ᠠᠯᠠᠱᠠ ᠵᠡᠭᠦᠨ ᠬᠤᠰᠢᠭᠤ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠪᠠᠨ ᠪᠠᠶᠢᠩᠭᠤᠵᠢᠭᠤᠯᠪᠠ
ᠨᠡᠶᠢᠲᠡᠯᠡᠭᠰᠡᠨ ᠴᠠᠭ᠄
2021/8/3
ᠨᠢᠭᠡ ᠳᠤ᠂ ᠬᠠᠷᠢᠶ᠎ᠠ ᠣᠷᠣᠨ ᠤ ᠪᠠᠨ ᠵᠤᠨ ᠤ ᠠᠮᠠᠷᠠᠯᠲᠠ ᠶᠢᠨ ᠬᠤᠭᠤᠴᠠᠭᠠᠨ ᠳᠤ ᠠᠷᠢᠬᠢ ᠤᠤᠭᠤᠭᠠᠳ ᠲᠡᠷᠭᠡ ᠵᠢᠯᠣᠭᠤᠳᠬᠤ᠂ ᠦᠨᠡᠮᠯᠡᠯ ᠦᠭᠡᠶ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠬᠤ ᠵᠢᠮ᠎ᠡ ᠶᠣᠰᠣ ᠪᠣᠯᠤᠨ ᠣᠨᠴᠠᠯᠢᠭ ᠲᠠᠢ ᠤᠶᠠᠯᠳᠤᠭᠤᠯᠤᠨ᠂ ᠴᠠᠭᠳᠠᠭᠠᠨ ᠤ ᠬᠦᠴᠦᠨ᠂ ᠲᠣᠨᠤᠭ ᠲᠥᠬᠦᠭᠡᠷᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠨᠢᠭᠡᠳᠦᠭᠡᠷ ᠹᠷᠣᠨᠲ ᠲᠤ ᠬᠠᠨᠳᠤᠭᠤᠯᠵᠤ᠂ ᠵᠠᠮ ᠤᠨ ᠴᠠᠭᠳᠠᠭᠠᠨ ᠤ ᠨᠣᠷᠮ᠎ᠠ ᠪᠣᠯᠤᠨ ᠬᠡᠷᠡᠭ ᠬᠠᠮᠢᠶᠠᠷᠬᠤ ᠨᠣᠷᠮ᠎ᠠ ᠶᠢ ᠳᠡᠭᠡᠭᠰᠢᠯᠡᠭᠦᠯᠪᠡ︔ ᠬᠤᠶᠠᠷ ᠲᠤ᠂ ᠤᠯᠤᠰ ᠤᠨ ᠪᠠ ᠮᠤᠵᠢ ᠶᠢᠨ ᠵᠠᠮ᠂ ᠬᠤᠲᠠ ᠶᠢᠨ ᠲᠣᠭᠤᠷᠢᠭ ᠤᠨ ᠭᠤᠣᠯᠳᠠᠯᠭ᠎ᠠ ᠲᠠᠢ ᠵᠠᠮ ᠤᠨ ᠬᠡᠰᠡᠭ ᠲᠤ ᠪᠠᠶᠢᠴᠠᠭᠠᠬᠤ ᠴᠢᠭ ᠭᠠᠷᠭᠠᠵᠤ᠂ ᠴᠠᠭᠳᠠᠨ ᠪᠠᠶᠢᠴᠠᠭᠠᠵᠤ ᠪᠠᠶᠢᠴᠠᠭᠠᠨ ᠰᠢᠢᠳᠪᠦᠷᠢᠯᠡᠬᠦ ᠪᠠ ᠴᠢᠭ ᠲᠣᠭᠲᠠᠭᠠᠨ ᠡᠭᠦᠷᠭᠡ ᠭᠦᠢᠴᠡᠳᠬᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ ᠵᠢᠯᠣᠭᠤᠳᠤᠭᠰᠠᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠵᠠᠮ ᠳᠤ ᠭᠠᠷᠭᠠᠨ ᠶᠠᠪᠤᠭᠤᠯᠤᠭᠰᠠᠨ᠂ ᠵᠢᠯᠣᠭᠤᠴᠢ ᠨᠢ ᠠᠮᠤᠷ ᠲᠦᠪᠰᠢᠨ ᠤ ᠪᠦᠰᠡ ᠪᠠᠨ ᠦᠯᠦ ᠪᠦᠰᠡᠯᠡᠭᠰᠡᠨ᠂ ᠠᠮᠤᠷ ᠲᠦᠪᠰᠢᠨ ᠤ ᠮᠠᠯᠠᠭᠠᠢ ᠪᠠᠨ ᠦᠯᠦ ᠵᠡᠭᠦᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ ᠰᠢᠢᠳᠪᠦᠷᠢᠯᠡᠪᠡ︔ ᠭᠤᠷᠪᠠ ᠳᠤ᠂ ︽ᠤᠶᠤᠨᠲᠤ ᠵᠠᠮ ᠬᠠᠷᠢᠯᠴᠠᠭ᠎ᠠ︾᠎ ᠶᠢᠨ ᠵᠢᠯᠣᠭᠤᠳᠬᠤ ᠲᠠᠪᠴᠠᠩ᠂ ᠰᠢᠯᠵᠢᠮᠡᠯ ᠬᠤᠷᠳᠤᠴᠠ ᠬᠡᠮᠵᠢᠬᠦ ᠬᠡᠮᠵᠢᠭᠦᠷᠯᠢᠭ ᠵᠡᠷᠭᠡ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠪᠠᠷ ᠳᠠᠮᠵᠢᠭᠤᠯᠤᠨ᠂ ᠤᠯᠠᠭᠠᠨ ᠳ᠋ᠧᠩ ᠠᠴᠠ ᠭᠡᠲᠦᠯᠬᠦ᠂ ᠬᠠᠤᠯᠢ ᠠᠴᠠ ᠵᠥᠷᠢᠴᠡᠨ ᠡᠷᠢᠶᠡᠨ ᠱᠤᠭᠤᠮ ᠳᠤ ᠵᠠᠮ ᠥᠯᠥ ᠲᠠᠯᠪᠢᠬᠤ᠂ ᠬᠤᠷᠳᠤᠴᠠ ᠬᠡᠲᠦᠷᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠷᠭᠦᠯᠵᠢᠯᠡᠨ ᠴᠢᠩᠭ᠎ᠠ ᠪᠠᠶᠢᠴᠠᠭᠠᠨ ᠬᠦᠨᠳᠦ ᠪᠠᠷ ᠰᠢᠢᠳᠪᠦᠷᠢᠯᠡᠪᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号