ᠪᠦᠯᠬᠦᠮᠳᠡᠯ ᠪᠣᠯ ᠲᠤᠭ ᠨᠢᠭᠲᠠᠷᠠᠯ ᠪᠣᠯ ᠬᠦᠴᠦᠨ
ᠨᠡᠶᠢᠲᠡᠯᠡᠭᠰᠡᠨ ᠴᠠᠭ᠄
2021/8/4
ᠨᠠᠷᠠᠩᠭᠤᠸ᠎ᠠᠦᠨᠳᠦᠰᠦᠳᠡᠨ ᠤ ᠠᠰᠠᠭᠤᠳᠠᠯ ᠢ ᠰᠠᠶᠢᠳᠤᠷ ᠰᠢᠢᠳᠪᠦᠷᠢᠯᠡᠵᠦ ᠦᠨᠳᠦᠰᠦᠳᠡᠨ ᠤ ᠠᠵᠢᠯ ᠢ ᠰᠠᠶᠢᠳᠤᠷ ᠬᠢᠬᠦ ᠪᠤᠯ ᠡᠭᠡ ᠤᠯᠤᠰ ᠤᠨ ᠨᠢᠭᠡᠳᠦᠯ᠂ ᠬᠢᠯᠢ ᠬᠢᠵᠠᠭᠠᠷ ᠤᠨ ᠲᠤᠭᠳᠠᠭᠤᠨ ᠲᠠᠢ ᠬᠤᠯᠪᠤᠭᠳᠠᠬᠤ ᠴᠢᠬᠤᠯᠠ ᠶᠡᠭᠡ ᠠᠰᠠᠭᠤᠳᠠᠯ ᠮᠦᠨ᠂ ᠦᠨᠳᠦᠰᠦᠳᠡᠨ ᠤ ᠪᠦᠯᠬᠦᠮᠳᠡᠯ᠂ ᠨᠡᠶᠢᠭᠡᠮ ᠤᠨ ᠲᠤᠭᠳᠠᠭᠤᠨ ᠲᠠᠢ ᠬᠤᠯᠪᠤᠭᠳᠠᠵᠤ᠂ ᠤᠯᠤᠰ ᠤᠨ ᠤᠷᠳᠤ ᠤᠳᠠᠭᠠᠨ ᠤ ᠠᠮᠤᠷ ᠲᠤᠭᠳᠠᠭᠤᠨ ᠪᠠ ᠲᠤᠮᠳᠠᠳᠤ ᠶᠢᠨ ᠦᠨᠳᠦᠰᠦᠳᠡᠨ ᠤ ᠴᠡᠴᠡᠭᠯᠡᠯ ᠬᠦᠭᠵᠢᠯ ᠲᠠᠢ ᠬᠤᠯᠪᠤᠭᠳᠠᠨ᠎ᠠ᠃ᠦᠨᠳᠦᠰᠦᠳᠡᠨ ᠨᠦᠭᠦᠳ ᠡᠷᠭᠡ ᠲᠡᠭᠰᠢ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠵᠤ ᠬᠠᠮᠳᠤ ᠪᠠᠷ ᠰᠠᠶᠢᠨ ᠰᠠᠶᠢᠬᠠᠨ ᠬᠡᠷ ᠤᠷᠤᠨ ᠢᠶᠠᠨ ᠪᠦᠳᠦᠭᠡᠨ ᠪᠠᠶᠢᠭᠤᠯᠵᠤ ᠰᠠᠬᠢᠨ ᠬᠠᠮᠠᠭᠠᠯᠠᠬᠤ ᠪᠤᠯ ᠦᠪᠦᠷ ᠮᠤᠩᠭᠤᠯ ᠤᠨ ᠤᠯᠠᠮᠵᠢᠯᠠᠯ᠂ ᠦᠪᠦᠷ ᠮᠤᠩᠭᠤᠯ ᠤᠨ ᠤᠨᠴᠠᠯᠢᠭ᠂ ᠦᠪᠦᠷ ᠮᠤᠩᠭᠤᠯ ᠤᠨ ᠲᠠᠪᠠᠭᠤᠯᠢᠭ ᠮᠦᠨ᠃ ᠮᠦᠨᠴᠦ ᠦᠪᠦᠷ ᠮᠤᠩᠭᠤᠯ ᠤᠨ ᠴᠡᠴᠡᠭᠯᠡᠯ ᠬᠦᠭᠵᠢᠯ ᠢ ᠠᠬᠢᠭᠤᠯᠵᠤ᠂ ᠤᠮᠠᠷᠠᠳᠤ ᠬᠢᠯᠢ ᠶᠢᠨ ᠠᠮᠤᠷ ᠲᠤᠭᠳᠠᠭᠤᠨ ᠤ ᠬᠠᠯᠬᠠᠪᠴᠢ ᠶᠢ ᠪᠠᠬᠢᠵᠢᠬᠦᠯᠬᠦ ᠶᠢᠨ ᠦᠨᠳᠦᠰᠦ ᠰᠠᠭᠤᠷᠢ ᠮᠦᠨ᠃ ᠶᠡᠷᠦᠩᠭᠡᠢ ᠱᠦᠵᠢ ᠰᠢ ᠶᠢᠨ ᠫᠢᠩ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠲᠡᠭᠡᠷ᠎ᠡ ᠮᠠᠨ ᠤ ᠤᠷᠤᠨ ᠤ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ ︽ᠡᠯ᠎ᠡ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠠᠯ᠎ᠡ ᠪᠠᠷ ᠦᠷᠭᠦᠯᠵᠢᠯᠡᠨ ᠡᠮᠤᠨ᠎ᠡ ᠡᠩᠨᠡᠭᠡᠨ ᠳᠤ ᠬᠤᠰᠢᠭᠤᠷᠠᠬᠤ ᠭᠡᠷᠡᠭᠳᠡᠢ︾ ᠬᠡᠵᠦ ᠴᠢᠬᠤᠯᠠᠴᠢᠯᠠᠭᠰᠠᠨ ᠨᠢ ᠮᠠᠨ ᠤ ᠤᠷᠤᠨ ᠤ ᠦᠨᠳᠦᠰᠦᠳᠡᠨ ᠤ ᠠᠵᠢᠯ ᠤᠨ ᠲᠤᠬᠠᠢ ᠬᠦᠨᠵᠡᠭᠡᠢ ᠨᠤᠳᠠᠯᠠᠯᠳᠠ ᠪᠦᠭᠡᠳ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠢᠯᠠ᠃ᠪᠦᠯᠬᠦᠮᠳᠡᠯ ᠪᠤᠯ ᠲᠤᠭᠳᠠᠭᠤᠨ ᠤ ᠰᠠᠭᠤᠷᠢ᠂ ᠢᠯᠠᠯᠳᠠ ᠶᠢᠨ ᠬᠦᠴᠦᠨ ᠮᠦᠨ᠃ ᠦᠨᠳᠦᠰᠦᠳᠡᠨ ᠤ ᠪᠦᠯᠬᠦᠮᠳᠡᠯ ᠪᠠᠶᠢᠬᠤ ᠦᠭᠡᠢ ᠪᠤᠯ ᠨᠡᠶᠢᠭᠡᠮ ᠤᠨ ᠲᠤᠭᠳᠠᠭᠤᠨ ᠪᠠᠶᠢᠵᠤ ᠴᠢᠳᠠᠬᠤ ᠦᠭᠡᠢ᠂ ᠠᠵᠤ ᠠᠬᠤᠢ ᠶᠢᠨ ᠬᠦᠭᠵᠢᠯᠳᠡ ᠴᠦ ᠪᠠᠶᠢᠵᠤ ᠴᠢᠳᠠᠬᠤ ᠦᠭᠡᠢ᠂ ᠠᠷᠠᠳ ᠤᠨ ᠠᠮᠤᠷ ᠲᠦᠪᠰᠢᠨ ᠤ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠨᠡᠩ ᠴᠦ ᠪᠠᠶᠢᠵᠤ ᠴᠢᠳᠠᠬᠤ ᠦᠭᠡᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠤᠯ ᠮᠠᠨ ᠤ ᠤᠯᠤᠰ ᠤᠨ ᠠᠩᠬᠠᠳᠠᠭᠴᠢ ᠴᠦᠭᠡᠨ ᠲᠤᠭᠠᠳᠤ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ ᠪᠠᠶᠢᠵᠤ᠂ ︽ᠤᠯᠤᠰ ᠬᠡᠷ ᠤᠨ ᠨᠢᠭᠡᠳᠦᠯ᠂ ᠠᠷᠠᠳ ᠤᠯᠠᠨ ᠤ ᠪᠦᠯᠬᠦᠮᠳᠡᠯ᠂ ᠦᠨᠳᠦᠰᠦᠳᠡᠨ ᠨᠦᠭᠦᠳ ᠤᠨ ᠪᠦᠯᠬᠦᠮᠳᠡᠯ ᠢ ᠠᠯᠢᠪᠠ ᠦᠢᠯᠡᠰ ᠤᠨ ᠢᠯᠠᠯᠳᠠ ᠤᠯᠬᠤ ᠶᠢᠨ ᠦᠨᠳᠦᠰᠦᠨ ᠪᠠᠳᠤᠯᠠᠭ᠎ᠠ︾ ᠪᠤᠯᠭᠠᠨ ᠠᠳᠬᠤᠵᠤ᠂ ᠲᠡᠭᠡᠷ᠎ᠡ ᠵᠠᠭᠤᠨ ᠤ ᠲᠠᠪᠢᠭᠠᠳ ᠤᠨ ᠤ ᠦᠶ᠎ᠡ ᠳᠤ ︽ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢᠨ ᠵᠢᠱᠢᠶᠡᠴᠢ ᠦᠪᠡᠷᠳᠡᠭᠡᠨ ᠵᠠᠰᠠᠬᠤ ᠤᠷᠤᠨ︾᠎ ᠢᠶᠠᠷ ᠨᠡᠷᠡᠶᠢᠳᠦᠭᠳᠡᠵᠡᠢ᠃ ᠤᠯᠤᠰ ᠦᠨᠳᠦᠰᠦᠳᠡᠨ ᠪᠠᠶᠢᠭᠠᠯᠢ ᠶᠢᠨ ᠭᠠᠴᠢᠭ ᠲᠤ ᠲᠤᠬᠢᠶᠠᠭᠰᠠᠨ ᠤᠨᠴᠠᠭᠠᠢ ᠴᠠᠭ ᠦᠶ᠎ᠡ ᠳᠤ ᠲᠠᠯ᠎ᠠ ᠨᠤᠳᠤᠭ ᠦᠷᠦᠪᠴᠢᠬᠡᠨ ᠬᠠᠶᠢᠷ᠎ᠠ ᠪᠠᠷ 3000 ︽ᠤᠯᠤᠰ ᠤᠨ ᠬᠡᠦᠭᠡᠳ︾᠎ ᠢ ᠦᠷᠡᠴᠢᠯᠡᠨ ᠲᠡᠵᠢᠭᠡᠭᠰᠡᠨ᠂ ᠬᠠᠮᠤᠭ ᠤᠨ ᠰᠠᠶᠢᠨ ᠨᠤᠳᠤᠭ ᠪᠡᠯᠴᠢᠭᠡᠷ ᠢᠶᠠᠨ ᠡᠭᠡ ᠤᠯᠤᠰ ᠤᠨ ᠰᠠᠨᠰᠠᠷ ᠤᠨ ᠦᠢᠯᠡᠰ ᠲᠤ ᠬᠠᠷᠠᠮ ᠦᠭᠡᠢ ᠵᠤᠷᠢᠭᠤᠯᠤᠭᠰᠠᠨ᠂ ᠡᠯ᠎ᠡ ᠦᠨᠳᠦᠰᠦᠳᠡᠨ ᠤ ᠰᠡᠭᠡᠭᠡᠳᠡᠨ ᠮᠡᠷᠭᠡᠵᠢᠯᠳᠡᠨ ᠡᠭᠡ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠵᠦ ︽ᠲᠠᠯ᠎ᠠ ᠨᠤᠳᠤᠭ ᠤᠨ ᠪᠤᠯᠤᠳ ᠬᠤᠳᠠ︾᠎ ᠶᠢ ᠪᠦᠳᠦᠭᠡᠨ ᠪᠠᠶᠢᠭᠤᠯᠤᠭᠰᠠᠨ᠂ ᠴᠡᠷᠢᠭ ᠠᠷᠠᠳ ᠬᠠᠮᠳᠤ ᠪᠠᠷ ᠬᠢᠯᠢ ᠬᠢᠵᠠᠭᠠᠷ ᠢᠶᠠᠨ ᠪᠠᠬᠢᠵᠢᠬᠦᠯᠦᠨ ᠪᠠᠳᠤᠳᠬᠠᠭᠰᠠᠨ ᠁ 70 ᠭᠠᠷᠤᠢ ᠵᠢᠯ ᠤᠨ ᠲᠤᠷᠰᠢ ᠦᠨᠳᠦᠰᠦᠳᠡᠨ ᠨᠦᠭᠦᠳ ᠤᠨ ᠤᠯᠠᠨ ᠲᠦᠮᠡᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠢᠷᠠᠭᠤ ᠠᠯᠳᠠᠷᠳᠤ ᠤᠳᠤᠮᠰᠢᠯ ᠢᠶᠠᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠵᠢᠱᠢᠶᠡᠴᠢ ᠦᠪᠡᠷᠳᠡᠭᠡᠨ ᠵᠠᠰᠠᠬᠤ ᠤᠷᠤᠨ ᠢ ᠡᠷᠡᠮᠡᠭᠡᠶᠢᠯᠡᠨ ᠪᠠᠶᠢᠭᠤᠯᠤᠨ᠎ᠠ᠃ ᠤᠳᠤ ᠦᠪᠦᠷ ᠮᠤᠩᠭᠤᠯ ᠪᠦᠬᠦ ᠤᠯᠤᠰ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠰᠠᠭᠤᠷᠢᠨ︔ ᠡᠨᠧᠷᠬᠢ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ᠂ ᠦᠩᠭᠡᠳᠦ ᠲᠡᠮᠦᠷᠯᠢᠭ ᠤᠨ ᠦᠢᠯᠡᠳᠪᠦᠷᠢᠯᠡᠯ ᠤᠨ ᠡᠳ᠋ᠰᠢᠬᠦᠯᠦᠨ ᠪᠤᠯᠪᠠᠰᠤᠷᠠᠭᠤᠯᠬᠤ ᠰᠠᠭᠤᠷᠢᠨ᠂ ︽ᠨᠢᠭᠡ ᠪᠦᠰᠡ ᠨᠢᠭᠡ ᠵᠠᠮ︾ ᠲᠠᠭᠠᠤ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠤᠷᠤᠨ ᠪᠤᠯᠵᠤ᠂ ᠡᠭᠡ ᠤᠯᠤᠰ ᠤᠨ ᠤᠮᠠᠷᠠᠰᠢ ᠨᠡᠭᠡᠭᠡᠯᠳᠡ ᠬᠢᠬᠦ ᠬᠦᠬᠦᠷᠭᠡ᠂ ᠤᠮᠠᠷᠠᠳᠤ ᠶᠢᠨ ᠴᠢᠬᠤᠯᠠ ᠪᠦᠬᠦᠢ ᠠᠮᠢ ᠠᠬᠤᠢ ᠶᠢᠨ ᠬᠠᠯᠬᠠᠪᠴᠢ ᠪᠠ ᠠᠮᠤᠷ ᠲᠤᠭᠳᠠᠭᠤᠨ ᠤ ᠬᠠᠯᠬᠠᠪᠴᠢ ᠶᠢ ᠪᠦᠳᠦᠭᠡᠨ ᠪᠠᠶᠢᠭᠤᠯᠤᠨ᠎ᠠ᠃ ᠦᠨᠳᠦᠰᠦᠳᠡᠨ ᠨᠦᠭᠦᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠳᠤ ᠪᠠᠷ ᠬᠦᠭᠵᠢᠨ ᠴᠡᠴᠡᠭᠯᠡᠬᠦ ᠵᠢᠷᠤᠭ ᠲᠦᠷᠰᠦ ᠡᠩ ᠦᠷᠭᠡᠨ ᠠᠯᠠᠱᠠ ᠠᠴᠠ ᠨᠤᠮᠢᠨ ᠨᠤᠭᠤᠭᠠᠨ ᠬᠦᠯᠦᠨ ᠪᠤᠶᠢᠷ ᠬᠦᠷᠳᠡᠯ᠎ᠡ ᠨᠡᠶᠢᠳᠡᠮ ᠬᠠᠷᠠᠭᠳᠠᠵᠤ᠂ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠤ ᠠᠮᠢᠨ ᠰᠤᠳᠠᠰᠤ ᠨᠢ ᠪᠤᠯᠤᠨ᠎ᠠ᠃ ᠨᠢᠳᠤᠨᠤᠨ᠂ ᠮᠠᠨ ᠤ ᠤᠷᠤᠨ ᠤ 27 ᠬᠠᠮᠳᠤ ᠨᠡᠶᠢᠳᠡ ᠪᠠ 33 ᠬᠦᠮᠦᠨ ᠬᠤᠪᠢ ᠬᠦᠮᠦᠨ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠤ ᠨᠡᠶᠢᠳᠡ ᠪᠠ ᠬᠤᠪᠢ ᠬᠦᠮᠦᠨ ᠢᠶᠠᠷ ᠨᠡᠷᠡᠶᠢᠳᠦᠭᠳᠡᠵᠦ᠂ ᠲᠦᠬᠦ᠋ᠢᠮ᠎ᠠ ᠨᠠᠰᠤᠳᠠᠨ ︽ᠠᠷᠠᠳ ᠤᠨ ᠵᠢᠱᠢᠶᠡᠴᠢ︾ ᠤᠯᠤᠰ ᠤᠨ ᠢᠷᠠᠭᠤ ᠠᠯᠳᠠᠷ ᠢ ᠬᠦᠷᠳᠡᠵᠦ᠂ ᠲᠠᠭᠤᠷ᠂ ᠤᠷᠴᠤᠨ᠂ ᠡᠸᠠᠩᠬᠢ ᠦᠨᠳᠦᠰᠦᠳᠡᠨ ᠤ ᠦᠭᠡ ᠬᠡᠯᠡ ᠰᠤᠶᠤᠯ ᠤᠨ ᠲᠤᠮᠤ ᠳ᠋ᠠᠶᠢᠲ᠋ᠠ ᠬᠦᠮᠦᠷᠭᠡ ᠶᠢᠨ ᠪᠠᠶᠢᠭᠤᠯᠤᠯᠳᠠ ᠤᠷᠤᠭᠰᠢᠳᠠᠢ ᠶᠠᠪᠤᠭᠳᠠᠵᠠᠢ ᠁᠃ ᠤᠳᠤ ᠪᠤᠯᠳᠠᠯ᠎ᠠ᠂ ᠤᠯᠠᠭᠠᠨᠬᠤᠳᠠ᠂ ᠬᠦᠯᠦᠨ ᠪᠤᠶᠢᠷ ᠬᠤᠳᠠ᠂ ᠤᠷᠳᠤᠰ ᠬᠤᠳᠠ ᠵᠡᠷᠭᠡ ᠭᠤᠷᠪᠠᠨ ᠬᠤᠳᠠ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠳᠠ︾᠎ ᠪᠠᠷ ᠨᠡᠷᠡᠶᠢᠳᠦᠭᠳᠡᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠷᠬᠢᠮᠯᠡᠨ ᠨᠠᠨᠳᠢᠩᠨᠠᠬᠤ ᠨᠢ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠢ ᠮᠡᠳᠡᠷᠡᠮᠵᠢ ᠳᠤ ᠬᠦᠨ ᠬᠠᠳᠠᠩᠰᠢᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠤᠭ ᠤᠮᠠᠷᠠᠳᠤ ᠶᠢᠨ ᠡᠭᠡ ᠭᠠᠵᠠᠷ ᠲᠤ ᠦᠨᠳᠦᠷ ᠠᠴᠠ ᠦᠨᠳᠦᠷ ᠨᠠᠮᠢᠷᠠᠨ᠎ᠠ᠃ᠰᠢᠨ᠎ᠡ ᠴᠠᠭ ᠦᠶ᠎ᠡ ᠰᠢᠨ᠎ᠡ ᠬᠦᠰᠡᠯ ᠱᠠᠭᠠᠷᠳᠠᠯᠭ᠎ᠠ ᠶᠢ ᠬᠦᠪᠦᠷᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠦᠷᠢᠳᠦ ᠢᠯᠠᠯᠳᠠ ᠶᠢ ᠲᠡᠮᠡᠴᠡᠨ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠤᠳᠤᠬᠢᠴᠢᠯᠠᠭᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠰᠢᠨ᠎ᠡ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠲᠤᠮᠳᠠᠳᠤ ᠶᠢᠨ ᠦᠨᠳᠦᠰᠦᠳᠡᠨ ᠤ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠁ ᠴᠠᠭ ᠦᠶ᠎ᠡ ᠶᠢᠨ ᠤᠷᠠᠢ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠨᠡᠩ ᠲᠤᠭᠳᠠᠭᠤᠨ ᠤᠷᠴᠢᠨ᠂ ᠨᠡᠩ ᠬᠦᠴᠦᠷᠭᠡᠭ ᠶᠡᠭᠡ ᠨᠢᠭᠳᠠᠷᠠᠯ ᠤᠨ ᠬᠦᠴᠦᠨ ᠢ ᠱᠠᠭᠠᠷᠳᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠢᠯᠠᠩᠭᠤᠶ᠎ᠠ ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠪᠦᠳᠦᠭᠡᠯᠴᠢ ᠪᠠᠷ ᠦᠢᠯᠡᠳᠦᠯᠭᠡᠵᠢᠬᠦᠯᠬᠦ ᠪᠤᠯ ᠮᠠᠨ ᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠢᠷᠠᠭᠤ ᠠᠯᠳᠠᠷᠳᠤ ᠤᠯᠠᠮᠵᠢᠯᠠᠯ ᠢᠶᠠᠨ ᠪᠠᠳᠠᠷᠠᠭᠤᠯᠵᠤ᠂ ᠦᠷᠬᠦᠯᠵᠢᠯᠡᠨ ᠡᠮᠦᠨ᠎ᠡ ᠡᠩᠨᠡᠭᠡᠨ ᠳᠤ ᠬᠤᠰᠢᠭᠤᠷᠠᠬᠤ ᠶᠢᠨ ᠠᠵᠢᠯᠯᠠᠭᠠᠨ ᠤ ᠵᠦᠭᠯᠡᠬᠦᠷ ᠪᠤᠯᠤᠨ᠎ᠠ᠂ ᠤᠮᠠᠷᠠᠳᠤ ᠶᠢᠨ ᠠᠮᠤᠷ ᠲᠤᠭᠳᠠᠭᠤᠨ ᠤ ᠬᠠᠯᠬᠠᠪᠴᠢ ᠶᠢ ᠪᠠᠬᠢᠵᠢᠬᠦᠯᠬᠦ ᠶᠢᠨ ᠦᠨᠳᠦᠰᠦᠨ ᠵᠢᠷᠤᠮᠯᠠᠯ ᠪᠤᠯᠤᠨ᠎ᠠ᠃ ᠪᠢᠳᠡ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠦᠷᠬᠦᠯᠵᠢᠯᠡᠨ ᠪᠠᠷᠢᠮᠳᠠᠯᠠᠨ ᠲᠡᠬᠦᠯᠳᠡᠷᠵᠢᠬᠦᠯᠵᠦ᠂ ᠤᠯᠤᠰ ᠤᠨ ᠨᠢᠭᠡᠳᠦᠯ ᠪᠠ ᠦᠪᠡᠷᠳᠡᠭᠡᠨ ᠵᠠᠰᠠᠬᠤ ᠶᠢ ᠨᠡᠩ ᠰᠠᠶᠢᠳᠤᠷ ᠤᠶᠠᠯᠳᠤᠭᠤᠯᠵᠤ᠂ ᠦᠨᠳᠦᠰᠦᠳᠡᠨ ᠤ ᠡᠯᠧᠮᠧᠨ᠋ᠲ ᠪᠠ ᠤᠷᠤᠨ ᠪᠦᠰᠡ ᠶᠢᠨ ᠡᠯᠧᠮᠧᠨ᠋ᠲ ᠢ ᠨᠡᠩ ᠰᠠᠶᠢᠳᠤᠷ ᠤᠶᠠᠯᠳᠤᠭᠤᠯᠬᠤ ᠬᠡᠷᠡᠭᠳᠡᠢ᠃ ᠤᠯᠤᠰ ᠤᠨ ᠨᠢᠭᠡᠳᠦᠯ᠂ ᠦᠨᠳᠦᠰᠦᠳᠡᠨ ᠤ ᠪᠦᠯᠬᠦᠮᠳᠡᠯ ᠪᠤᠯ ᠦᠨᠳᠦᠰᠦᠳᠡᠨ ᠨᠦᠭᠦᠳ ᠤᠨ ᠤᠯᠠᠨ ᠲᠦᠮᠡᠨ ᠤ ᠬᠠᠮᠤᠭ ᠤᠨ ᠶᠡᠭᠡ ᠠᠰᠢᠭ ᠲᠤᠰᠠ ᠮᠦᠨ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠬᠠᠤ ᠪᠠᠶᠢᠭᠤᠯᠤᠯ ᠪᠤᠯ ᠲᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠴᠤᠷ ᠤᠨ ᠭᠠᠭᠠᠴᠠ ᠵᠠᠮ ᠮᠦᠨ᠃ ᠵᠦᠪᠬᠡᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠵᠠᠮ ᠢᠶᠠᠷ ᠵᠠᠮᠨᠠᠪᠠᠯ ᠰᠠᠶ᠋ᠢ ᠦᠨᠳᠦᠰᠦᠳᠡᠨ ᠤ ᠶᠡᠭᠡ ᠪᠦᠯᠬᠦᠮᠳᠡᠯ ᠢ ᠪᠡᠶᠡᠯᠡᠬᠦᠯᠵᠦ᠂ ᠦᠨᠳᠦᠰᠦᠳᠡᠨ ᠨᠦᠭᠦᠳ ᠤᠨ ᠴᠡᠴᠡᠭᠯᠡᠯ ᠬᠦᠭᠵᠢᠯ ᠢ ᠪᠠᠳᠤᠯᠠᠵᠤ ᠴᠢᠳᠠᠨ᠎ᠠ ᠬᠡᠳᠡᠭ ᠢ ᠦᠪᠦᠷ ᠮᠤᠩᠭᠤᠯ ᠤᠨ 70 ᠭᠠᠷᠤᠢ ᠵᠢᠯ ᠤᠨ ᠬᠤᠪᠢᠷᠠᠯᠳᠠ ᠬᠦᠭᠵᠢᠯᠳᠡ ᠪᠤᠳᠠᠳᠠᠢ ᠬᠡᠷᠡᠴᠢᠯᠡᠪᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ᠂ ᠦᠨᠳᠦᠰᠦᠳᠡᠨ ᠤ ᠤᠷᠤᠨ ᠤ ᠠᠵᠢᠯ ᠤᠨ ᠲᠤᠬᠠᠢ ᠰᠢᠢᠳᠪᠦᠷᠢᠳᠦ ᠪᠠᠶᠢᠷᠢᠯᠠᠯᠭᠤᠯᠳᠠ ᠶᠢ ᠴᠦᠭᠡᠨ ᠲᠤᠭᠠᠳᠤ ᠦᠨᠳᠦᠰᠦᠳᠡᠨ ᠤ ᠤᠷᠤᠨ ᠤ ᠤᠨᠴᠠᠯᠢᠭ ᠲᠠᠢ ᠤᠷᠭᠠᠨᠢᠭ ᠢᠶᠠᠷ ᠤᠶᠠᠯᠳᠤᠭᠤᠯᠵᠤ᠂ ︽ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ︾᠎ ᠶᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠂ ᠦᠨᠳᠦᠰᠦᠳᠡᠨ ᠨᠦᠭᠦᠳ ᠤᠨ ᠤᠯᠤᠰ ᠲᠦᠷᠦ᠂ ᠠᠵᠤ ᠠᠬᠤᠢ᠂ ᠰᠤᠶᠤᠯ᠂ ᠰᠤᠷᠭᠠᠨ ᠬᠦᠮᠦᠵᠢᠯ ᠁ ᠪᠦᠬᠦ ᠲᠠᠯ᠎ᠠ ᠶᠢᠨ ᠡᠷᠭᠡ ᠲᠡᠭᠰᠢ ᠡᠷᠭᠡ ᠠᠰᠢᠭ ᠢ ᠬᠠᠤᠯᠢ ᠶᠤᠰᠤᠭᠠᠷ ᠪᠠᠳᠤᠯᠠᠬᠤ ᠪᠤᠯ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠤᠮᠠᠷᠠᠳᠤ ᠬᠢᠯᠢ ᠶᠢᠨ ᠤᠷᠳᠤ ᠤᠳᠠᠭᠠᠨ ᠤ ᠠᠮᠤᠷ ᠲᠤᠭᠳᠠᠭᠤᠨ ᠢ ᠪᠠᠳᠤᠯᠠᠬᠤ ᠶᠢᠨ ᠦᠨᠳᠦᠰᠦᠨ ᠪᠠᠳᠤᠯᠠᠭ᠎ᠠ ᠮᠦᠨ︔ ︽ᠠᠷᠠᠳ ᠲᠦᠮᠡᠨ ᠢ ᠲᠡᠭᠡᠳᠦᠯᠡᠵᠦ᠂ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠬᠦ︾ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠪᠠᠷ ᠲᠡᠮᠡᠴᠡᠬᠦ ᠬᠠᠷᠠᠯᠳᠠ ᠪᠠᠨ ᠪᠤᠯᠭᠠᠵᠤ᠂ ᠦᠨᠳᠦᠰᠦᠳᠡᠨ ᠤ ᠤᠷᠤᠨ ᠢᠯᠠᠩᠭᠤᠶ᠎ᠠ ᠴᠦᠭᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠭᠰᠠᠨ ᠭᠠᠵᠠᠷ ᠤᠷᠤᠨ᠂ ᠬᠢᠯᠢ ᠬᠢᠵᠠᠭᠠᠷ ᠤᠷᠤᠨ᠂ ᠪᠤᠶᠢᠳᠠ ᠪᠦᠭᠯᠡᠬᠦᠦ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠵᠤ᠂ ᠪᠦᠬᠦ ᠤᠯᠤᠰ ᠲᠠᠢ ᠬᠠᠮᠳᠤ ᠪᠠᠷ ᠴᠢᠨᠡᠭᠡᠯᠢᠭ ᠨᠡᠶᠢᠭᠡᠮ ᠢ ᠪᠡᠶᠡᠯᠡᠬᠦᠯᠬᠦ ᠪᠠ ᠤᠳᠤᠬᠢᠴᠢᠯᠠᠯᠳᠠ ᠶᠢ ᠪᠡᠶ᠋ᠯᠡᠡᠬᠦᠯᠬᠦ ᠶᠢ ᠪᠠᠳᠤᠯᠠᠬᠤ ᠬᠡᠷᠡᠭᠳᠡᠢ︔ ᠬᠦᠭᠵᠢᠯᠳᠡ ᠶᠢᠨ ᠦᠷ᠎ᠡ ᠪᠦᠳᠦᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠤᠯᠠᠨ ᠳᠤ ᠬᠦᠷᠳᠡᠭᠡᠬᠦ ᠶᠢ ᠪᠠᠷᠢᠮᠳᠠᠯᠠᠵᠤ᠂ ᠴᠦᠭᠡᠨ ᠲᠤᠭᠠᠳᠤ ᠦᠨᠳᠦᠰᠦᠳᠡᠨ ᠤ ᠤᠯᠠᠨ ᠲᠦᠮᠡᠨ᠂ ᠬᠢᠯᠢ ᠬᠢᠵᠠᠭᠠᠷ ᠪᠤᠶᠢᠳᠠ ᠪᠦᠭᠯᠡᠬᠦᠦ ᠭᠠᠵᠠᠷ ᠤᠷᠤᠨ ᠤ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠨᠡᠮᠡᠭᠳᠡᠬᠦᠯᠵᠦ᠂ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠳᠡᠨ ᠤ ᠶᠡᠭᠡ ᠨᠢᠭᠳᠠᠷᠠᠯ ᠤᠨ ᠰᠠᠶᠢᠨ ᠰᠠᠶᠢᠬᠠᠨ ᠪᠠᠶᠢᠳᠠᠯ ᠢ ᠦᠷᠬᠦᠯᠵᠢᠯᠡᠨ ᠪᠠᠳᠤᠯᠠᠬᠤ ᠬᠡᠷᠡᠭᠳᠡᠢ︔ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠰᠤᠷᠭᠠᠭᠤᠯᠢ ᠶᠢᠨ  