ᠭᠤᠸ᠎ᠠ | ᠤᠯᠠᠮᠵᠢᠯᠠᠯᠲᠤ ᠠᠵᠤ ᠦᠢᠯᠡᠰ ᠨᠢ ᠰᠢᠨ᠎ᠡ ᠶᠢ ᠡᠭᠦᠳᠬᠦ ᠪᠠᠷ ᠳᠠᠮᠵᠢᠨ ᠳᠡᠰ ᠳᠡᠪᠰᠢᠭᠦ ᠴᠢᠬᠤᠯᠠ ᠲᠠᠢ ᠶᠤᠮ᠃ | ᠦᠨᠦᠳᠦᠷ᠂ ᠮᠠᠯ ᠰᠥᠷᠥᠭ ᠢᠶᠠᠨ ᠪᠠᠯᠴᠢᠭᠡᠷᠯᠡᠭᠦᠯᠦᠨ ᠮᠠᠯᠵᠢᠬᠤ ᠤᠯᠠᠮᠵᠢᠯᠠᠯ ᠤᠨ ᠬᠡᠯᠪᠡᠷᠢ ᠠᠴᠠ ᠪᠠᠨ | ᠬᠡᠪᠴᠢᠶᠡᠵᠢᠬᠦᠯᠦᠨ ᠳᠡᠵᠢᠭᠡᠨ ᠦᠷᠡᠵᠢᠭᠦᠯᠬᠦ᠂ ᠪᠠᠷᠢᠮᠵᠢᠶᠠᠵᠢᠭᠤᠯᠤᠨ ᠳᠡᠵᠢᠭᠡᠨ ᠦᠷᠡᠵᠢᠭᠦᠯᠬᠦ ᠶᠢᠨ ᠰᠢᠨ᠎ᠡ ᠶᠢ | ᠡᠭᠦᠳᠴᠦ᠂ ᠳᠡᠵᠢᠭᠡᠨ ᠦᠷᠡᠵᠢᠭᠦᠯᠬᠦ ᠬᠡᠪᠴᠢᠶ᠎ᠠ ᠪᠤᠯᠤᠨ ᠳᠡᠵᠢᠭᠡᠨ ᠦᠷᠡᠵᠢᠭᠦᠯᠬᠦ ᠶᠢᠨ ᠦᠷ᠎ᠠ ᠠᠰᠢᠭ ᠢ ᠵᠡᠷᠭᠡᠪᠡᠷ | ᠠᠬᠢᠭᠤᠯᠵᠤ ᠪᠤᠢ᠃ ᠡᠭᠦᠨ ᠤ ᠤᠯᠠᠮ ᠠᠴᠠ ᠳᠡᠵᠢᠭᠡᠨ ᠦᠷᠡᠵᠢᠭᠦᠯᠬᠦ ᠳᠤᠭ᠎ᠠ ᠬᠡᠮᠵᠢᠶ᠎ᠠ ᠪᠤᠯᠤᠨ ᠮᠠᠯ ᠤᠨ ᠠᠰᠢᠭ | ᠰᠢᠮ᠎ᠠ ᠶᠢᠨ ᠶᠠᠰᠤ ᠴᠢᠨᠠᠷ ᠶᠡᠭᠡ ᠪᠠᠷ ᠳᠡᠭᠡᠭᠰᠢᠯᠡᠭᠦ ᠬᠤᠪᠢᠷᠠᠯᠳᠠ ᠭᠠᠷᠴᠦ᠂ ᠤᠯᠠᠮᠵᠢᠯᠠᠯᠳᠤ ᠠᠷᠭ᠎ᠠ ᠬᠡᠯᠪᠡᠷᠢ ᠠᠴᠠ ᠪᠠᠨ | ᠤᠳᠤᠬᠢᠴᠢᠯᠠᠯᠳᠠ ᠳᠠᠶᠢᠰᠢ ᠬᠤᠪᠢᠷᠠᠭᠤᠯᠬᠤ ᠵᠠᠩᠬᠢᠯᠠᠭ᠎ᠠ ᠶᠢᠨ ᠴᠠᠭ ᠦᠶ᠎ᠠ ᠳᠤ ᠤᠷᠤᠵᠤ᠂ ᠰᠢᠨᠵᠢᠯᠡᠭᠦ | ᠤᠬᠠᠭᠠᠨᠴᠢ ᠪᠠᠷ ᠮᠠᠯᠵᠢᠬᠤ ᠶᠢᠨ ᠴᠢᠬᠤᠯᠠ ᠠᠴᠢ ᠬᠤᠯᠪᠤᠭᠳᠠᠯ ᠢ ᠤᠯᠵᠤ ᠬᠠᠷᠠᠯ᠎ᠠ᠃ | ᠮᠠᠯ ᠤᠨ ᠠᠰᠢᠭ ᠰᠢᠮ᠎ᠠ ᠪᠤᠯ ᠬᠦᠮᠦᠨ ᠲᠦᠷᠦᠯᠬᠢᠳᠡᠨ ᠤ ᠴᠢᠬᠤᠯᠠ ᠢᠳᠡᠭᠡᠨ ᠤ ᠢᠷᠡᠯᠳᠡ ᠪᠤᠯᠤᠨ᠎ᠠ᠃ ᠬᠦᠮᠦᠰ | ᠨᠢᠭᠡᠨᠳᠡ ᠮᠠᠯ ᠤᠨ ᠠᠰᠢᠭ ᠰᠢᠮ᠎ᠠ ᠶᠢᠨ ᠰᠢᠮ᠎ᠠ ᠳᠡᠵᠢᠭᠡᠯ ᠤᠨ ᠴᠢᠬᠤᠯᠠ ᠴᠢᠨᠠᠷ᠂ ᠠᠮᠤᠷ ᠲᠦᠪᠰᠢᠨ ᠤ | ᠪᠠᠳᠤᠯᠠᠭ᠎ᠠ ᠳᠤ ᠬᠦᠢᠴᠡᠳ ᠳᠠᠨᠢᠯᠳᠠ ᠲᠠᠢ ᠪᠤᠯᠵᠤ᠂ ᠵᠠᠬ᠎ᠠ ᠳᠡᠯᠭᠡᠭᠦᠷ ᠳᠡᠭᠡᠷ᠎ᠡ ᠨᠡᠩ ᠤᠯᠠᠨ ᠮᠠᠯ ᠤᠨ ᠠᠰᠢᠭ | ᠰᠢᠮ᠎ᠠ ᠶᠢᠨ ᠪᠦᠳᠦᠭᠡᠭᠳᠡᠭᠦᠨ ᠱᠠᠭᠠᠷᠳᠠᠭᠳᠠᠵᠤ ᠪᠤᠢ᠃ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ | ᠳᠤᠯᠭᠠᠭᠤᠷᠢᠯᠠᠯ ᠲᠠᠢ ᠪᠠᠶᠠᠠᠨᠠᠭᠤᠷ ᠬᠤᠳᠠ ᠶᠢᠨ ᠮᠢᠬᠠᠨ ᠤ ᠬᠤᠨᠢ ᠳᠡᠵᠢᠭᠡᠨ ᠦᠷᠡᠵᠢᠭᠦᠯᠬᠦ ᠠᠵᠤ ᠦᠢᠯᠡᠰ ᠨᠢ ᠮᠠᠨ ᠤ | ᠤᠷᠤᠨ ᠤ ᠬᠤᠨᠢᠨ ᠤ ᠠᠵᠤ ᠦᠢᠯᠡᠰ ᠤᠨ ᠬᠦᠭᠵᠢᠯᠳᠡ ᠳᠤ ᠰᠢᠨ᠎ᠠ ᠭᠡᠪ ᠵᠠᠭᠪᠤᠷ ᠬᠠᠩᠭᠠᠨ ᠦᠭᠴᠦ᠂ ᠪᠦᠬᠦ | ᠬᠤᠳᠠ ᠶᠢᠨ ᠤᠯᠠᠩᠬᠢ ᠠᠵᠤ ᠠᠬᠤᠢᠢᠯᠠᠯ ᠵᠢᠴᠢ ᠮᠠᠯᠴᠢᠨ ᠳᠠᠷᠢᠶᠠᠴᠢᠨ ᠤ ᠳᠤᠰᠬᠠᠢ ᠬᠤᠷᠰᠢᠶ᠎ᠠ ᠰᠢᠨᠵᠢᠯᠡᠭᠦ | ᠤᠬᠠᠭᠠᠨᠴᠢ ᠪᠠᠷ ᠮᠢᠬᠠᠨ ᠤ ᠬᠤᠨᠢ ᠳᠡᠵᠢᠭᠡᠨ ᠦᠷᠡᠵᠢᠭᠦᠯᠵᠤ ᠪᠤᠢ᠃ | ︽ᠬᠡᠷ ᠤᠨ ᠬᠦᠷᠦᠩᠭᠡ ᠲᠦᠮᠡ ᠮᠢᠩᠭ᠎ᠠ ᠠᠪᠠᠴᠦ ᠦᠰᠤ ᠲᠠᠢ ᠶᠢ ᠨᠢ ᠳᠤᠭᠠᠨ ᠳᠤ ᠦᠯᠦ ᠤᠷᠤᠭᠤᠯᠤᠮᠤᠢ︾ | ᠭᠡᠳᠡᠭ ᠦᠭᠡ ᠶᠠᠷᠢᠭᠳᠠᠭᠠᠳ ᠢᠷᠡᠵᠡᠢ᠃ ᠤᠳᠤ ᠦᠶ᠎ᠠ ᠳᠤ ᠮᠠᠯ ᠰᠥᠷᠥᠭ ᠢᠶᠠᠨ ᠰᠢᠨᠵᠢᠯᠡᠭᠦ ᠤᠬᠠᠭᠠᠨᠴᠢ ᠪᠠᠷ | ᠮᠠᠯᠵᠢᠵᠤ ᠪᠠᠶᠢᠭ᠎ᠠ ᠤᠴᠢᠷ ᠡᠨᠡ ᠠᠰᠠᠭᠤᠳᠠᠯ ᠠᠴᠠ ᠪᠦᠷᠢᠮᠦᠰᠤᠨ ᠵᠠᠶᠢᠯᠠᠰᠬᠢᠵᠤ ᠴᠢᠳᠠᠬᠤ ᠠᠵᠢ᠃ | ᠠᠵᠤ ᠠᠬᠤᠶ ᠶᠢᠨ ᠬᠥᠭᠵᠢᠯᠲᠡ ᠨᠢ ᠪᠦᠬᠦ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠱᠠᠭᠠᠷᠳᠠᠨ᠎ᠠ᠃ ᠪᠤᠳᠠᠳᠠᠢ ᠳᠤ᠂ ᠪᠠᠶᠠᠠᠨᠠᠭᠤᠷ ᠬᠤᠳᠠ ᠶᠢᠨ ᠵᠦᠪᠭᠡᠨ 5% ᠶᠢᠨ ᠮᠠᠯᠴᠢᠨ | ᠳᠠᠷᠢᠶᠠᠴᠢᠨ ᠡᠷᠦᠭᠡ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠢ ᠠᠰᠢᠬᠯᠠᠨ ᠮᠠᠯ ᠠᠵᠤ ᠠᠬᠤᠢ ᠪᠠᠨ ᠴᠤᠭᠴᠠᠯᠠᠵᠤ | ᠪᠠᠶᠢᠨ᠎ᠠ᠃ ᠪᠤᠷᠤᠳᠤᠬᠤᠢ ᠶᠢᠨ ᠤᠰᠤᠯᠠᠯᠳᠠ ᠶᠢᠨ ᠨᠦᠭᠦᠴᠡᠯ ᠲᠠᠢ ᠦᠷᠭᠡᠨ ᠤᠯᠠᠨ ᠮᠠᠯᠴᠢᠨ ᠳᠠᠷᠢᠶᠠᠴᠢᠨ ᠴᠦ | ᠰᠢᠨᠵᠢᠯᠡᠭᠦ ᠤᠬᠠᠭᠠᠨᠴᠢ ᠪᠠᠷ ᠬᠤᠨᠢ ᠳᠠᠵᠢᠭᠡᠨ ᠦᠷᠡᠵᠢᠭᠦᠯᠬᠦ ᠨᠦᠭᠦᠴᠡᠯ ᠪᠤᠯᠤᠮᠵᠢ ᠪᠦᠷᠢᠨ ᠪᠤᠢ᠂ ᠭᠡᠷᠪᠡ ᠪᠠᠶᠠᠠᠨᠠᠭᠤᠷ | ᠬᠤᠳᠠ ᠶᠢᠨ ᠬᠤᠨᠢ ᠮᠠᠯᠵᠢᠬᠤ ᠪᠦᠬᠦᠢ ᠮᠠᠯᠴᠢᠨ ᠳᠠᠷᠢᠶᠠᠴᠢᠨ ᠡᠷᠦᠭᠡ ᠪᠤᠯᠭᠠᠨ ᠰᠢᠨᠵᠢᠯᠡᠭᠦ ᠤᠬᠠᠭᠠᠨᠴᠢ ᠪᠠᠷ ᠮᠠᠯᠵᠢᠪᠠᠯ | ᠂ ᠴᠢᠨᠠᠭᠰᠢᠯᠠᠨ ᠪᠦᠬᠦ ᠤᠷᠤᠨ ᠤ ᠮᠠᠯᠴᠢᠨ ᠳᠠᠷᠢᠶᠠᠴᠢᠨ ᠡᠷᠦᠭᠡ ᠪᠤᠯᠭᠠᠨ ᠰᠢᠨᠵᠢᠯᠡᠭᠦ ᠤᠬᠠᠭᠠᠨᠴᠢ ᠪᠠᠷ ᠮᠠᠯ ᠮᠠᠯᠵᠢᠪᠠᠯ᠂ | ᠮᠠᠨ ᠤ ᠤᠷᠤᠨ ᠤ ᠮᠠᠯ ᠠᠵᠤ ᠠᠬᠤᠢ ᠶᠢᠨ ᠨᠡᠩ ᠶᠡᠭᠡ ᠬᠦᠭᠵᠢᠯᠳᠡ ᠶᠢ ᠠᠪᠴᠢᠷᠠᠬᠤ ᠪᠤᠯᠤᠨ᠎ᠠ᠂ ᠮᠠᠨ ᠤ ᠤᠷᠤᠨ ᠤ | ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠨᠡᠩ ᠥᠨᠳᠥᠷ ᠳᠡᠰ ᠳᠠᠪᠬᠤᠷᠭ᠎ᠠ ᠳᠤ ᠬᠦᠷᠴᠦ ᠴᠢᠳᠠᠬᠤ | ᠪᠤᠯᠤᠨ᠎ᠠ᠃ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |