶ᠎ᠡ︾ ᠭᠠᠷᠭᠠᠪᠠ
ᠨᠡᠶᠢᠲᠡᠯᠡᠭᠰᠡᠨ ᠴᠠᠭ᠄
2021/8/3
ᠨᠢᠭᠡ ᠳᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠪᠡ᠃ ᠣᠳᠣᠬᠠᠨ ᠪᠣᠯᠲᠠᠯ᠎ᠠ᠂ ᠭᠤᠤᠯᠳᠠᠯᠭ᠎ᠠ ᠲᠠᠢ ᠬᠢᠨᠠᠨ ᠬᠡᠮᠵᠢᠭᠰᠡᠨ 1 ᠢᠳᠡᠰᠢᠨ ᠨᠣᠭᠤᠭ᠎ᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ 6 ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠬᠥᠮᠥᠷᠭᠡᠯᠡᠵᠦ ᠪᠠᠶᠢᠭ᠎ᠠ ᠲᠥᠬᠦᠮ ᠭᠤᠯᠢᠷ ᠪᠠᠷᠤᠭ 7. 04 ᠲᠦᠮᠡᠨ ᠤᠭᠤᠲᠠ ︵ᠰᠠᠭᠤᠯᠠᠭ᠎ᠠ︶᠂ ᠬᠥᠮᠥᠷᠭᠡᠯᠡᠵᠦ ᠪᠠᠶᠢᠭ᠎ᠠ ᠯᠣᠩᠬᠤ ᠲᠠᠢ ᠤᠰᠤ 13 ᠲᠦᠮᠡᠨ ᠯᠣᠩᠬᠤ᠂ ᠠᠮᠤ ᠪᠤᠳᠠᠭ᠎ᠠ ᠪᠠ ᠭᠤᠯᠢᠷ ᠤᠨ ᠬᠠᠳᠠᠭᠠᠯᠠᠯᠲᠠ ᠪᠠᠷᠤᠭ 88 . 35 ᠲᠣᠨ ᠪᠠᠶᠢᠵᠤ᠂ 40 ᠭᠠᠷᠤᠢ ᠡᠳᠦᠷ ᠬᠠᠩᠭᠠᠵᠤ ᠲᠠᠶᠢᠯᠤᠨ᠎ᠠ︔ ᠢᠳᠡᠰᠢᠨ ᠨᠣᠭᠤᠭ᠎ᠠ ᠣᠷᠣᠭᠤᠯᠤᠭᠰᠠᠨ ᠬᠡᠮᠵᠢᠶ᠎ᠡ 43. 24 ᠲᠣᠨ᠂ ᠨᠥᠭᠡᠴᠡᠯᠡᠭᠰᠡᠨ ᠬᠡᠮᠵᠢᠶ᠎ᠡ ᠨᠢ 34.63 ᠭᠠᠷᠤᠶ ᠲᠣᠨ᠂ ᠦᠬᠡᠷ ᠬᠤᠨᠢᠨ ᠮᠢᠬᠠᠨ ᠤ ᠨᠥᠭᠡᠴᠡ ᠬᠡᠮᠵᠢᠶ᠎ᠡ ᠨᠢ 2.78 ᠲᠣᠨ᠂ ᠭᠠᠭ᠋ᠠᠶ ᠶᠢᠨ ᠮᠢᠬ᠎ᠠ ᠨᠢ 5.4 ᠲᠣᠨ᠂ ᠬᠤᠰᠢᠭᠤᠨ ᠤ ᠲᠠᠰ ᠤᠨ ᠬᠦᠯᠳᠡᠭᠦᠦ ᠭᠠᠭ᠋ᠠᠶ ᠶᠢᠨ ᠮᠢᠬᠠᠨ ᠤ ᠨᠥᠭᠡᠴᠡ ᠬᠥᠮᠥᠷᠭᠡ ᠨᠢ ᠣᠳᠣᠬᠠᠨ ᠳᠤ 12 ᠲᠣᠨ ᠠᠴᠠ ᠳᠡᠭᠡᠭᠰᠢ ᠪᠠᠶᠢᠵᠤ᠂ ᠬᠤᠶᠠᠷ ᠭᠤᠷᠪᠠᠨ ᠡᠳᠦᠷ ᠣᠷᠴᠢᠮ ᠬᠠᠩᠭᠠᠵᠤ ᠲᠠᠶᠢᠯᠤᠨ᠎ᠠ︔ ᠢᠳᠡᠰᠢᠨ ᠲᠣᠰᠣ 26. 76 ᠲᠣᠨ᠂ ᠢᠳᠡᠰᠢᠨ ᠳᠠᠪᠤᠰᠤ 4. 86 ᠲᠣᠨ ᠪᠠᠶᠢᠵᠤ᠂ ᠵᠢᠱᠢᠯᠲᠡ ᠪᠠᠷ 30 ᠡᠳᠦᠷ ᠠᠴᠠ ᠳᠡᠭᠡᠭᠰᠢ ᠬᠠᠩᠭᠠᠵᠤ ᠲᠠᠶᠢᠯᠤᠨ᠎ᠠ︔ ᠠᠯᠠᠱᠠ ᠵᠡᠭᠦᠨ ᠬᠤᠰᠢᠭᠤᠨ ᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠴᠢᠶ᠋ᠢᠦ ᠲᠣᠰᠣᠨ ᠤ ᠬᠥᠮᠥᠷᠭᠡ ᠶᠢᠨ ᠬᠠᠳᠠᠭᠠᠯᠠᠴᠠ ᠶᠢᠨ ᠬᠡᠮᠵᠢᠶ᠎ᠡ ᠨᠢ ᠪᠠᠷᠤᠭ 1142. 