ᠬᠦᠷᠢᠶ᠎ᠡ᠂ ᠨᠡᠶᠢᠭᠡᠮ ᠲᠤᠭᠤᠷᠢᠭ᠂ ᠠᠵᠤ ᠠᠬᠤᠢᠢᠯᠠᠯ᠂ ᠪᠠᠶᠢᠭᠤᠯᠭ᠎ᠠ ᠨᠢᠭᠡᠴᠢ᠂ ᠴᠡᠷᠢᠭ ᠠᠩᠬᠢ᠂ ᠰᠢᠶᠠᠩ ᠪᠠᠯᠭᠠᠰᠤ᠂ ᠱᠠᠰᠢᠨ ᠰᠤᠷᠳᠠᠬᠤᠨ ᠤ ᠬᠦᠳᠡᠯᠭᠡᠭᠡᠨ ᠤ ᠲᠠᠯᠠᠪᠤᠷ ᠲᠠᠯᠠᠪᠠᠢ ᠬᠦᠷᠳᠡᠯ᠎ᠡ ᠬᠦᠨᠵᠡᠭᠡᠶᠢᠷᠡᠬᠦᠯᠦᠨ᠂ ᠲᠤᠮᠳᠠᠳᠤ ᠶᠢᠨ ᠦᠨᠳᠦᠰᠦᠳᠡᠨ ︽ᠬᠡᠨ ᠨᠢ ᠬᠡᠨ ᠠᠴᠠ ᠪᠠᠨ ᠰᠠᠯᠵᠤ ᠴᠢᠳᠠᠬᠤ ᠦᠭᠡᠢ︾ ᠬᠠᠮᠳᠤ ᠴᠤᠭᠴᠠ ᠶᠢᠨ ᠦᠵᠡᠯ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠲᠤᠮᠳᠠᠳᠤ ᠤᠯᠤᠰ᠂ ᠲᠤᠮᠳᠠᠳᠤ ᠶᠢᠨ ᠦᠨᠳᠦᠰᠦᠳᠡᠨ᠂ ᠲᠤᠮᠳᠠᠳᠤ ᠶᠢᠨ ᠰᠤᠶᠤᠯ᠂ ᠲᠤᠮᠳᠠᠳᠤ ᠤᠯᠤᠰ ᠤᠨ ᠡᠪ ᠬᠠᠮᠳᠤ ᠨᠠᠮ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠲᠠᠨᠢᠨ ᠮᠡᠳᠡᠷᠡᠬᠦᠢ ᠶᠢ ᠲᠠᠰᠤᠷᠠᠯᠳᠠ ᠦᠭᠡᠢ ᠨᠡᠮᠡᠭᠳᠡᠬᠦᠯᠬᠦ ᠬᠡᠷᠡᠭᠳᠡᠢ᠃ᠪᠦᠯᠬᠦᠮᠳᠡᠯ ᠨᠢᠭᠳᠠᠷᠠᠯ ᠪᠤᠯ ᠬᠦᠭᠵᠢᠯᠳᠡ ᠲᠠᠪᠰᠢᠯᠳᠠ ᠶᠢᠨ ᠦᠨᠳᠦᠰᠦ ᠰᠠᠭᠤᠷᠢ᠂ ᠠᠮᠵᠢᠯᠳᠠ ᠪᠦᠳᠦᠮᠵᠢ ᠶᠢᠨ ᠡᠭᠢ ᠰᠤᠷᠪᠤᠯᠵᠢ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠠᠮᠢ ᠨᠠᠰᠤᠨ ᠤ ᠱᠤᠭᠤᠮ ᠮᠦᠨ᠃ ᠪᠦᠬᠦ ᠤᠷᠤᠨ ᠤ ᠦᠨᠳᠦᠰᠦᠳᠡᠨ ᠨᠦᠭᠦᠳ ᠤᠨ ᠤᠯᠠᠨ ᠲᠦᠮᠡᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠠᠨᠠᠷ ᠤᠨ ᠦᠷ᠎ᠡ ᠰᠢᠭ ᠨᠢᠭᠳᠠᠷᠠᠨ ᠪᠦᠯᠬᠦᠮᠳᠡᠵᠦ᠂ ᠦᠨᠳᠦᠰᠦᠳᠡᠨ ᠤ ᠪᠦᠯᠬᠦᠮᠳᠡᠯ ᠢ ᠨᠢᠳᠦᠨ ᠤ ᠴᠡᠴᠡᠭᠡᠢ ᠪᠠᠨ ᠰᠢᠭ ᠬᠠᠶᠢᠷᠠᠯᠠᠨ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠠᠶᠠᠨ ᠵᠠᠮ ᠳᠤ ᠪᠦᠯᠬᠦᠮᠳᠡᠯ ᠲᠠᠪᠰᠢᠯᠳᠠ ᠲᠤᠭᠳᠠᠭᠤᠨ ᠤ ᠢᠷᠠᠭᠤ ᠬᠦᠭ ᠠᠶᠠᠰ ᠢ ᠦᠷᠬᠦᠯᠵᠢᠯᠡᠨ ᠴᠢᠪᠠᠭᠳᠠᠨᠠᠮ︕ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号