ᠵᠦᠪ ᠶᠠᠷᠢᠶ᠎ᠠ ᠬᠡᠯᠡᠯᠴᠡᠭᠡᠨ ᠤ ᠤᠲᠤᠷᠢᠲᠤᠮᠵᠢ ᠶᠢ ᠪᠠᠷᠢᠮᠲᠠᠯᠠᠵᠦ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠶ᠎ᠠ
ᠨᠡᠶᠢᠲᠡᠯᠡᠭᠰᠡᠨ ᠴᠠᠭ᠄
2021/8/4
ᠸᠠᠩ ᠰᠢᠤᠸᠠᠢ ᠹᠸᠡᠭ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠤᠯ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠪᠤᠯᠤᠨ᠎ᠠ᠂ ᠲᠤᠮᠲᠠᠲᠦ ᠶᠢᠨ ᠦᠨᠲᠦᠰᠦᠳᠡᠨ ᠤ ᠠᠭᠤᠤ ᠶᠡᠭᠡ ᠰᠡᠷᠬᠦᠨ ᠮᠠᠨᠲᠤᠯᠲᠠ ᠳᠤ ᠰᠠᠭᠤᠷᠢᠯᠠᠬᠰᠠᠨ ᠠᠯᠤᠰ ᠭᠡᠲᠦ ᠶᠢᠨ ᠪᠤᠲᠤᠯᠭ᠎ᠠ᠂ ᠦᠨᠲᠦᠰᠦ ᠪᠠᠨ ᠪᠠᠬᠢᠵᠢᠬᠦᠯᠬᠦ ᠪᠤᠳᠤᠯᠭ᠎ᠠ ᠪᠤᠯᠤᠨ᠎ᠠ᠃ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠴᠢᠬᠤᠯᠠ ᠰᠠᠭᠤᠷᠢᠨ ᠪᠤᠯᠤᠬᠰᠠᠨ ᠤ ᠬᠤᠪᠢ ᠳᠤ᠂ ᠡᠷᠭᠡᠪᠰᠢ ᠨᠠᠮ ᠤᠨ ᠤᠲᠤᠷᠢᠲᠤᠯᠭ᠎ᠠ ᠶᠢ ᠪᠠᠷᠢᠮᠲᠠᠯᠠᠬᠤ ᠡᠨᠡ ᠬᠦ ᠦᠨᠲᠦᠰᠦᠨ ᠪᠠᠲᠤᠯᠠᠭ᠎ᠠ ᠪᠠ ᠤᠯᠤᠰ ᠤᠨ ᠬᠠᠮᠤᠭ ᠤᠨ ᠶᠡᠭᠡ ᠠᠰᠢᠭ ᠲᠤᠰᠠ ᠶᠢ ᠪᠠᠷᠢᠮᠲᠠᠯᠠᠬᠤ᠂ ᠲᠤᠮᠲᠠᠲᠦ ᠶᠢᠨ ᠦᠨᠲᠦᠰᠦᠳᠡᠨ ᠤ ᠬᠠᠮᠲᠦ ᠶᠢᠨ ᠴᠤᠭᠴᠠ ᠶᠢᠨ ᠦᠵᠡᠯ ᠤᠬᠠᠮᠰᠠᠷ ᠢ ᠪᠠᠬᠢᠵᠢᠬᠦᠯᠬᠦ᠂ ᠦᠨᠲᠦᠰᠦᠳᠡᠨ ᠨᠦᠭᠦᠳ ᠤᠨ ᠬᠠᠮᠲᠦ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠬᠤ ᠦᠨᠲᠦᠷᠴᠡ ᠠᠴᠠ᠂ ᠲᠤᠮᠲᠠᠲᠦ ᠶᠢᠨ ᠦᠨᠲᠦᠰᠦᠳᠡᠨ ᠤ ᠠᠭᠤᠤ ᠶᠡᠭᠡ ᠰᠡᠷᠬᠦᠨ ᠮᠠᠨᠲᠤᠯᠲᠠ ᠶᠢ ᠪᠡᠶᠡᠯᠡᠬᠦᠯᠬᠦ ᠦᠨᠲᠦᠷᠴᠡ ᠠᠴᠠ᠂ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢ ᠭᠤᠶᠢᠪᠢᠰᠢ ᠦᠬᠡᠢ ᠪᠠᠷᠢᠮᠲᠠᠯᠠᠵᠦ᠂ ᠤᠯᠤᠰ ᠤᠨ ᠲᠦᠷᠦ ᠶᠢᠨ ᠪᠤᠲᠤᠯᠭ᠎ᠠ ᠶᠢᠨ ᠨᠠᠶᠢᠳᠠᠪᠤᠷᠢᠵᠢᠭᠤᠯᠤᠭᠳᠠᠬᠤ ᠶᠢ ᠬᠦᠴᠦᠳᠡᠢ ᠪᠦᠭᠡᠳ ᠪᠦᠲᠦᠮᠵᠢᠳᠡᠢ ᠡᠷᠡᠰ ᠬᠠᠮᠠᠭᠠᠯᠠᠨ᠎ᠠ᠃ᠲᠤᠭ ᠢ ᠦᠨᠲᠦᠷ ᠮᠠᠨᠲᠤᠭᠤᠯᠵᠦ᠂ ᠶᠠᠷᠢᠶ᠎ᠠ ᠬᠡᠯᠡᠯᠴᠡᠭᠡ ᠶᠢ ᠬᠦᠳᠦᠯᠦᠨ ᠲᠠᠭᠠᠭᠤᠯᠤᠨ᠎ᠠ᠃ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠨᠢ ᠦᠨᠲᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠠᠰᠢᠬᠲᠠᠢ᠂ ᠦᠨᠲᠦᠰᠦᠳᠡᠨ ᠤ ᠭᠠᠵᠠᠷ ᠤᠷᠤᠨ ᠤ ᠬᠦᠭᠵᠢᠯᠳᠡ ᠲᠠᠪᠰᠢᠯᠲᠠ ᠳᠤ ᠠᠰᠢᠭᠲᠠᠢ᠂ ᠲᠤᠮᠲᠠᠲᠦ ᠶᠢᠨ ᠦᠨᠲᠦᠰᠦᠳᠡᠨ ᠤ ᠬᠠᠮᠲᠦ ᠶᠢᠨ ᠴᠤᠭᠴᠠ ᠶᠢᠨ ᠲᠠᠨᠢᠯᠲᠠ ᠶᠢ ᠪᠠᠬᠢᠵᠢᠬᠦᠯᠬᠦ ᠳᠤ ᠠᠰᠢᠬᠲᠠᠢ ᠪᠠᠶᠢᠵᠤ᠂ ᠨᠠᠮ ᠤᠨ ᠲᠦᠪ ᠬᠤᠷᠢᠶᠠᠨ ᠤ ᠦᠨᠲᠦᠰᠦᠳᠡᠨ ᠤ ᠭᠠᠵᠠᠷ ᠤᠷᠤᠨ ᠤ ᠠᠯᠤᠰ ᠬᠡᠲᠦ ᠶᠢᠨ ᠬᠦᠭᠵᠢᠯᠳᠡ ᠶᠢ ᠠᠬᠢᠭᠤᠯᠬᠤ᠂ ᠦᠨᠲᠦᠰᠦᠳᠡᠨ ᠤ ᠭᠠᠵᠠᠷ ᠤᠷᠤᠨ ᠤ ᠪᠦᠬᠦ ᠤᠯᠤᠰ ᠯᠤᠭ᠎ᠠ ᠢᠵᠢᠯᠢ ᠠᠯᠬᠤᠮ ᠢᠶᠠᠷ ᠤᠲᠤᠬᠢᠴᠢᠯᠠᠬᠤ ᠶᠢ ᠪᠠᠲᠤᠯᠠᠬᠤ ᠴᠢᠬᠤᠯᠠ ᠰᠢᠢᠳᠪᠦᠷᠢᠲᠦ ᠪᠠᠶᠢᠷᠢᠯᠠᠭᠤᠯᠤᠯᠲᠠ ᠪᠤᠯᠤᠨ᠎ᠠ᠂ ᠲᠤᠮᠲᠠᠲᠦ ᠤᠯᠤᠰ ᠤᠨ ᠤᠨᠴᠠᠯᠢᠭ ᠲᠠᠢ ᠦᠨᠲᠦᠰᠦᠳᠡᠨ ᠤ ᠠᠰᠠᠭᠤᠲᠠᠯ ᠢ ᠰᠢᠢᠳᠪᠦᠷᠢᠯᠡᠬᠦ ᠵᠦᠪ ᠵᠠᠮ ᠪᠤᠯᠤᠨ᠎ᠠ᠂ ᠦᠨᠲᠦᠰᠦᠳᠡᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠬᠦᠯᠳᠡᠷᠵᠢᠬᠦᠯᠬᠦ᠂ ᠲᠤᠮᠲᠠᠲᠦ ᠶᠢᠨ ᠦᠨᠲᠦᠰᠦᠳᠡᠨ ᠤ ᠬᠠᠮᠲᠦ ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠬᠦ ᠪᠤᠲᠠᠲᠠᠢ ᠠᠵᠢᠯᠯᠠᠭ᠎ᠠ ᠪᠠ ᠦᠢᠯᠡᠲᠦᠯᠭᠡ ᠪᠤᠯᠤᠨ᠎ᠠ᠃ ᠨᠠᠮ ᠤᠨ ᠰᠤᠨᠢᠨ ᠮᠡᠳᠡᠭᠡᠨ ᠤ ᠵᠠᠭᠤᠴᠢᠯᠠᠭᠤᠷ ᠪᠤᠯᠤᠬᠰᠠᠨ ᠤ ᠬᠤᠪᠢ ᠳᠤ᠂ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠲᠤᠭ ᠲᠡᠮᠳᠡᠭ ᠲᠤᠲᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠵᠤᠷᠢᠯᠲᠠ ᠪᠠᠷ ᠶᠠᠷᠢᠶ᠎ᠠ ᠬᠡᠯᠡᠯᠴᠡᠭᠡ ᠶᠢ ᠬᠦᠳᠦᠯᠦᠨ ᠲᠠᠭᠠᠭᠤᠯᠤᠨ᠎ᠠ᠃ ᠤᠯᠤᠰ ᠲᠦᠷᠦ ᠶᠢᠨ ᠦᠨᠲᠦᠷᠴᠡ ᠠᠴᠠ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢᠨ ᠴᠢᠬᠤᠯᠠ ᠴᠢᠨᠠᠷ ᠢ ᠬᠦᠨᠵᠡᠬᠡᠢ ᠲᠠᠶᠢᠯᠪᠦᠷᠢᠯᠠᠵᠦ᠂ ᠲᠡᠦᠭᠡ ᠶᠢᠨ ᠤᠳᠬ᠎ᠠ ᠠᠭᠤᠯᠭ᠎ᠠ ᠠᠴᠠ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠲᠤᠯᠭ᠎ᠠ ᠶᠢᠨ ᠠᠯᠤᠰ ᠬᠡᠲᠦ ᠶᠢᠨ ᠲᠤᠩᠭᠠᠯᠲᠠ ᠶᠢ ᠲᠤᠲᠤᠷᠬᠠᠢ ᠲᠠᠶᠢᠯᠪᠦᠷᠢᠯᠠᠵᠦ᠂ ᠵᠦᠪ ᠶᠠᠷᠢᠶ᠎ᠠ ᠬᠡᠯᠡᠯᠴᠡᠬᠡᠨ ᠤ ᠤᠲᠤᠷᠢᠲᠤᠮᠵᠢ ᠶᠢᠨ ᠲᠤᠭ ᠢ ᠦᠨᠲᠦᠷ ᠮᠠᠨᠲᠤᠭᠤᠯᠵᠦ᠂ ᠦᠨᠲᠦᠰᠦᠳᠡᠨ ᠨᠦᠭᠦᠳ ᠤᠨ ᠠᠷᠠᠳ ᠲᠦᠮᠡᠨ ᠤ ᠬᠠᠮᠲᠦ ᠪᠠᠷ ᠪᠦᠯᠬᠦᠮᠳᠡᠨ ᠲᠡᠮᠡᠴᠡᠵᠦ᠂ ᠬᠠᠮᠲᠦ ᠪᠠᠷ ᠴᠡᠴᠡᠭᠯᠡᠨ ᠬᠦᠭᠵᠢᠬᠦ ᠬᠠᠮᠲᠦ ᠶᠢᠨ ᠲᠠᠨᠢᠯᠲᠠ ᠶᠢ ᠲᠡᠭᠡᠭᠰᠢᠯᠡᠬᠦᠯᠵᠦ ᠂ ᠦᠪᠦᠷ ᠮᠤᠩᠭᠤᠯ ᠤᠨ ᠪᠦᠯᠬᠦᠮᠳᠡᠯ ᠲᠤᠭᠲᠠᠭᠤᠨ ᠬᠦᠭᠵᠢᠯᠳᠡ ᠶᠢ ᠠᠬᠢᠭᠤᠯᠬᠤ ᠴᠢᠬᠤᠯᠠ ᠶᠡᠭᠡ ᠬᠦᠴᠦᠨ ᠢ ᠪᠦᠷᠢᠯᠲᠦᠬᠦᠯᠦᠨ᠎ᠠ᠃ᠠᠯᠳᠠᠭ᠎ᠠ ᠪᠤᠷᠤᠭᠤ ᠶᠢ ᠲᠤᠳᠤᠷᠬᠠᠢᠢᠯᠠᠵᠦ᠂ ᠵᠦᠪ ᠪᠤᠷᠤᠭᠤ ᠶᠢ ᠢᠯᠭᠠᠵᠦ ᠦᠭᠭᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠰᠠᠭᠤᠷᠢ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠰᠢᠶ᠋ᠳᠪᠦᠷᠢᠲᠦ ᠪᠣᠳᠣᠯᠭ᠎ᠠ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠶᠢᠨ ᠵᠠᠶᠢᠯᠠᠰᠢ ᠦᠭᠡᠢ ᠠᠷᠭ᠎ᠠ ᠬᠡᠮᠵᠢᠶ᠎ᠡ ᠮᠥᠨ᠃ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠣᠭᠰᠣᠯᠲᠠ ᠪᠠᠨ ᠪᠠᠳᠤ ᠪᠠᠶᠢᠯᠭᠠᠵᠤ᠂ ᠲᠤᠭ ᠲᠡᠮᠳᠡᠭ ᠢᠶᠠᠨ ᠲᠤᠳᠤᠷᠬᠠᠢ ᠪᠠᠶᠢᠯᠭᠠᠨ᠂ ᠠᠯᠳᠠᠭ᠎ᠠ ᠪᠤᠷᠤᠭᠤ ᠶᠢ ᠡᠷᠡᠰ ᠲᠣᠳᠣᠷᠬᠠᠶᠢᠯᠠᠵᠤ᠂ ᠵᠥᠪ ᠪᠤᠷᠤᠭᠤ ᠶᠢ ᠡᠷᠡᠰ ᠢᠯᠭᠠᠨ ᠲᠠᠨᠢᠭᠤᠯᠤᠨ᠎ᠠ᠃ ᠲᠦᠷᠦ ᠶᠢᠨ ᠪᠤᠳᠤᠯᠭ᠎ᠠ ᠪᠠ ᠤᠨᠤᠯ ᠤᠨ ᠲᠠᠯ᠎ᠠ ᠪᠠᠷ ᠰᠡᠵᠢᠭ ᠢ ᠲᠠᠶᠢᠯᠵᠦ᠂ ᠠᠮᠢᠳᠤ ᠴᠣᠪᠣᠭᠤᠯᠢᠭ ᠮᠡᠳᠡᠭᠡᠯᠡᠯ ᠢᠶᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠣᠯ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠲᠣᠭᠲᠠᠭᠠᠯ ᠮᠥᠨ ᠭᠡᠳᠡᠭ ᠢ ᠤᠯᠠᠨ ᠲᠦᠮᠡᠨ ᠳᠤ ᠲᠣᠳᠣᠷᠬᠠᠶ ᠶᠠᠷᠢᠵᠤ ᠦᠭᠬᠦ ᠬᠡᠷᠡᠭᠳᠡᠢ︔ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠬᠤ ᠪᠠᠷ ᠬᠦᠴᠦᠯᠡᠨ ᠴᠢᠷᠮᠠᠶᠢᠵᠦ ᠪᠠᠶᠢᠬᠤ ᠶᠢ ᠲᠣᠳᠣᠷᠬᠠᠶ ᠶᠠᠷᠢᠵᠦ ᠦᠭᠬᠦ ᠬᠡᠷᠡᠭᠳᠡᠢ︔ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠣᠯ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠬᠦᠴᠦᠲᠡᠶ ᠠᠷᠭ᠎ᠠ ᠬᠡᠮᠵᠢᠶ᠎ᠡ ᠪᠤᠯᠤᠨ᠎ᠠ ᠭᠡᠳᠡᠭ ᠢ ᠲᠣᠳᠣᠷᠬᠠᠶ ᠶᠠᠷᠢᠵᠤ ᠦᠭᠬᠦ ᠬᠡᠷᠡᠭᠳᠡᠢ︔ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠣᠯ ᠵᠡᠷᠭᠡᠴᠡᠭᠡ ᠬᠠᠷᠢᠴᠠᠭ᠎ᠠ ᠪᠢᠰᠢ᠂ ᠭᠡᠪᠡᠴᠦ ᠬᠤᠶᠠᠭᠤᠯᠠ ᠶᠢ ᠵᠡᠷᠭᠡ ᠪᠠᠷ ᠬᠡᠷᠡᠭᠯᠡᠬᠦ ᠨᠢ ᠬᠠᠷᠰᠢᠯᠳᠤᠬᠤ ᠦᠭᠡᠶ ᠭᠡᠳᠡᠭ ᠢ ᠲᠤᠳᠤᠷᠬᠠᠢ ᠶᠠᠷᠢᠵᠦ ᠦᠭᠬᠦ ᠬᠡᠷᠡᠭᠳᠡᠢ︔ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢ ᠬᠠᠷᠰᠢᠯᠠᠵᠤ ᠪᠣᠯᠬᠤ ᠦᠭᠡᠢ ᠭᠡᠳᠡᠭ ᠢ ᠲᠣᠳᠣᠷᠬᠠᠶ ᠶᠠᠷᠢᠵᠤ ᠦᠭᠬᠦ ᠬᠡᠷᠡᠭᠳᠡᠢ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠬᠤ ᠪᠠᠷ ᠳᠠᠮᠵᠢᠭᠤᠯᠤᠨ᠂ ᠤᠨᠤᠯ ᠶᠤᠰᠤ ᠵᠦᠢ ᠪᠠᠷ ᠰᠡᠵᠢᠭ ᠢ ᠠᠯᠳᠠᠷᠠᠭᠠᠵᠤ᠂ ᠤᠴᠢᠷ ᠶᠠᠪᠤᠳᠠᠯ ᠢ ᠵᠠᠳᠠᠯᠵᠤ ᠶᠣᠰᠣ ᠤᠴᠢᠷ ᠢ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠶᠠᠷᠢᠵᠤ᠂ ᠬᠠᠶᠢᠷ᠎ᠠ ᠰᠡᠳᠬᠢᠯᠭᠡ ᠶᠤᠰᠤ ᠵᠦᠢ ᠪᠠᠷ ᠬᠦᠮᠦᠰ ᠢ ᠬᠥᠲᠥᠯᠥᠨ ᠵᠢᠯᠣᠭᠤᠳᠴᠤ ᠪᠢᠰᠢᠷᠡᠭᠦᠯᠦᠨ᠎ᠡ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠥᠷᠭᠡᠨ ᠤᠯᠠᠨ ᠲᠦᠮᠡᠨ ᠤ ᠪᠠᠯᠠᠷᠬᠠᠶ ᠲᠠᠨᠢᠯᠲᠠ ᠶᠢ ᠲᠣᠳᠣ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠨ᠎ᠠ᠃ᠬᠡᠪ ᠰᠤᠷᠳᠠᠯ ᠢᠶᠠᠷ ᠬᠦᠮᠦᠨ ᠢ ᠬᠦᠮᠦᠵᠢᠬᠦᠯᠵᠦ᠂ ᠬᠦᠴᠦᠨ ᠴᠢᠳᠠᠯ ᠢ ᠨᠢᠬᠳᠠᠷᠠᠭᠤᠯᠤᠨ᠎ᠠ᠃ ᠲᠤᠮᠳᠠᠳᠤ ᠶᠢᠨ ᠦᠨᠳᠦᠰᠦᠲᠡᠨ ᠪᠤᠯ ᠲᠤᠮᠤ ᠬᠡᠷ ᠪᠦᠯᠢ ᠮᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠪᠤᠯ ᠴᠦᠮ ᠡᠨᠡ ᠬᠦ ᠲᠤᠮᠤ ᠬᠡᠷ ᠪᠦᠯᠢ ᠶᠢᠨ ᠬᠡᠰᠢᠭᠦᠨ ᠮᠦᠨ᠃ ᠠᠭᠤᠤ ᠶᠡᠭᠡ ᠲᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠡᠷᠭᠡᠪᠰᠢ ᠦᠨᠳᠦᠰᠦᠲᠡᠨ ᠨᠦᠭᠦᠳ ᠤᠨ ᠬᠠᠮᠲᠤ ᠶᠢᠨ ᠪᠦᠯᠬᠦᠮᠳᠡᠯ ᠤᠨ ᠬᠦᠴᠦᠨ ᠳᠤ ᠲᠦᠰᠢᠭᠯᠡᠬᠦ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠤᠯ ᠲᠠᠷᠤᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠭᠡ ᠬᠡᠯᠡ ᠦᠰᠦᠭ ᠪᠢᠴᠢᠭ ᠤᠨ ᠰᠠᠭᠠᠳ ᠲᠤᠳᠬᠠᠷ ᠢ ᠠᠷᠢᠯᠭᠠᠵᠤ᠂ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠶᠠᠪᠤᠳᠠᠯ ᠪᠤᠯᠤᠨ᠎ᠠ︔ ᠲᠠᠷᠤᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠭᠡ ᠬᠡᠯᠡ ᠨᠡᠪᠲᠡᠷᠡᠯᠴᠡᠵᠦ᠂ ᠰᠡᠳᠬᠢᠯ ᠰᠠᠨᠠᠭ᠎ᠠ ᠪᠠᠨ ᠤᠢᠢᠯᠠᠭᠠᠯᠴᠠᠵᠤ᠂ ᠤᠯᠠᠨ ᠤ ᠰᠡᠳᠬᠢᠯ ᠢ ᠲᠦᠪᠯᠡᠷᠡᠭᠦᠯᠵᠦ᠂ ᠤᠶᠤᠨ ᠰᠠᠨᠠᠭ᠎ᠠ ᠳᠡᠭᠡᠷ᠎ᠠ ᠪᠠᠨ ᠲᠦᠰᠢᠭᠯᠡᠯᠴᠡᠨ᠂ ᠬᠡᠵᠢᠶ᠎ᠡ ᠴᠤ ᠬᠡᠰᠡᠨ ᠠᠨᠠᠷ ᠤᠨ ᠦᠷ᠎ᠡ ᠰᠢᠭ ᠨᠢᠬᠳᠠᠷᠠᠨ ᠪᠦᠯᠬᠦᠮᠳᠡᠵᠦ᠂ ᠲᠤᠮᠳᠠᠳᠤ ᠶᠢᠨ ᠦᠨᠳᠦᠰᠦᠲᠡᠨ ᠤ ᠨᠡᠩ ᠪᠠᠭᠳᠠᠭᠠᠮᠵᠢᠳᠠᠢ᠂ ᠨᠡᠩ ᠨᠢᠬᠳᠠᠷᠠᠯ ᠲᠠᠢ ᠬᠤᠪᠢ ᠵᠠᠶᠠᠭᠠᠨ ᠤ ᠬᠠᠮᠲᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠬᠤ ᠪᠤᠯᠤᠨ᠎ᠠ᠃ ᠦᠪᠦᠷ ᠮᠤᠩᠭᠤᠯ ᠤᠨ ᠬᠦᠭᠵᠢᠯᠲᠡ ᠶᠢᠨ ᠲᠡᠦᠭᠡ ᠶᠢ ᠡᠷᠬᠢᠴᠡᠭᠦᠯᠭᠦᠶ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠤᠤᠷ᠎ᠠ ᠰᠠᠶ᠋ᠢ ᠦᠨᠳᠦᠰᠦᠲᠡᠨ ᠨᠦᠭᠦᠳ ᠤᠨ ᠵᠢᠩᠬᠢᠨᠢ ᠡᠷᠭᠡ ᠲᠡᠭᠰᠢ ᠶᠢ ᠪᠡᠶᠡᠯᠡᠭᠦᠯᠪᠡ︔ ᠪᠦᠬᠦ ᠤᠷᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠭᠠᠷ ᠭᠠᠷ ᠢᠶᠠᠨ ᠬᠤᠯᠪᠤᠯᠴᠠᠨ ᠬᠦᠴᠢᠷ ᠪᠡᠷᠭᠡᠰᠢᠶᠡᠯ ᠢ ᠢᠯᠠᠨ ᠲᠠᠪᠠᠭᠰᠠᠨ ᠠᠴᠠ ᠪᠢᠳᠡ ᠰᠠᠶ᠋ᠢ ᠦᠨᠦᠳᠤᠷ ᠤᠨ ᠪᠦᠯᠬᠦᠮᠳᠡᠯ ᠲᠠᠢ ᠲᠤᠬᠳᠠᠭᠤᠨ᠂ ᠴᠡᠴᠡᠭᠯᠡᠨ ᠬᠦᠭᠵᠢᠭᠰᠡᠨ ᠶᠡᠭᠡ ᠰᠠᠶᠢᠨ ᠪᠠᠶᠢᠳᠠᠯ ᠢ ᠪᠤᠢ ᠪᠤᠯᠭᠠᠪᠠ︔ ᠪᠦᠬᠦ ᠤᠷᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠴᠢᠷᠮᠠᠶᠢᠨ ᠲᠡᠮᠡᠴᠡᠭᠰᠡᠨ ᠠᠴᠠ ᠪᠢᠳᠡ ᠰᠠᠶ᠋ᠢ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠲᠡ ᠲᠠᠪᠰᠢᠯᠲᠠ ᠶᠢ ᠤᠯᠵᠤ᠂ ︽ᠵᠢᠱᠢᠶᠡᠴᠢ ᠦᠪᠡᠷᠲᠡᠭᠡᠨ ᠵᠠᠰᠠᠬᠤ ᠤᠷᠤᠨ︾᠎ ᠤ ᠡᠷᠬᠢᠮ ᠲᠡᠭᠡᠳᠦ ᠢᠷᠠᠭᠤ ᠠᠯᠳᠠᠷ ᠢᠶᠠᠨ ᠪᠠᠷᠢᠮᠳᠠᠯᠠᠬᠰᠠᠭᠠᠷ ᠢᠷᠡᠪᠡ᠃ ᠬᠦᠯᠭᠡ ᠤᠩᠭᠤᠴᠠ ᠶᠢᠨ ᠬᠦᠴᠦᠨ ᠴᠢᠳᠠᠯ ᠨᠢ ᠲᠠᠷᠪᠠᠭᠤᠯ ᠳᠠᠭᠠᠨ᠂ ᠬᠦᠮᠦᠨ ᠤ ᠬᠦᠴᠦᠨ ᠴᠢᠳᠠᠯ ᠨᠢ ᠰᠡᠳᠬᠢᠯ ᠳᠡᠭᠡᠨ ᠬᠡᠳᠡᠭ᠃ ᠦᠪᠦᠷ ᠮᠤᠩᠭᠤᠯ ᠤᠨ ᠷᠠᠳᠢᠣ᠋ ᠲᠧᠯᠧᠢᠰ ᠬᠤᠷᠢᠶ᠎ᠠ ᠪᠦᠯᠬᠦᠮᠳᠡᠯ ᠲᠠᠢ᠂ ᠲᠤᠬᠳᠠᠭᠤᠨ ᠪᠠᠶᠢᠬᠤ ᠪᠠ ᠵᠤᠷᠢᠬ ᠢᠶᠠᠨ ᠡᠷᠴᠢᠯᠡᠵᠦ ᠵᠦᠪ ᠲᠠᠯ᠎ᠠ ᠶᠢᠨ ᠤᠬᠠᠭᠤᠯᠭ᠎ᠠ ᠪᠠᠷ ᠭᠤᠤᠯ ᠪᠤᠯᠭᠠᠬᠤ ᠶᠢ ᠪᠠᠷᠢᠮᠳᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠨᠴᠠᠯᠢᠬ ᠪᠤᠯᠤᠨ ᠲᠠᠪᠠᠭᠤᠯᠢᠬ ᠢᠶᠠᠨ ᠬᠦᠢᠴᠡᠳ ᠪᠠᠳᠠᠷᠠᠭᠤᠯᠵᠤ᠂ ᠬᠦᠮᠦᠰ ᠢ ᠲᠤᠬᠳᠤᠯᠤᠭᠤᠯᠤᠮ᠎ᠠ ᠠᠮᠢᠳᠤ ᠪᠤᠳᠠᠳᠠᠢ ᠦᠢᠯᠡ ᠠᠵᠢᠯᠯᠠᠭ᠎ᠠ ᠪᠠᠷ ᠡᠯ᠎ᠡ ᠦᠨᠳᠦᠰᠦᠲᠡᠨ ᠤ ᠪᠦᠯᠬᠦᠮᠳᠡᠨ ᠲᠡᠮᠡᠴᠡᠭᠰᠡᠨ ᠦᠢᠯᠡᠳᠦᠯᠭᠡ ᠪᠤᠯᠤᠨ ᠦᠷ᠎ᠡ ᠪᠦᠲᠦᠮᠵᠢ ᠶᠢ ᠢᠯᠡᠷᠡᠭᠦᠯᠵᠤ᠂ ᠪᠦᠬᠦ ᠠᠷᠠᠳ ᠲᠦᠮᠡᠨ ᠤ ᠬᠦᠰᠡᠯᠡᠩ ᠢᠳᠡᠭᠡᠯ ᠪᠢᠰᠢᠷᠡᠯ᠂ ᠦᠷᠳᠡᠭ ᠤᠨ ᠤᠢᠢᠯᠠᠭᠠᠭᠳᠠᠬᠤᠨ᠂ ᠶᠤᠰᠤ ᠰᠤᠷᠳᠠᠬᠤᠨ ᠤ ᠤᠢᠢᠯᠠᠭᠠᠭᠳᠠᠬᠤᠨ ᠤ ᠲᠠᠯ᠎ᠠ ᠳᠤ ᠨᠢᠬᠳᠠᠷᠠᠨ ᠪᠦᠯᠬᠦᠮᠳᠡᠵᠦ᠂ ︽ᠲᠠᠪᠤᠨ ᠬᠠᠮᠲᠤ ᠶᠢᠨ ᠲᠠᠨᠢᠯᠲᠠ︾᠎ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠤᠬᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢ ᠠᠬᠢᠭᠤᠯᠵᠤ᠂ ᠲᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠰᠦᠷ ᠲᠠᠯᠠᠶᠢᠴᠠᠲᠠᠢ ᠬᠦᠴᠦᠨ ᠴᠢᠳᠠᠯ ᠢ ᠲᠦᠪᠯᠡᠷᠡᠬᠦᠯᠦᠨ᠎ᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠠᠷᠠᠳ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号