55 ᠲᠣᠨ᠂ ᠴᠠᠶᠢᠶ᠋ᠢᠦ ᠲᠣᠰᠣ ᠨᠢ ᠪᠠᠷᠤᠭ 1666.5 ᠲᠣᠨ ᠪᠠᠶᠢᠵᠤ᠂ ᠪᠥᠬᠦ ᠬᠤᠰᠢᠭᠤᠨ ᠤ ᠴᠢᠶ᠋ᠢᠦ ᠲᠣᠰᠣᠨ ᠤ ᠨᠥᠭᠡᠴᠡ ᠨᠢ ᠪᠠᠷᠤᠭ 8 ᠡᠳᠦᠷ ᠣᠷᠴᠢᠮ ᠬᠠᠩᠭᠠᠵᠤ᠂ ᠴᠠᠶᠢᠶ᠋ᠢᠦ ᠲᠣᠰᠣᠨ ᠤ ᠨᠥᠭᠡᠴᠡ ᠨᠢ ᠪᠠᠷᠤᠭ 14 ᠡᠳᠦᠷ ᠬᠠᠩᠭᠠᠨ᠎ᠠ᠃ ᠭᠤᠤᠯᠳᠠᠯᠭ᠎ᠠ ᠲᠠᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠦᠨ᠎ᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠪᠠᠷᠠᠭᠠᠨ ᠤ ᠢᠷᠡᠯᠲᠡ ᠭᠦᠢᠴᠡᠳ᠂ ᠵᠠᠯᠭᠠᠮᠵᠢ ᠬᠠᠩᠭᠠᠯᠭ᠎ᠠ ᠪᠠᠲᠤᠯᠠᠭ᠎ᠠ ᠲᠠᠢ ᠪᠠᠶᠢᠪᠠ᠃ ᠬᠤᠶᠠᠷ ᠲᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠶᠢ ᠦᠷᠭᠦᠯᠵᠢᠯᠡᠨ ᠱᠠᠯᠠᠪᠳᠠᠭᠤᠯᠤᠨ ᠵᠢᠯᠤᠭᠤᠳᠤᠪᠠ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠭᠦᠨᠵᠡᠭᠡᠶᠢᠷᠡᠨ᠂ ᠡᠯ᠎ᠡ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢ ᠱᠠᠯᠠᠪᠳᠠᠭᠤᠯᠬᠤ ᠶᠢᠨ ᠬᠠᠮᠲᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠣᠷᠣᠬᠤ ᠡᠭᠦᠳᠡᠨ ᠳᠤ ᠪᠡᠶ᠎ᠡ ᠶᠢᠨ ᠬᠠᠯᠠᠭᠤᠨ ᠢ ᠬᠡᠮᠵᠢᠬᠦ᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠣᠯᠠᠨ ᠨᠡᠶᠢᠲᠡ ᠶᠢᠨ ᠣᠷᠴᠢᠨ ᠲᠣᠭᠤᠷᠢᠨ ᠢ ᠠᠷᠢᠭᠤᠳᠬᠠᠬᠤ᠂ ᠸᠠᠺᠼᠢᠨ ᠤ ᠲᠠᠷᠢᠯᠭ᠎ᠠ ᠬᠢᠭᠰᠡᠨ ᠪᠠᠶᠢᠳᠠᠯ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠡᠰᠡᠬᠦ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠪᠠᠶᠢᠴᠠᠭᠠᠪᠠ᠃ ᠪᠠᠶᠢᠴᠠᠭᠠᠯᠲᠠ ᠪᠠᠷ ᠳᠠᠮᠵᠢᠭᠠᠳ᠂ ᠡᠯ᠎ᠡ ᠬᠤᠳᠠᠯᠳᠤᠭᠠᠨ ᠤ ᠲᠠᠯᠠᠪᠠᠶ ᠬᠡᠲᠦ ᠳᠡᠯᠭᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠤᠳᠠᠯᠳᠤᠭᠠᠨ ᠤ ᠲᠠᠯᠠᠪᠠᠶ ᠬᠡᠲᠦ ᠳᠡᠯᠭᠡᠭᠦᠷ ᠲᠤ ᠣᠷᠣᠬᠤ ᠵᠣᠴᠢᠳ ᠲᠤ ᠠᠮᠠᠪᠴᠢ ᠵᠡᠭᠦᠬᠦ ᠶᠢᠨ ᠬᠠᠮᠲᠤ ᠪᠡᠶ᠎ᠡ ᠶᠢᠨ ᠬᠠᠯᠠᠭᠤᠨ ᠤ ᠬᠡᠮᠵᠢᠯᠲᠡ ᠬᠢᠵᠦ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠤᠳᠠᠯᠳᠤᠭᠠᠨ ᠤ ᠲᠠᠯᠠᠪᠠᠶ ᠬᠡᠲᠦ ᠳᠡᠯᠭᠡᠭᠦᠷ ᠤᠨ ᠣᠯᠠᠨ ᠨᠡᠶᠢᠲᠡ ᠶᠢᠨ ᠣᠷᠴᠢᠨ ᠲᠣᠭᠤᠷᠢᠨ ᠢ ᠠᠷᠢᠭᠤᠳᠬᠠᠬᠤ ᠶᠢᠨ ᠬᠠᠮᠲᠤ ᠡᠬᠡ ᠲᠠᠩᠰᠠ ᠶᠢ ᠰᠠᠶᠢᠲᠤᠷ ᠲᠡᠮᠳᠡᠭᠯᠡᠬᠦ ᠶᠢ ᠰᠠᠨᠠᠭᠤᠯᠪᠠ᠃ ᠭᠤᠷᠪᠠ ᠳᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠦᠷᠭᠦᠯᠵᠢᠯᠡᠨ ᠰᠢᠮᠳᠠᠭᠤᠯᠵᠤ ᠪᠠᠶᠢᠭᠠᠳ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠯᠭᠡᠪᠡ᠃ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠳᠠᠶᠢᠴᠢᠯᠠᠨ ᠠᠵᠢᠯᠲᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠸᠠᠺᠼᠢᠨ ᠤ ᠲᠠᠷᠢᠯᠭ᠎ᠠ ᠬᠢᠯᠭᠡᠵᠦ᠂ ᠡᠯ᠎ᠡ ᠠᠵᠤ ᠠᠬᠤᠶᠢᠯᠠᠯ ᠤᠨ ᠠᠵᠢᠯᠲᠠᠨ ᠤ ᠰᠠᠭᠤᠷᠢ ᠲᠤᠭ᠎ᠠ ᠶᠢ ᠣᠨᠣᠪᠴᠢᠲᠠᠶ ᠵᠢᠭᠰᠠᠭᠠᠨ ᠪᠠᠶᠢᠴᠠᠭᠠᠵᠤ᠂ ᠡᠯ᠎ᠡ ᠠᠵᠤ ᠠᠬᠤᠶᠢᠯᠠᠯ ᠤᠨ ᠠᠵᠢᠯᠲᠠᠨ ᠤ ᠸᠠᠺᠼᠢᠨ ᠤ ᠲᠠᠷᠢᠯᠭ᠎ᠠ ᠬᠢᠭᠰᠡᠨ ᠪᠠᠶᠢᠳᠠᠯ ᠢ ᠪᠥᠬᠦ ᠲᠠᠯ᠎ᠠ ᠪᠠᠷ ᠪᠦᠷᠢᠳᠬᠡᠪᠡ ᠣᠳᠣᠬᠠᠨ ᠪᠣᠯᠲᠠᠯ᠎ᠠ᠂ ᠬᠤᠳᠠᠯᠳᠤᠭᠠᠨ ᠤ ᠲᠠᠯᠠᠪᠠᠶ ᠬᠡᠲᠦ ᠳᠡᠯᠭᠡᠭᠦᠷ ᠵᠢᠴᠢ ᠲᠣᠰᠣ ᠨᠡᠮᠡᠬᠦ ᠥᠷᠲᠡᠭᠡ ᠵᠡᠷᠭᠡ 30 ᠭᠠᠷᠤᠶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ 441 ᠠᠵᠢᠯᠲᠠᠨ ᠢ ᠳᠠᠶᠢᠴᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠯᠭᠡᠪᠡ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号