| | | | ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠶᠠᠮᠤᠨ᠂ ᠵᠥᠪᠯᠡᠯ᠂ ᠠᠯᠪᠠᠨ ᠬᠡᠷ᠂ ᠲᠣᠪᠴᠢᠶ᠎ᠠ᠂ | ᠡᠯ᠎ᠡ ᠵᠡᠭᠡᠯᠢ ᠭᠤᠳᠤᠮᠵᠢ᠂ ᠡᠯ᠎ᠡ ᠠᠷᠠᠳ ᠤᠨ ᠪᠦᠯᠬᠦᠮ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠪᠠᠶᠠᠨᠮᠣᠳᠣ ᠲᠠᠷᠢᠶᠠᠯᠠᠩ ᠤᠨ ᠲᠠᠯᠠᠪᠠᠶ᠂ ᠦᠯᠵᠡᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄ | ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠵᠢᠴᠢ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ | ᠪᠦᠬᠦ ᠬᠤᠰᠢᠭᠤᠨ ᠤ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ︵ᠳᠣᠷᠣᠭᠰᠢ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶ ᠢ ᠲᠣᠭᠲᠠᠮᠠᠯ ᠬᠤᠭᠤᠴᠠᠭ᠎ᠠ ᠲᠠᠢ ᠪᠠᠷ | ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦᠭᠡᠷ | ᠲᠣᠭᠠᠲᠤ︶᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ | ᠬᠤᠭᠤᠴᠠᠭ᠎ᠠ ᠲᠠᠢ ᠪᠠᠷ ᠰᠢᠢᠳᠪᠦᠷᠢᠯᠡᠬᠦ ᠠᠵᠢᠯ ᠢ ᠥᠷᠨᠢᠭᠦᠯᠬᠦ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ | ᠬᠡᠷ ᠤᠨ ᠮᠡᠳᠡᠭᠳᠡᠯ︾ ︵ᠠᠷᠤ ᠠᠯᠪᠠᠨ ᠴᠠᠬᠢᠯᠭᠠᠨ ︹ 2021 ︺ 15 ᠳ᠋ᠤᠭᠠᠷ ᠲᠣᠭᠠᠲᠤ︶ ᠤᠨ ᠶᠣᠰᠣᠭᠠᠷ᠂ | ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄ | ᠨᠢᠭᠡ᠂ ᠰᠢᠢᠳᠪᠦᠷᠢᠯᠡᠬᠦ ᠵᠢᠴᠢ ᠰᠡᠭᠦᠯᠴᠢ ᠶᠢᠨ ᠦᠨᠡᠯᠡᠨ ᠵᠢᠱᠢᠬᠦ ᠬᠦᠷᠢᠶ᠎ᠡ ᠬᠡᠪᠴᠢᠶ᠎ᠡ | ︵ᠨᠢᠭᠡ︶ ᠰᠢᠢᠳᠪᠦᠷᠢᠯᠡᠬᠦ ᠬᠡᠪᠴᠢᠶ᠎ᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠵᠡᠭᠡᠯᠢ ᠭᠤᠳᠤᠮᠵᠢ ᠶᠢᠨ ᠠᠯᠪᠠᠨ | ᠭᠡᠷ ᠤᠨ 2020 ᠣᠨ ᠳᠤ ᠪᠦᠬᠦ ᠲᠠᠯ᠎ᠠ ᠪᠠᠷ ᠴᠡᠪᠡᠷᠯᠡᠭᠰᠡᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠪᠠᠶᠢᠬᠤ ᠪᠠ | ᠵᠠᠰᠠᠪᠤᠷᠢ ᠣᠷᠣᠭᠤᠯᠤᠭᠰᠠᠨ ᠤ ᠳᠠᠷᠠᠭ᠎ᠠ ᠰᠢᠨ᠎ᠡ ᠪᠠᠷ ᠨᠡᠶᠢᠲᠡᠯᠡᠭᠰᠡᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ | ᠵᠢᠴᠢ 2020 ᠣᠨ ᠳᠤ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ᠂ | ᠬᠠᠷᠢᠶᠠᠯᠠᠬᠤ ᠣᠷᠣᠨ ᠪᠦᠰᠡ ᠶᠢᠨ ᠳᠣᠲᠣᠷᠠᠬᠢ ᠭᠤᠤᠯ ᠴᠣᠭᠴᠠ ᠶᠢᠨ ᠬᠢᠷᠢ ᠬᠡᠮ ᠢ ᠲᠣᠭᠲᠠᠭᠠᠬᠤ ᠥᠬᠡᠶ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠪᠠᠭᠲᠠᠭᠠᠨ᠎ᠠ᠃ | ︵ᠬᠤᠶᠠᠷ︶ ᠰᠡᠭᠦᠯᠴᠢ ᠶᠢᠨ ᠦᠨᠡᠯᠡᠨ ᠵᠢᠱᠢᠬᠦ ᠬᠦᠷᠢᠶ᠎ᠡ ᠬᠡᠪᠴᠢᠶ᠎ᠡ᠄ | 1. ᠬᠤᠰᠢᠭᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠬᠡᠷ ᠢᠶᠠᠷ ᠲᠣᠭᠲᠠᠭᠠᠨ | ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠄ ︽ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠠᠮᠢᠶᠠᠷᠤᠯᠲᠠ ᠶᠢ | ᠬᠡᠷᠡᠭᠵᠢᠭᠦᠯᠬᠦ ᠨᠠᠷᠢᠨ ᠲᠦᠷᠢᠮ︾ ︵ᠠᠯᠠᠱᠠ ᠵᠡᠭᠦᠨ ᠭᠠᠷᠤᠨ ᠵᠠᠰᠠᠭ ᠠᠯᠪᠠᠨ ᠲᠠᠷᠬᠠᠭᠠᠭᠰᠠᠨ ︹ 2019︺ 63 | ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ︵ᠮᠠᠯ ᠠᠵᠤ ᠠᠬᠤᠶ︶ ᠤᠨ ᠣᠷᠣᠨ ᠤ | ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ︵ᠠᠯᠠᠱᠠ ᠵᠡᠭᠦᠨ ᠭᠠᠷᠤᠨ ᠵᠠᠰᠠᠭ ᠠᠯᠪᠠᠨ | ᠲᠠᠷᠬᠠᠭᠠᠭᠰᠠᠨ ︹ 2011 ︺ 198 ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭ᠎ᠠ | ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ︵ᠠᠯᠠᠱᠠ ᠵᠡᠭᠦᠨ ᠭᠠᠷᠤᠨ ᠵᠠᠰᠠᠭ ᠠᠯᠪᠠᠨ ᠲᠠᠷᠬᠠᠭᠠᠭᠰᠠᠨ ︹ 2010 ︺ 131 | ᠳ᠋ᠦᠭᠡᠷ ᠲᠣᠭᠠᠲᠤ︶᠂ ᠪᠣᠳᠠᠲᠠᠶ ᠬᠡᠷᠡᠭᠵᠢᠭᠦᠯᠬᠦ ᠨᠢᠭᠡᠴᠡ ᠠᠴᠠ ᠰᠡᠭᠦᠯᠴᠢ ᠶᠢᠨ ᠦᠨᠡᠯᠡᠨ ᠵᠢᠱᠢᠯᠲᠡ ᠶᠢ | ᠥᠷᠨᠢᠭᠦᠯᠬᠦ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃ | 2. ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠵᠡᠭᠡᠯᠢ ᠭᠤᠳᠤᠮᠵᠢ ᠶᠢᠨ ᠠᠯᠪᠠᠨ | ᠬᠡᠷ ᠨᠢ ᠲᠣᠭᠲᠠᠭᠠᠵᠤ ᠨᠡᠶᠢᠲᠡᠯᠡᠭᠰᠡᠨ ᠪᠠ ᠬᠡᠷᠡᠭᠵᠢᠭᠦᠯᠦᠭᠰᠡᠨ ᠬᠤᠶᠠᠷ ᠵᠢᠯ ᠠᠴᠠ ᠳᠡᠭᠡᠭᠰᠢᠬᠢ ᠴᠢᠬᠤᠯᠠ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠳᠣᠲᠣᠷ᠎ᠠ ᠠᠴᠠ ᠨᠠᠭᠠᠳᠤ ᠵᠠᠬ᠎ᠠ ᠳᠠᠭᠠᠨ 1 ᠬᠤᠪᠢ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠣᠩᠭᠤᠨ ᠭᠠᠷᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ | ᠥᠷᠨᠢᠭᠦᠯᠬᠦ ᠶᠢᠨ ᠬᠠᠮᠲᠤ᠂ ᠳᠠᠷᠠᠭᠠᠬᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃ | ᠬᠤᠶᠠᠷ᠂ ᠦᠨᠳᠦᠰᠦᠨ ᠱᠠᠭᠠᠷᠳᠠᠯᠭ᠎ᠠ ᠪᠠ ᠪᠠᠷᠢᠮᠵᠢᠶ᠎ᠠ | ︵ᠨᠢᠭᠡ︶ ᠰᠢᠢᠳᠪᠦᠷᠢᠯᠡᠬᠦ ᠪᠠᠷᠢᠮᠵᠢᠶ᠎ᠠ | 1% ᠲᠣᠭᠲᠠᠭᠠᠬᠤ ᠭᠤᠣᠯ ᠴᠣᠭᠴᠠ ᠶᠢᠨ ᠬᠢᠷᠢ ᠬᠡᠮ ᠢ ᠪᠦᠷᠢᠳᠦᠭᠦᠯᠦᠭᠰᠡᠨ ᠵᠣᠬᠢᠶᠠᠨ ᠪᠠᠶᠢᠭᠤᠯᠤᠯᠲᠠ᠂ | ᠪᠠᠶᠢᠭᠤᠯᠤᠮᠵᠢ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃ ᠪᠣᠳᠠᠲᠠᠶ ᠪᠠᠷ ᠬᠡᠯᠡᠪᠡᠯ᠄ | ︵1︶ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠲᠦᠷ ᠴᠠᠭ ᠤᠨ ᠪᠠᠶᠢᠭᠤᠯᠤᠮᠵᠢ ᠠᠴᠠ ᠲᠣᠭᠲᠠᠭᠠᠭᠰᠠᠨ︔ | | ︵2︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠦᠭᠡᠢ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠶᠢᠨ ᠪᠠᠶᠢᠭᠤᠯᠤᠮᠵᠢ ᠪᠠ ᠵᠣᠬᠢᠶᠠᠨ | ᠪᠠᠶᠢᠭᠤᠯᠤᠯᠲᠠ ᠠᠴᠠ ᠲᠣᠭᠲᠠᠭᠠᠭᠰᠠᠨ︔ | ︵3︶ ᠲᠣᠭᠲᠠᠭᠠᠬᠤ ᠬᠢᠷᠢ ᠬᠡᠮ ᠦᠭᠡᠢ ᠪᠤᠰᠤᠳ ᠪᠠᠶᠢᠭᠤᠯᠭ᠎ᠠ ᠠᠴᠠ ᠲᠣᠭᠲᠠᠭᠠᠭᠰᠠᠨ᠃ | ᠳᠡᠭᠡᠷ᠎ᠡ ᠳᠤᠷᠠᠳᠤᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠨᠡᠨᠬᠦ ᠲᠣᠭᠲᠠᠭᠠᠬᠤ ᠴᠢᠬᠤᠯᠠ ᠲᠠᠢ ᠪᠣᠯ | ᠲᠣᠭᠲᠠᠭᠠᠬᠤ ᠬᠢᠷᠢ ᠬᠡᠮ ᠢ ᠪᠦᠷᠢᠳᠦᠭᠦᠯᠦᠭᠰᠡᠨ ᠭᠤᠣᠯ ᠪᠠᠶᠢᠭᠤᠯᠤᠯ ᠢᠶᠠᠷ ᠶᠠᠪᠤᠭᠤᠯᠬᠤ ᠬᠡᠷᠡᠭᠲᠡᠶ᠃ | 2% ᠠᠭᠤᠯᠭ᠎ᠠ ᠨᠢ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠠᠴᠠ ᠳᠠᠪᠠᠭᠰᠠᠨ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ᠃ ᠪᠣᠳᠠᠲᠠᠶ ᠪᠠᠷ ᠬᠡᠯᠡᠪᠡᠯ᠄ | ︵1︶ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠷᠬᠡ | ᠮᠡᠳᠡᠯ ᠤᠨ ᠬᠡᠪᠴᠢᠶ᠎ᠡ ᠠᠴᠠ ᠪᠠᠨ ᠳᠠᠪᠠᠵᠤ ᠲᠣᠭᠲᠠᠭᠠᠭᠰᠠᠨ︔ | ︵2︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠴᠠ ᠭᠠᠳᠠᠨᠠᠬᠢ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠨᠡᠮᠡᠭᠰᠡᠨ ᠪᠤᠶᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠨᠢ | ᠪᠠᠭᠠᠰᠬᠠᠭᠰᠠᠨ︔ | ︵3︶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ | ᠵᠠᠰᠠᠭ ᠵᠠᠬᠢᠷᠭᠠᠨ ᠤ ᠲᠠᠲᠠᠪᠤᠷᠢᠯᠠᠨ ᠬᠡᠷᠡᠭᠯᠡᠬᠦ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ ᠵᠦᠢᠯᠡᠰ ᠵᠡᠷᠭᠡ ᠵᠦᠢᠯᠡᠰ ᠢ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ | ᠰᠢᠢᠳᠪᠦᠷᠢᠯᠡᠬᠦ ᠨᠥᠬᠦᠴᠡᠯ ᠢ ᠨᠡᠮᠡᠵᠦ᠂ ᠣᠷᠴᠢᠯ ᠤᠨ ᠭᠡᠷᠡᠴᠢ᠂ ᠳᠠᠪᠬᠤᠷᠳᠠᠭᠰᠠᠨ ᠭᠡᠷᠡᠴᠢ᠂ ᠬᠡᠷᠡᠭ ᠦᠭᠡᠢ ᠭᠡᠷᠡᠴᠢ | ᠭᠠᠷᠭᠠᠵᠤ ᠥᠭᠬᠦ ᠪᠠᠷ ᠲᠣᠭᠲᠠᠭᠠᠭᠰᠠᠨ︔ | ︵4︶ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠵᠥᠷᠢᠴᠡᠨ ᠲᠣᠭᠲᠠᠭᠠᠭᠰᠠᠨ | ᠵᠣᠭᠤᠰ ᠢᠶᠠᠷ ᠲᠣᠷᠭᠠᠬᠤ ᠵᠦᠢᠯᠡᠰ᠂ ᠵᠣᠭᠤᠰ ᠢᠶᠠᠷ ᠲᠣᠷᠭᠠᠬᠤ ᠵᠦᠢᠯᠡᠰ ᠨᠢ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠤᠶᠤ ᠵᠣᠭᠤᠰ ᠢᠶᠠᠷ ᠲᠣᠷᠭᠠᠬᠤ ᠵᠦᠢᠯᠡᠰ ᠢ ᠪᠤᠰᠤᠳ ᠠᠷᠭ᠎ᠠ | ᠮᠠᠶ᠋ᠢᠭ ᠢᠶᠠᠷ ᠵᠢᠷᠤᠮᠵᠢᠭᠤᠯᠬᠤ ᠪᠤᠶᠤ ᠬᠠᠮᠢᠶᠠᠷᠴᠤ ᠪᠣᠯᠬᠤ︔ | ︵5︶ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ | ᠡᠷᠬᠡ ᠠᠰᠢᠭ ᠢ ᠬᠠᠰᠤᠬᠤ ᠪᠤᠶᠤ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠵᠦ᠂ ᠠᠷᠠᠳ | ᠢᠷᠭᠡᠨ ᠤ ᠪᠡᠶ᠎ᠡ ᠶᠢᠨ ᠡᠷᠬᠡ᠂ ᠡᠳ᠋ ᠬᠦᠷᠦᠩᠭᠡ ᠶᠢᠨ ᠡᠷᠬᠡ᠂ ᠨᠡᠷ᠎ᠡ ᠬᠦᠨᠳᠦ ᠶᠢᠨ ᠡᠷᠬᠡ᠂ ᠬᠥᠳᠡᠯᠮᠦᠷᠢᠯᠡᠬᠦ ᠡᠷᠬᠡ᠂ | ᠠᠮᠠᠷᠠᠬᠤ ᠡᠷᠬᠡ ᠵᠡᠷᠭᠡ ᠦᠨᠳᠦᠰᠦᠨ ᠡᠷᠬᠡ ᠳᠤ ᠬᠠᠯᠳᠠᠭᠰᠠᠨ︔ | ︵6︶ ᠡᠷᠬᠡ ᠲᠤᠰᠢᠶᠠᠯ ᠤᠨ ᠲᠣᠭᠲᠠᠭᠠᠯ ᠠᠴᠠ ᠪᠠᠨ ᠳᠠᠪᠠᠵᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ᠂ ᠠᠵᠤ | ᠠᠬᠤᠶᠢᠯᠠᠯ ᠪᠠ ᠨᠡᠶᠢᠭᠡᠮ ᠤᠨ ᠥᠪᠡᠷ ᠢ ᠪᠠᠨ ᠱᠠᠭᠠᠷᠳᠠᠬᠤ᠂ ᠠᠷᠠᠳ ᠢᠷᠭᠡᠨ ᠥᠪᠡᠷ ᠢ ᠪᠠᠨ ᠬᠠᠮᠢᠶᠠᠷᠬᠤ ᠶᠣᠰᠣᠲᠠᠶ | ᠵᠦᠢᠯᠡᠰ︔ | ︵7︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠷᠢᠭ ᠰᠠᠨᠠᠭ᠎ᠠ ᠠᠴᠠ ᠵᠥᠷᠢᠴᠡᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠰᠢᠭ ᠦᠭᠡᠢ ᠪᠠᠶᠢᠪᠠᠯ᠂ ᠭᠤᠣᠯᠴᠢ ᠪᠠᠷ | ᠥᠷᠢᠰᠥᠯᠳᠦᠬᠦ ᠶᠢ ᠭᠠᠳᠠᠭᠤᠷᠴᠢᠯᠠᠬᠤ ᠪᠠ ᠬᠢᠵᠠᠭᠠᠷᠯᠠᠬᠤ ᠠᠭᠤᠯᠭ᠎ᠠ ᠪᠦᠬᠦᠢ ᠠᠷᠭ᠎ᠠ ᠬᠡᠮᠵᠢᠶ᠎ᠡ ᠶᠢ ᠬᠠᠤᠯᠢ ᠠᠴᠠ | ᠵᠥᠷᠢᠴᠡᠨ ᠲᠣᠭᠲᠠᠭᠠᠭᠰᠠᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠠᠴᠠ ᠵᠥᠷᠢᠴᠡᠨ ᠬᠠᠷᠰᠢᠯᠠᠭᠰᠠᠨ ᠪᠠ ᠨᠥᠯᠥᠭᠡᠯᠡᠭᠰᠡᠨ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠤᠬᠤᠷᠢᠨ ᠭᠠᠷᠬᠤ ᠨᠥᠬᠦᠴᠡᠯ ᠢ ᠬᠠᠤᠯᠢ ᠠᠴᠠ ᠵᠥᠷᠢᠴᠡᠨ | ᠲᠣᠬᠢᠷᠠᠭᠤᠯᠤᠭᠰᠠᠨ ᠵᠡᠷᠭᠡ︔ | ︵8︶ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠵᠦ᠂ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢ ᠨᠡᠶᠢᠭᠡᠮ ᠤᠨ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠶᠢᠨ ᠲᠣᠯᠣᠭᠠᠶᠢᠯᠠᠭᠴᠢ ᠨᠢᠭᠡᠴᠢ ᠪᠤᠶᠤ ᠬᠠᠷᠢᠭᠤᠴᠠᠯᠭᠠᠲᠤ ᠨᠢᠭᠡᠴᠢ ᠪᠣᠯᠭᠠᠭᠰᠠᠨ ᠪᠠᠶᠢᠳᠠᠯ ᠣᠷᠣᠰᠢᠵᠤ | ᠪᠠᠶᠢᠬᠤ︔ | ︵9︶ ᠠᠮᠢ ᠠᠬᠤᠶ ᠶᠢᠨ ᠪᠥᠳᠥᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠶ ᠶᠢᠨ ᠬᠢᠨᠠᠯᠲᠠ ᠬᠠᠮᠢᠶᠠᠷᠤᠯᠲᠠ | ᠵᠡᠷᠭᠡ ᠬᠦᠷᠢᠶᠡᠨ ᠳᠠᠬᠢ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠳᠠᠯ | ᠣᠷᠣᠰᠢᠵᠤ ᠪᠠᠶᠢᠬᠤ᠃ | 3. ᠠᠭᠤᠯᠭ᠎ᠠ ᠨᠢ ᠳᠡᠭᠡᠳᠦ ᠪᠠᠶᠢᠷᠢ ᠶᠢᠨ ᠬᠠᠤᠯᠢ ᠪᠤᠶᠤ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠲᠣᠭᠲᠠᠭᠠᠯ ᠲᠠᠢ ᠨᠢᠭᠡᠳᠦᠯ ᠦᠭᠡᠢ ᠪᠠᠶᠢᠪᠠᠯ᠂ ᠪᠣᠳᠠᠲᠠᠶ ᠪᠠᠷ ᠳᠣᠣᠷᠠᠬᠢ ᠵᠦᠢᠯ ᠢ ᠪᠠᠭᠲᠠᠭᠠᠨ᠎ᠠ᠄ | ︵1︶ ︽ᠢᠷᠭᠡᠨ ᠤ ᠬᠠᠤᠯᠢ ᠶᠢᠨ ᠪᠢᠴᠢᠭ︾ ᠤᠨ ᠲᠣᠭᠲᠠᠭᠠᠯ ᠲᠠᠢ ᠨᠢᠭᠡᠳᠦᠯ ᠦᠭᠡᠢ ᠪᠠᠶᠢᠬᠤ︔ | ︵2︶ ᠰᠢᠨ᠎ᠡ ᠪᠠᠷ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠤᠰᠤᠳ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠦᠷᠢᠮ ᠲᠣᠭᠲᠠᠭᠠᠯ ᠲᠠᠢ ᠨᠢᠭᠡᠳᠦᠯ ᠦᠭᠡᠢ ᠪᠠᠶᠢᠬᠤ︔ | ︵3︶ ᠳᠡᠭᠡᠳᠦ ᠱᠠᠲᠤᠨ ᠤ ᠵᠠᠰᠠᠭ ᠤᠨ ᠣᠷᠳᠣᠨ᠂ ᠰᠠᠯᠠᠭ᠎ᠠ ᠮᠥᠴᠢᠷ ᠤᠨ ᠰᠢᠨ᠎ᠡ ᠪᠠᠷ ᠲᠣᠭᠲᠠᠭᠠᠭᠰᠠᠨ ᠪᠤᠶᠤ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠲᠠᠭᠠᠯ ᠯᠤᠭ᠎ᠠ | ᠨᠢᠭᠡᠳᠦᠯ ᠥᠭᠡᠢ᠃ | ︵ᠬᠤᠶᠠᠷ︶ ᠰᠡᠭᠦᠯᠴᠢ ᠶᠢᠨ ᠦᠨᠡᠯᠡᠨ ᠵᠢᠱᠢᠯᠲᠡ ᠶᠢᠨ ᠱᠠᠭᠠᠷᠳᠠᠯᠭ᠎ᠠ ᠪᠠ ᠪᠠᠷᠢᠮᠵᠢᠶ᠎ᠠ | ᠦᠨᠡᠯᠡᠨ ᠵᠢᠱᠢᠬᠦ ᠠᠵᠢᠯ ᠢ ᠦᠯᠢᠭᠡᠷ ᠠᠪᠴᠤ ᠪᠠᠶᠢᠴᠠᠭᠠᠬᠤ᠂ ᠰᠦᠯᠵᠢᠶ᠎ᠡ ᠪᠠᠷ ᠪᠠᠶᠢᠴᠠᠭᠠᠬᠤ᠂ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠬᠤ ᠬᠤᠷᠠᠯ | ᠪᠤᠶᠤ ᠨᠤᠲᠠᠯᠠᠯᠲᠠ ᠶᠢᠨ ᠬᠤᠷᠠᠯ ᠬᠤᠷᠠᠯᠳᠤᠭᠤᠯᠬᠤ᠂ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠬᠤ᠂ ᠬᠡᠷᠡᠭ ᠤᠨ | ᠡᠪᠬᠡᠮᠡᠯ ᠢ ᠦᠨᠡᠯᠡᠨ ᠪᠠᠶᠢᠴᠠᠭᠠᠬᠤ ᠵᠡᠷᠭᠡ ᠤᠯᠠᠨ ᠵᠦᠢᠯ ᠤᠨ ᠠᠷᠭ᠎ᠠ ᠪᠠᠷ ᠶᠠᠪᠤᠭᠳᠠᠭᠤᠯᠵᠤ ᠪᠣᠯᠤᠨ᠎ᠠ᠃ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠪᠣᠳᠠᠲᠤ ᠪᠠᠶᠢᠳᠠᠯ ᠢ ᠦᠨᠳᠦᠰᠦᠯᠡᠨ᠂ ᠦᠨᠡᠯᠡᠨ | ᠵᠢᠱᠢᠬᠦ ᠵᠣᠬᠢᠰᠲᠠᠶ ᠲᠡᠰ ᠳᠠᠷᠠᠭᠠᠯᠠᠯ ᠢ ᠰᠣᠩᠭᠤᠬᠤ ᠬᠡᠷᠡᠭᠲᠡᠶ᠃ | ᠦᠨᠡᠯᠡᠨ ᠵᠢᠱᠢᠬᠦ ᠠᠭᠤᠯᠭ᠎ᠠ᠄ | 1. ᠬᠠᠤᠯᠢ ᠶᠣᠰᠣᠴᠢ ᠴᠢᠨᠠᠷ ᠤᠨ ᠦᠨᠡᠯᠡᠨ ᠵᠢᠱᠢᠯᠲᠡ᠃ ᠭᠤᠣᠯᠳᠠᠭᠤ ᠲᠤᠰ ᠪᠢᠴᠢᠭ ᠮᠠᠲ᠋ᠧᠷᠢᠶᠠᠯ ᠨᠢ ᠳᠡᠭᠡᠳᠦ | ᠪᠠᠶᠢᠷᠢ ᠶᠢᠨ ᠬᠠᠤᠯᠢ ᠲᠠᠢ ᠬᠠᠷᠰᠢᠯᠳᠤᠵᠤ ᠪᠠᠶᠢᠬᠤ ᠡᠰᠡᠬᠦ ᠶᠢ ᠦᠨᠡᠯᠡᠨ ᠵᠢᠱᠢᠨ᠎ᠡ︔ ᠲᠣᠭᠲᠠᠭᠠᠭᠰᠠᠨ | ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠠᠴᠠ | ᠳᠠᠪᠠᠭᠰᠠᠨ ᠡᠰᠡᠬᠦ︔ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ | ᠠᠯᠪᠠᠳᠠᠯᠭ᠎ᠠ᠂ ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ ᠵᠡᠷᠭᠡ ᠶᠢ ᠬᠠᠤᠯᠢ ᠶᠢ ᠵᠥᠷᠢᠴᠡᠨ ᠲᠣᠭᠲᠠᠭᠠᠭᠰᠠᠨ ᠡᠰᠡᠬᠦ | ︔ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ | ᠠᠰᠢᠭ ᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠵᠢᠷᠤᠮᠵᠢᠯ ᠢ ᠬᠠᠤᠯᠢ ᠶᠢ ᠵᠥᠷᠢᠴᠡᠨ | ᠲᠣᠭᠲᠠᠭᠠᠭᠰᠠᠨ ᠡᠰᠡᠬᠦ︔ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠲᠣᠭᠲᠠᠭᠠᠬᠤ ᠳᠤ ᠬᠦᠴᠦᠨ | ᠦᠭᠡᠢ ᠪᠣᠯᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠤ ᠲᠠᠷᠠᠭ᠎ᠠ᠂ ᠴᠠᠭ ᠲᠤᠬᠠᠶ ᠳᠤᠨᠢ ᠵᠠᠰᠠᠪᠤᠷᠢ ᠣᠷᠣᠭᠤᠯᠬᠤ | ᠴᠢᠬᠤᠯᠠᠲᠠᠶ ᠡᠰᠡᠬᠦ᠃ | 2% ᠵᠦᠢ ᠶᠣᠰᠣᠨ ᠤ ᠴᠢᠨᠠᠷᠲᠠᠶ ᠦᠨᠡᠯᠡᠨ ᠵᠢᠱᠢᠯᠲᠡ᠃ ᠭᠤᠣᠯᠳᠠᠭᠤ ᠪᠢᠴᠢᠭ ᠮᠠᠲ᠋ᠧᠷᠢᠶᠠᠯ ᠵᠣᠬᠢᠶᠠᠵᠤ | ᠲᠠᠷᠬᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠬᠢᠭᠡᠳ ᠬᠠᠷᠢᠭᠤᠴᠠᠯᠭ᠎ᠠ ᠨᠢ ᠲᠡᠩᠴᠡᠭᠦᠦ ᠪᠠᠶᠢᠬᠤ ᠡᠰᠡᠬᠦ | ᠂ ᠠᠷᠠᠳ ᠢᠷᠭᠡᠨ ᠤ ᠡᠷᠬᠡ ᠬᠢᠭᠡᠳ ᠡᠭᠦᠷᠭᠡ ᠨᠢ ᠬᠠᠷᠢᠯᠴᠠᠨ ᠵᠣᠬᠢᠴᠠᠯᠳᠤᠭᠰᠠᠨ ᠡᠰᠡᠬᠦ ᠶᠢ ᠦᠨᠡᠯᠡᠨ ᠵᠢᠱᠢᠨ᠎ᠡ︔ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠴᠢᠬᠤᠯᠠᠲᠠᠶ ᠪᠠᠶᠢᠬᠤ ᠡᠰᠡᠬᠦ᠂ ᠬᠡᠷᠡᠭᠵᠢᠭᠦᠯᠵᠦ ᠪᠣᠯᠬᠤ | ᠡᠰᠡᠬᠦ᠂ ᠵᠣᠬᠢᠰᠲᠠᠶ ᠪᠠᠶᠢᠬᠤ ᠡᠰᠡᠬᠦ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠡᠰᠡᠬᠦ᠃ | 3. ᠵᠣᠬᠢᠴᠠᠩᠭᠤᠶ ᠴᠢᠨᠠᠷᠲᠠᠶ ᠦᠨᠡᠯᠡᠨ ᠵᠢᠱᠢᠯᠲᠡ᠃ ᠭᠤᠤᠯᠳᠠᠭᠤ ᠲᠣᠰ ᠪᠢᠴᠢᠭ ᠮᠠᠲ᠋ᠧᠷᠢᠶᠠᠯ ᠨᠢ ᠠᠳᠠᠯᠢ | ᠪᠠᠶᠢᠷᠢ ᠶᠢᠨ ᠲᠠᠰ ᠤᠨ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠠᠢ ᠮᠥᠷᠭᠦᠯᠳᠦᠭᠰᠡᠨ ᠡᠰᠡᠬᠦ ᠶᠢ | ᠦᠨᠡᠯᠡᠨ ᠵᠢᠱᠢᠨ᠎ᠡ︔ ᠳᠦᠷᠢᠮ ᠬᠤᠭᠤᠷᠣᠨᠳᠣ ᠪᠠᠨ ᠠᠪᠴᠠᠯᠳᠤᠵᠤ ᠪᠠᠶᠢᠬᠤ ᠡᠰᠡᠬᠦ᠃ | 4. ᠠᠵᠢᠯᠯᠠᠭᠠᠨ ᠤ ᠴᠢᠨᠠᠷᠲᠠᠶ ᠦᠨᠡᠯᠡᠨ ᠵᠢᠱᠢᠯᠲᠡ᠃ ᠭᠤᠣᠯ ᠦᠨᠡᠯᠡᠨ ᠵᠢᠱᠢᠭᠰᠡᠨ ᠪᠢᠴᠢᠭ ᠮᠠᠲ᠋ᠧᠷᠢᠶᠠᠯ ᠨᠢ | ᠪᠣᠳᠠᠲᠠᠶ ᠪᠥᠭᠡᠳ ᠪᠣᠯᠤᠮᠵᠢᠲᠠᠶ ᠪᠠᠶᠢᠬᠤ ᠡᠰᠡᠬᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠤᠮᠳᠠᠬᠢ ᠪᠣᠳᠠᠲᠠᠶ | ᠠᠰᠠᠭᠤᠳᠠᠯ ᠢ ᠰᠢᠢᠳᠪᠦᠷᠢᠯᠡᠵᠦ ᠴᠢᠳᠠᠬᠤ ᠡᠰᠡᠬᠦ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠥᠨᠳᠥᠷ ᠪᠦᠲᠦᠮᠵᠢᠲᠡᠶ | ᠪᠠᠶᠢᠬᠤ ᠡᠰᠡᠬᠦ᠂ ᠠᠷᠠᠳ ᠲᠤ ᠲᠦᠬᠦᠮ ᠦᠵᠡᠭᠦᠯᠦᠭᠰᠡᠨ ᠡᠰᠡᠬᠦ︔ ᠵᠢᠷᠤᠮ ᠨᠢ ᠵᠦᠢ ᠶᠣᠰᠣᠨ ᠤ ᠡᠰᠡᠬᠦ᠂ ᠳᠥᠭᠦᠮ | ᠳᠥᠲᠡ᠂ ᠠᠵᠢᠯᠯᠠᠭᠤᠯᠬᠤ ᠳᠤ ᠠᠮᠠᠷᠬᠠᠨ ᠪᠠᠶᠢᠬᠤ ᠡᠰᠡᠬᠦ᠃ | 5. ᠪᠦᠷᠢᠨ ᠲᠡᠭᠦᠯᠳᠡᠷ ᠴᠢᠨᠠᠷᠲᠠᠶ ᠦᠨᠡᠯᠡᠨ ᠵᠢᠱᠢᠯᠲᠡ᠃ ᠭᠤᠣᠯ ᠪᠣᠯᠬᠤ ᠦᠨᠡᠯᠡᠨ ᠵᠢᠱᠢᠬᠦ ᠪᠢᠴᠢᠭ ᠮᠠᠲ᠋ᠧᠷᠢᠶᠠᠯ ᠳᠤ | ᠲᠣᠭᠲᠠᠭᠠᠭᠰᠠᠨ ᠲᠦᠷᠢᠮ ᠨᠢ ᠪᠦᠷᠢᠨ ᠭᠦᠢᠴᠡᠳ ᠪᠠᠶᠢᠬᠤ ᠡᠰᠡᠬᠦ︔ ᠢᠵᠢ ᠪᠦᠷᠢᠳᠦᠭᠦᠯᠬᠦ ᠲᠦᠷᠢᠮ ᠤᠨ | ᠪᠠᠲᠤᠯᠠᠭ᠎ᠠ ᠨᠢ ᠪᠦᠷᠢᠨ ᠲᠡᠭᠦᠯᠳᠡᠷ ᠪᠠᠶᠢᠬᠤ ᠡᠰᠡᠬᠦ᠃ | 6. ᠵᠢᠷᠤᠮᠵᠢᠯ ᠤᠨ ᠴᠢᠨᠠᠷᠲᠠᠶ ᠦᠨᠡᠯᠡᠨ ᠵᠢᠱᠢᠯᠲᠡ᠃ ᠭᠤᠣᠯᠳᠠᠭᠤ ᠪᠢᠴᠢᠭ ᠮᠠᠲ᠋ᠧᠷᠢᠶᠠᠯ ᠤᠨ ᠬᠡᠯᠪᠡᠷᠢ ᠪᠠᠶᠢᠳᠠᠯ ᠤᠨ | ᠪᠦᠲᠦᠴᠡ ᠪᠠ ᠦᠰᠦᠭ ᠪᠢᠴᠢᠭ ᠤᠨ ᠲᠣᠭᠠᠴᠢᠯᠲᠠ ᠵᠡᠷᠭᠡ ᠨᠢ ᠵᠢᠷᠤᠮᠵᠢᠯ ᠲᠠᠢ ᠪᠠᠶᠢᠬᠤ ᠡᠰᠡᠬᠦ᠂ ᠯᠣᠭᠢᠭ ᠤᠨ | ᠪᠦᠲᠦᠴᠡ ᠨᠢ ᠨᠢᠭᠲᠠ ᠴᠢᠩᠭ᠎ᠠ ᠪᠠᠶᠢᠬᠤ ᠡᠰᠡᠬᠦ᠂ ᠪᠢᠴᠢᠭ ᠮᠠᠲ᠋ᠧᠷᠢᠶᠠᠯ ᠤᠨ ᠵᠥᠪ ᠣᠨᠣᠪᠴᠢᠲᠠᠶ᠂ ᠪᠦᠲᠦᠮᠵᠢᠲᠡᠶ | ᠬᠡᠷᠡᠭᠵᠢᠭᠦᠯᠦᠭᠳᠡᠬᠦ ᠶᠢ ᠨᠥᠯᠥᠭᠡᠯᠡᠭᠰᠡᠨ ᠡᠰᠡᠬᠦ ᠶᠢ ᠦᠨᠡᠯᠡᠨ ᠵᠢᠱᠢᠨ᠎ᠡ᠃ | 7. ᠠᠮᠵᠢᠯᠲᠠ ᠪᠦᠲᠦᠮᠵᠢ ᠶᠢᠨ ᠴᠢᠨᠠᠷᠲᠠᠶ ᠦᠨᠡᠯᠡᠨ ᠵᠢᠱᠢᠯᠲᠡ᠃ ᠭᠤᠣᠯ ᠦᠨᠡᠯᠡᠨ ᠵᠢᠱᠢᠭᠰᠡᠨ ᠪᠢᠴᠢᠭ | ᠮᠠᠲ᠋ᠧᠷᠢᠶᠠᠯ ᠢ ᠬᠡᠷᠡᠭᠵᠢᠭᠦᠯᠦᠭᠰᠡᠨ ᠶᠡᠷᠦᠩᠬᠡᠶ ᠪᠠᠶᠢᠳᠠᠯ︔ ᠨᠡᠶᠢᠳᠡᠮ ᠵᠢᠷᠤᠮᠯᠠᠨ ᠬᠡᠷᠡᠭᠵᠢᠭᠦᠯᠵᠦ ᠪᠠᠶᠢᠬᠤ ᠡᠰᠡᠬᠦ᠂ | ᠵᠢᠱᠢᠭᠰᠡᠨ ᠵᠣᠷᠢᠯᠭ᠎ᠠ ᠪᠠᠨ ᠪᠡᠶᠡᠯᠡᠭᠦᠯᠵᠦ ᠪᠠᠶᠢᠬᠤ ᠡᠰᠡᠬᠦ︔ ᠬᠡᠷᠡᠭᠵᠢᠭᠦᠯᠦᠭᠡᠳ ᠣᠯᠤᠭᠰᠠᠨ ᠨᠡᠶᠢᠭᠡᠮ ᠤᠨ ᠦᠷ᠎ᠡ | ᠠᠰᠢᠭ ᠪᠠ ᠠᠵᠤ ᠠᠬᠤᠶ ᠶᠢᠨ ᠦᠷ᠎ᠡ ᠠᠰᠢᠭ ᠵᠢᠴᠢ ᠲᠤᠭᠤᠰᠢᠯᠠᠭᠤᠯᠤᠨ ᠬᠡᠷᠡᠭᠵᠢᠭᠦᠯᠦᠭᠰᠡᠨ ᠥᠪᠡᠷ ᠤᠨ | ᠦᠷᠲᠡᠭ ᠤᠨ ᠦᠷ᠎ᠡ ᠠᠰᠢᠭ ᠤᠨ ᠲᠤᠬᠠᠶ ᠵᠠᠳᠠᠯᠤᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠬᠢᠨ ᠪᠠᠶᠢᠳᠠᠯ ᠢᠶᠠᠨ | ᠲᠤᠰᠬᠠᠪᠠ︔ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠷᠭᠠᠴᠠᠬᠤ ᠪᠤᠳᠤᠯᠭ᠎ᠠ ᠶᠢᠨ | ᠰᠠᠨᠠᠭᠤᠯᠭ᠎ᠠ︔ ᠲᠤᠰ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠷᠭᠦᠯᠵᠢᠯᠡᠨ ᠬᠡᠷᠡᠭᠵᠢᠭᠦᠯᠬᠦ ᠡᠰᠡᠬᠦ᠂ | ᠡᠰᠡᠬᠦᠯ᠎ᠡ ᠵᠠᠰᠠᠪᠤᠷᠢ ᠣᠷᠣᠭᠤᠯᠬᠤ ᠪᠤᠶᠤ ᠬᠦᠴᠦᠨ ᠥᠭᠡᠢ ᠪᠣᠯᠭᠠᠬᠤ ᠴᠢᠬᠤᠯᠠ ᠲᠠᠢ᠃ | ᠭᠤᠷᠪᠠ᠂ ᠰᠢᠢᠳᠪᠦᠷᠢᠯᠡᠭᠰᠡᠨ᠂ ᠦᠨᠡᠯᠡᠨ ᠵᠢᠱᠢᠭᠰᠡᠨ ᠦᠷ᠎ᠡ ᠳ᠋ᠦᠩ | ︵ᠨᠢᠭᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠤᠳᠤ ᠶᠢᠨ ᠬᠡᠷᠡᠭᠵᠢᠭᠦᠯᠵᠦ ᠪᠠᠶᠢᠭ᠎ᠠ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠵᠦ᠂ ᠦᠷᠭᠦᠯᠵᠢᠯᠡᠨ ᠦᠯᠡᠳᠡᠭᠡᠬᠦ ᠳᠤ ᠲᠤᠬᠢᠷᠠᠬᠤ ᠶᠢ ᠨᠢ | ᠦᠷᠭᠦᠯᠵᠢᠯᠡᠨ ᠬᠦᠴᠦᠨ ᠲᠠᠢ ᠪᠠᠶᠢᠯᠭᠠᠬᠤ ᠶᠢ ᠨᠡᠶᠢᠲᠡᠯᠡᠵᠦ ᠪᠣᠯᠤᠨ᠎ᠠ᠃ | ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠬᠦᠴᠦᠨ ᠥᠭᠡᠢ ᠪᠣᠯᠭᠠᠬᠤ ᠪᠠᠷ ᠨᠡᠶᠢᠲᠡᠯᠡᠬᠦ ᠬᠡᠷᠡᠭᠲᠡᠶ᠃ | 1. ᠠᠭᠤᠯᠭ᠎ᠠ ᠨᠢ ᠲᠣᠭᠲᠠᠭᠠᠬᠤ ᠪᠡᠶᠡᠴᠢ ᠴᠣᠭᠴᠠ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠡᠨ ᠠᠴᠠ ᠳᠠᠪᠠᠭᠰᠠᠨ︔ | 2. ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ | ᠨᠡᠶᠢᠴᠡᠬᠦ ᠥᠬᠡᠶ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ | ᠪᠣᠯᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠪᠠᠶᠢᠬᠤ︔ | 3% ᠲᠣᠭᠲᠠᠭᠠᠬᠤ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ | ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠭᠡᠢ ᠪᠣᠯᠭᠠᠭᠰᠠᠨ ᠪᠤᠶᠤ | ᠵᠠᠰᠠᠪᠤᠷᠢ ᠣᠷᠣᠭᠤᠯᠤᠭᠰᠠᠨ | 4. ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠠᠶᠢᠬᠤ᠃ | ︵ᠭᠤᠷᠪᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠬᠦᠴᠦᠨ | ᠥᠭᠡᠢ ᠪᠣᠯᠤᠭᠰᠠᠨ ᠢ ᠵᠠᠷᠯᠠᠬᠤ ᠬᠡᠷᠡᠭᠲᠡᠶ᠃ | 1% ᠨᠡᠷᠡᠶᠢᠳᠦᠯ ᠢ ︽ᠲᠥᠷ ᠬᠡᠷᠡᠭᠵᠢᠭᠦᠯᠬᠦ︾ ︽ᠲᠤᠷᠰᠢᠨ ᠬᠡᠷᠡᠭᠵᠢᠭᠦᠯᠬᠦ︾ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠬᠡᠷᠡᠭᠵᠢᠭᠦᠯᠦᠭᠡᠳ ᠨᠢᠭᠡᠨᠲᠡ ᠪᠦᠬᠦᠯᠢ 2 ᠵᠢᠯ ᠪᠣᠯᠤᠭᠰᠠᠨ᠂ ᠡᠰᠡᠬᠦᠯ᠎ᠡ ᠬᠡᠷᠡᠭᠯᠡᠬᠦ ᠬᠤᠭᠤᠴᠠᠭ᠎ᠠ ᠠᠴᠠ | ᠨᠢᠭᠡᠨᠲᠡ ᠥᠩᠭᠡᠷᠡᠭᠰᠡᠨ ︵︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ᠶᠢᠨ ᠬᠤᠷᠢᠨ ᠲᠠᠪᠤᠳᠤᠭᠠᠷ | ᠵᠦᠢᠯ ᠳᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠡᠷᠡᠶᠢᠳᠦᠯ ᠢ ︽ᠲᠥᠷ ᠬᠡᠷᠡᠭᠵᠢᠭᠦᠯᠬᠦ | ︾ ︽ᠲᠤᠷᠰᠢᠨ ᠬᠡᠷᠡᠭᠵᠢᠭᠦᠯᠬᠦ︾ ᠪᠠᠷ ᠲᠠᠯᠪᠢᠭᠰᠠᠨ ᠪᠣᠯ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠵᠤ ᠪᠣᠯᠬᠤ | ᠥᠭᠡᠢ︶᠃ | 2. ᠲᠣᠬᠢᠷᠠᠭᠤᠯᠬᠤ ᠳ᠋ᠦᠶ᠋ᠰᠢᠶᠠᠩ ᠨᠢ ᠨᠢᠭᠡᠨᠲᠡ ᠠᠷᠢᠯᠤᠭᠰᠠᠨ ᠪᠤᠶᠤ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ | ᠨᠢᠭᠡᠨᠲᠡ ᠬᠤᠪᠢᠷᠬᠠᠰᠠᠨ︔ | 3. ᠲᠣᠭᠲᠠᠭᠠᠭᠰᠠᠨ ᠵᠦᠢᠯ ᠤᠳ ᠤᠨ ᠡᠭᠦᠷᠭᠡ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠬᠡᠷᠡᠭ ᠳᠡᠭᠡᠷ᠎ᠡ ᠪᠠᠨ | ᠨᠢᠭᠡᠨᠲᠡ ᠬᠦᠴᠦᠨ ᠦᠭᠡᠢ ᠪᠣᠯᠤᠭᠰᠠᠨ︔ | 4% ᠲᠣᠭᠲᠠᠭᠠᠬᠤ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ | ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠨᠢ ᠨᠢᠭᠡᠨᠲᠡ ᠬᠦᠴᠦᠨ ᠥᠭᠡᠢ | ᠪᠣᠯᠤᠭᠰᠠᠨ ᠢᠶᠠᠷ ᠨᠡᠶᠢᠲᠡᠯᠡᠭᠳᠡᠭᠰᠡᠨ᠃ | ︵ᠲᠥᠷᠪᠡ︶ ᠦᠨᠡᠯᠡᠨ ᠵᠢᠱᠢᠵᠦ ᠳᠠᠭᠤᠰᠤᠭᠰᠠᠨ ᠤ ᠲᠠᠷᠠᠭ᠎ᠠ ᠦᠨᠡᠯᠡᠨ ᠵᠢᠱᠢᠭᠰᠡᠨ ᠮᠡᠳᠡᠭᠦᠯᠦᠯᠲᠡ ᠪᠤᠢ ᠪᠣᠯᠭᠠᠬᠤ᠃ | ᠦᠨᠡᠯᠡᠨ ᠵᠢᠱᠢᠭᠰᠡᠨ ᠮᠡᠳᠡᠭᠦᠯᠦᠯᠲᠡ ᠶᠢᠨ ᠭᠤᠣᠯ ᠠᠭᠤᠯᠭ᠎ᠠ ᠶᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ᠂ | ᠣᠷᠣᠰᠢᠵᠤ ᠪᠠᠶᠢᠭ᠎ᠠ ᠭᠤᠣᠯ ᠠᠰᠠᠭᠤᠳᠠᠯ᠂ ᠦᠨᠡᠯᠡᠨ ᠵᠢᠱᠢᠭᠰᠡᠨ ᠳ᠋ᠦᠩᠨᠡᠯᠲᠡ ᠵᠢᠴᠢ ᠰᠠᠨᠠᠭᠤᠯᠭ᠎ᠠ ᠵᠡᠷᠭᠡ ᠭᠤᠷᠪᠠᠨ | ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ᠂ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠳᠤ ᠭᠤᠤᠯᠳᠠᠭᠤ | ᠬᠡᠷᠡᠭᠵᠢᠭᠦᠯᠦᠭᠰᠡᠨ ᠦᠨᠳᠦᠰᠦᠨ ᠪᠠᠶᠢᠳᠠᠯ᠂ ᠴᠢᠳᠠᠮᠵᠢ ᠦᠢᠯᠡᠳᠦᠯ᠂ ᠣᠯᠤᠭᠰᠠᠨ ᠠᠮᠵᠢᠯᠲᠠ ᠪᠦᠲᠦᠮᠵᠢ ᠵᠡᠷᠭᠡ | ᠪᠠᠭᠲᠠᠨ᠎ᠠ᠃ ᠬᠤᠶᠠᠳᠤᠭᠠᠷ ᠬᠡᠰᠡᠭ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠪᠣᠯ ᠭᠤᠣᠯᠳᠠᠭᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠭᠤᠣᠯ ᠠᠰᠠᠭᠤᠳᠠᠯ᠂ ᠪᠣᠳᠠᠲᠠᠶ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠴᠢᠳᠠᠬᠤ ᠡᠰᠡᠬᠦ ᠶᠢᠨ ᠬᠠᠮᠲᠤ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ | ᠴᠢᠳᠠᠬᠤ ᠡᠰᠡᠬᠦ ᠶᠠᠪᠤᠳᠠᠯ ᠪᠣᠯᠤᠨ᠎ᠠ᠃ ᠭᠤᠷᠪᠠᠳᠤᠭᠠᠷ ᠬᠡᠰᠡᠭ᠂ ᠦᠨᠡᠯᠡᠨ ᠵᠢᠱᠢᠭᠰᠡᠨ ᠳ᠋ᠦᠩᠨᠡᠯᠲᠡ ᠵᠢᠴᠢ ᠰᠠᠨᠠᠭᠤᠯᠭ᠎ᠠ | ᠂ ᠡᠭᠦᠨ ᠳᠤ ᠭᠤᠤᠯᠳᠠᠭᠤ ᠦᠨᠡᠯᠡᠨ ᠵᠢᠱᠢᠭᠰᠡᠨ ᠳ᠋ᠦᠩᠨᠡᠯᠲᠡ ᠵᠢᠴᠢ ᠲᠠᠷᠠᠭᠠᠴᠢ ᠶᠢᠨ ᠠᠯᠬᠤᠮ ᠳᠤ ᠬᠡᠷᠡᠭᠵᠢᠭᠦᠯᠬᠦ | ᠶᠠᠪᠤᠴᠠ ᠳᠠᠬᠢ ᠭᠤᠤᠯᠳᠠᠯᠭ᠎ᠠ ᠲᠠᠢ᠂ ᠪᠡᠷᠬᠡᠲᠡᠶ ᠠᠰᠠᠭᠤᠳᠠᠯ ᠢ ᠬᠡᠷᠬᠢᠨ ᠦᠨᠡᠨ ᠬᠦ ᠰᠢᠢᠳᠪᠦᠷᠢᠯᠡᠬᠦ᠂ ᠬᠡᠷᠡᠭᠵᠢᠭᠦᠯᠬᠦ | ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠲᠤᠬᠠᠶ ᠬᠤᠯᠪᠣᠭᠳᠠᠯ ᠪᠥᠬᠦᠶ ᠰᠠᠨᠠᠯ ᠪᠠ ᠰᠠᠨᠠᠭᠤᠯᠭ᠎ᠠ ᠳᠤᠷᠠᠳᠬᠤ | ᠵᠡᠷᠭᠡ ᠪᠠᠭᠲᠠᠨ᠎ᠠ᠃ | ᠳᠥᠷᠪᠡ᠂ ᠠᠵᠢᠯ ᠤᠨ ᠬᠤᠪᠢᠶᠠᠷᠢᠯᠠᠯ ᠪᠠ ᠠᠵᠢᠯ ᠤᠨ ᠴᠠᠭ ᠤᠨ ᠬᠢᠵᠠᠭᠠᠷ | ︽ᠬᠡᠨ ᠲᠣᠭᠲᠠᠭᠠᠭᠰᠠᠨ ᠪᠣᠯ ᠲᠡᠷᠡ ᠢᠯᠭᠠᠷᠠᠭᠤᠯᠵᠤ᠂ ᠲᠡᠷᠡ ᠦᠨᠡᠯᠡᠨ ᠵᠢᠱᠢᠬᠦ︾ ᠵᠠᠷᠴᠢᠮ ᠢ ᠪᠠᠷᠢᠮᠲᠠᠯᠠᠨ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠵᠤ᠂ ᠦᠨᠡᠯᠡᠨ ᠵᠢᠱᠢᠬᠦ ᠠᠵᠢᠯ ᠢ ᠲᠡᠭᠦᠨ ᠤ | ᠲᠣᠭᠲᠠᠭᠠᠭᠰᠠᠨ ᠪᠠᠶᠢᠭᠤᠯᠤᠯᠭ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠢᠯᠭᠠᠷᠠᠭᠤᠯᠵᠤ᠂ ᠦᠨᠡᠯᠡᠨ ᠵᠢᠱᠢᠬᠦ | ᠬᠡᠷᠡᠭᠲᠡᠶ᠃ ᠣᠯᠠᠨ ᠰᠠᠯᠠᠭ᠎ᠠ ᠮᠥᠴᠢᠷ ᠬᠠᠮᠲᠤᠷᠠᠨ ᠦᠢᠯᠡᠳᠦᠨ ᠲᠠᠷᠬᠠᠭᠠᠬᠤ ᠪᠠ ᠣᠯᠠᠨ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠳᠤ ᠬᠤᠯᠪᠣᠭᠳᠠᠪᠠᠯ᠂ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠠᠴᠠ ᠬᠠᠷᠢᠭᠤᠴᠠᠨ | ᠵᠣᠬᠢᠶᠠᠨ ᠪᠠᠶᠢᠭᠤᠯᠤᠨ ᠰᠢᠢᠳᠪᠦᠷᠢᠯᠡᠬᠦ᠂ ᠦᠨᠡᠯᠡᠨ ᠵᠢᠱᠢᠬᠦ ᠬᠡᠷᠡᠭᠲᠡᠶ︔ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ | ᠰᠢᠯᠲᠠᠭᠠᠨ ᠠᠴᠠ ᠪᠣᠯᠵᠣ᠂ ᠲᠣᠭᠲᠠᠭᠠᠭᠰᠠᠨ ᠪᠠᠶᠢᠭᠤᠯᠤᠯᠭ᠎ᠠ ︵ᠰᠠᠯᠠᠭ᠎ᠠ ᠮᠥᠴᠢᠷ︶ ᠶᠢ ᠬᠦᠴᠦᠨ ᠥᠬᠡᠶ | ᠪᠣᠯᠭᠠᠭᠰᠠᠨ᠂ ᠰᠠᠯᠭᠠᠭᠰᠠᠨ᠂ ᠨᠡᠶᠢᠯᠡᠭᠦᠯᠦᠭᠰᠡᠨ ᠵᠢᠴᠢ ᠡᠭᠦᠷᠭᠡ ᠴᠢᠳᠠᠪᠤᠷᠢ ᠶᠢ ᠨᠢ ᠰᠢᠯᠵᠢᠭᠦᠯᠦᠭᠰᠡᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ | ᠪᠠᠶᠢᠭᠤᠯᠤᠯᠭ᠎ᠠ ︵ᠰᠠᠯᠠᠭ᠎ᠠ ᠮᠥᠴᠢᠷ︶ ᠠᠴᠠ ᠬᠠᠷᠢᠭᠤᠴᠠᠨ ᠢᠯᠭᠠᠷᠠᠭᠤᠯᠵᠤ᠂ ᠦᠨᠡᠯᠡᠨ ᠵᠢᠱᠢᠨ᠎ᠡ︔ ᠲᠣᠭᠲᠠᠭᠠᠬᠤ | ᠭᠤᠣᠯ ᠴᠣᠭᠴᠠ ᠶᠢᠨ ᠬᠢᠷᠢ ᠬᠡᠮ ᠢ ᠪᠦᠷᠢᠳᠦᠭᠦᠯᠦᠭᠰᠡᠨ ᠥᠭᠡᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠬᠠᠷᠢᠶ᠎ᠠ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠬᠠᠮᠢᠶ᠎ᠠ ᠪᠥᠬᠦᠢ ᠰᠠᠯᠠᠭ᠎ᠠ | ᠮᠥᠴᠢᠷ ᠠᠴᠠ ᠰᠢᠢᠳᠪᠦᠷᠢᠯᠡᠬᠦ᠂ ᠦᠨᠡᠯᠡᠨ ᠵᠢᠱᠢᠬᠦ ᠶᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠢ ᠡᠷᠬᠡᠪᠰᠢ 7 ᠳ᠋ᠤᠭᠠᠷ ᠰᠠᠷ᠎ᠠ ᠶᠢᠨ 10 ᠤ ᠡᠳᠦᠷ ᠠᠴᠠ | ᠡᠮᠦᠨ᠎ᠡ ᠪᠡᠶᠡᠯᠡᠭᠦᠯᠬᠦ ᠬᠡᠷᠡᠭᠲᠡᠶ᠃ | ︵ᠨᠢᠭᠡ︶ ᠬᠤᠰᠢᠭᠤᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ | ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ᠃ | ᠲᠤᠰ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠰᠠᠯᠠᠭ᠎ᠠ ᠮᠥᠴᠢᠷ ᠪᠤᠶᠤ ᠬᠡᠷᠡᠭᠵᠢᠭᠦᠯᠬᠦ | ᠰᠠᠯᠠᠭ᠎ᠠ ᠮᠥᠴᠢᠷ ᠠᠴᠠ ᠰᠢᠢᠳᠪᠦᠷᠢᠯᠡᠬᠦ᠂ ᠦᠨᠡᠯᠡᠨ ᠵᠢᠱᠢᠬᠦ ᠶᠢ ᠬᠠᠷᠢᠭᠤᠴᠠᠨ᠎ᠠ ︵ᠳᠠᠭᠠᠯᠳᠤᠭᠤᠯᠤᠯ 5 ᠶᠢ ᠦᠵᠡ︶ | ᠂ ᠰᠢᠢᠳᠪᠦᠷᠢᠯᠡᠬᠦ ᠰᠠᠨᠠᠭᠤᠯᠭ᠎ᠠ ᠪᠠ ᠤᠴᠢᠷ ᠰᠢᠯᠲᠠᠭᠠᠨ ᠢᠶᠠᠨ ᠳᠤᠷᠠᠳᠬᠤ ᠶᠢᠨ ᠬᠠᠮᠲᠤ ᠦᠨᠡᠯᠡᠨ ᠵᠢᠱᠢᠭᠰᠡᠨ | ᠮᠡᠳᠡᠭᠦᠯᠦᠯᠲᠡ ᠵᠣᠬᠢᠶᠠᠵᠤ᠂ ︽ᠬᠤᠰᠢᠭᠤᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠵᠠᠰᠠᠭ ᠤᠨ | ᠣᠷᠳᠣᠨ ᠤ ᠠᠯᠪᠠᠨ ᠬᠡᠷ ᠤᠨ ᠨᠡᠷ᠎ᠡ ᠪᠠᠷ ᠵᠣᠬᠢᠶᠠᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠰᠢᠢᠳᠪᠦᠷᠢᠯᠡᠬᠦ᠂ ᠦᠨᠡᠯᠡᠨ ᠵᠢᠱᠢᠬᠦ ᠰᠠᠨᠠᠭᠤᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1 ᠶᠢ ᠦᠵᠡ︶ ᠶᠢ | ᠲᠠᠭᠯᠠᠵᠤ᠂ ᠭᠤᠤᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠬᠤ ᠶᠢᠨ ᠬᠠᠮᠲᠤ ᠠᠯᠪᠠᠨ ᠲᠠᠮᠠᠭ᠎ᠠ | ᠳᠠᠷᠤᠭᠤᠯᠤᠭᠰᠠᠨ ᠤ ᠳᠠᠷᠠᠭ᠎ᠠ᠂ 2021 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ | ᠳᠠᠭᠠᠯᠳᠤᠭᠤᠯᠤᠯ 1 ᠪᠠ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠬᠤᠰᠢᠭᠤᠨ ᠬᠠᠤᠯᠢ ᠴᠠᠭᠠᠵᠠ ᠶᠢᠨ | ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ᠬᠡᠳᠦᠨ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠨᠠᠯ ᠳᠤᠷᠠᠳᠬᠤ | ᠴᠢᠬᠤᠯᠠ ᠲᠠᠢ ᠪᠣᠯ᠂ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠠᠴᠠ ᠪᠤᠰᠤᠳ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠰᠠᠨᠠᠯ ᠢ ᠭᠦᠢᠴᠡᠳ ᠰᠣᠨᠣᠰᠬᠤ ᠶᠢᠨ ᠬᠠᠮᠲᠤ ᠵᠣᠬᠢᠴᠠᠭᠤᠯᠤᠨ ᠨᠢᠭᠡᠳᠬᠡᠭᠰᠡᠨ ᠤ ᠳᠠᠷᠠᠭ᠎ᠠ ᠰᠢᠢᠳᠪᠦᠷᠢᠯᠡᠬᠦ | ᠂ ᠦᠨᠡᠯᠡᠨ ᠵᠢᠱᠢᠬᠦ ᠰᠠᠨᠠᠯ ᠢ ᠬᠠᠮᠲᠤ ᠪᠠᠷ ᠪᠦᠷᠢᠯᠳᠦᠭᠦᠯᠵᠦ᠂ 2021 ᠣᠨ ᠤ 7 ᠳ᠋ᠤᠭᠠᠷ ᠰᠠᠷ᠎ᠠ ᠶᠢᠨ 10 ᠤ | ᠡᠳᠦᠷ ᠠᠴᠠ ᠡᠮᠦᠨ᠎ᠡ ᠳᠠᠭᠠᠯᠳᠤᠭᠤᠯᠤᠯ 1᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ | ᠮᠡᠳᠡᠭᠦᠯᠦᠯᠲᠡ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠳᠤ | ᠮᠡᠳᠡᠭᠦᠯᠦᠨ᠎ᠡ᠃ ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠮᠡᠳᠡᠭᠦᠯᠦᠨ ᠬᠦᠷᠭᠡᠭᠰᠡᠨ ᠢᠯᠭᠠᠷᠠᠭᠤᠯᠤᠨ | ᠳᠢᠭᠯᠡᠬᠦ ᠰᠠᠨᠠᠯ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠷᠢᠶᠠᠩᠭᠤᠶᠢᠯᠠᠨ ᠡᠮᠬᠢᠯᠡᠵᠦ ᠳᠢᠭᠯᠡᠭᠰᠡᠨ ᠤ ᠳᠠᠷᠠᠭ᠎ᠠ᠂ | ᠬᠤᠯᠪᠣᠭᠳᠠᠯ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠷᠭᠦᠯᠵᠢᠯᠡᠨ ᠬᠦᠴᠦᠨ ᠲᠠᠢ ᠪᠠᠶᠢᠯᠭᠠᠬᠤ᠂ | ᠬᠦᠴᠦᠨ ᠥᠬᠡᠶ ᠪᠣᠯᠭᠠᠬᠤ᠂ ᠬᠦᠴᠦᠨ ᠥᠬᠡᠶ ᠪᠣᠯᠭᠠᠬᠤ ᠵᠡᠷᠭᠡ ᠰᠢᠢᠳᠪᠦᠷᠢᠯᠡᠬᠦ ᠰᠠᠨᠠᠯ ᠢ ᠪᠣᠶ ᠪᠣᠯᠭᠠᠵᠤ᠂ | ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ︵ᠬᠤᠶᠠᠷ︶ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ | ᠭᠤᠳᠤᠮᠵᠢ ᠶᠢᠨ ᠠᠯᠪᠠᠨ ᠬᠡᠷ ᠤᠨ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠰᠢᠢᠳᠪᠦᠷᠢᠯᠡᠬᠦ᠂ ᠦᠨᠡᠯᠡᠨ ᠵᠢᠱᠢᠬᠦ᠃ ᠡᠯ᠎ᠡ ᠨᠢᠭᠡᠴᠡ ᠠᠴᠠ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠤᠨ | ᠶᠣᠰᠣᠭᠠᠷ ᠥᠪᠡᠷᠲᠡᠭᠡᠨ ᠢᠯᠭᠠᠷᠠᠭᠤᠯᠵᠤ᠂ ᠦᠨᠡᠯᠡᠨ ᠵᠢᠱᠢᠵᠦ᠂ ᠡᠭᠦᠨ ᠳᠤ ᠭᠤᠤᠯ ᠴᠣᠭᠴᠠ ᠶᠢᠨ ᠬᠢᠷᠢ ᠬᠡᠮ ᠢ | ᠲᠣᠭᠲᠠᠭᠠᠬᠤ ᠥᠬᠡᠶ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ ᠪᠠᠭᠲᠠᠭᠠᠨ᠎ᠠ᠂ 2021 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ᠂ ᠦᠨᠡᠯᠡᠨ ᠵᠢᠱᠢᠭᠰᠡᠨ ᠪᠠᠶᠢᠳᠠᠯ ᠤᠨ | ᠮᠡᠳᠡᠭᠦᠯᠦᠯᠲᠡ ᠵᠢᠴᠢ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ᠂ ᠦᠨᠡᠯᠡᠨ ᠵᠢᠱᠢᠭᠰᠡᠨ | ᠠᠵᠢᠯ ᠤᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 2 ᠢ ᠦᠵᠡ︶᠂ ︽ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ ᠭᠠᠷᠴᠠᠭ︾ ︵ᠳᠠᠭᠠᠯᠳᠤᠭᠤᠯᠤᠯ 3 ᠶᠢ ᠦᠵᠡ︶᠂ ︽ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠨᠡᠯᠡᠨ ᠵᠢᠱᠢᠭᠰᠡᠨ ᠭᠠᠷᠴᠠᠭ︾ ︵ᠳᠠᠭᠠᠯᠳᠤᠭᠤᠯᠤᠯ 4 ᠶᠢ ᠦᠵᠡ | ︶ ᠢ ᠬᠠᠮᠲᠤ ᠳᠤᠨᠢ ᠴᠠᠬᠢᠮ ᠬᠡᠪᠯᠡᠯ ᠢ ᠳᠠᠭᠠᠯᠳᠤᠭᠤᠯᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ | ᠮᠡᠳᠡᠭᠦᠯᠦᠨ᠎ᠡ᠃ | ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠨᠢᠭᠡᠴᠡ᠂ | ᠡᠯ᠎ᠡ ᠰᠤᠮᠤ ᠪᠠᠯᠭᠠᠰᠤ ᠨᠤᠭᠤᠳ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠤᠨ ᠴᠢᠬᠤᠯᠠ ᠴᠢᠨᠠᠷ ᠢ ᠭᠦᠢᠴᠡᠳ | ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ | ᠵᠢᠱᠢᠬᠦ ᠠᠵᠢᠯ ᠢ ᠲᠣᠰ ᠨᠢᠭᠡᠴᠡ ᠶᠢᠨ ᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ | ᠲᠠᠯ᠎ᠠ ᠪᠠᠷ ᠤᠷᠤᠭᠰᠢ ᠠᠬᠢᠭᠤᠯᠬᠤ ᠠᠵᠢᠯ ᠤᠨ ᠴᠢᠬᠤᠯᠠ ᠠᠵᠢᠯ ᠤᠨ ᠡᠭᠦᠷᠭᠡ ᠪᠣᠯᠭᠠᠵᠤ᠂ ᠰᠢᠢᠳᠪᠦᠷᠢᠯᠡᠬᠦ᠂ | ᠦᠨᠡᠯᠡᠨ ᠵᠢᠱᠢᠬᠦ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠬᠤ ᠬᠡᠷᠡᠭᠲᠡᠶ᠃ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠨᠢ ᠲᠥᠷᠥ ᠶᠢᠨ ᠪᠤᠳᠤᠯᠭ᠎ᠠ ᠶᠢᠨ | ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠬᠡᠮᠵᠢᠶ᠎ᠡ ᠨᠢ ᠶᠡᠭᠡ ᠪᠣᠯᠬᠤᠷ᠂ ᠡᠯ᠎ᠡ | ᠨᠢᠭᠡᠴᠡ ᠨᠦᠭᠦᠳ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠲᠥᠰᠦᠯ ᠲᠣᠭᠲᠠᠭᠠᠨ᠂ | ᠠᠵᠢᠯ ᠤᠨ ᠴᠠᠭ ᠤᠨ ᠬᠢᠵᠠᠭᠠᠷ ᠢᠶᠠᠨ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭᠠᠷᠠᠭᠤᠯᠵᠤ᠂ | ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠴᠠᠭ ᠲᠤᠬᠠᠶ ᠳᠤᠨᠢ ᠨᠡᠶᠢᠭᠡᠮ ᠳᠤ ᠢᠯᠠ ᠪᠠᠷ ᠢᠯᠭᠠᠷᠠᠭᠤᠯᠵᠤ᠂ | ᠦᠨᠡᠯᠡᠨ ᠵᠢᠱᠢᠭᠰᠡᠨ ᠦᠷ᠎ᠡ ᠳᠦᠢᠩ ᠢ ᠦᠨᠡᠯᠡᠨ ᠵᠢᠱᠢᠵᠦ᠂ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠤᠨ ᠥᠨᠳᠥᠷ | ᠦᠷ᠎ᠡ ᠪᠦᠲᠦᠮᠵᠢᠲᠡᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠵᠢᠯᠣᠭᠤᠳᠣᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠯᠲᠠ ᠪᠠᠨ ᠴᠢᠩᠭᠠᠷᠠᠭᠤᠯᠤᠨ᠎ᠠ᠃ | ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠢ ᠰᠢᠮᠳᠠᠭᠤᠯᠬᠤ ᠪᠠ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ | ᠡᠯ᠎ᠡ ᠨᠢᠭᠡᠴᠡ᠂ ᠡᠯ᠎ᠡ ᠰᠤᠮᠤ ᠪᠠᠯᠭᠠᠰᠤ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ | ᠦᠨᠡᠯᠡᠨ ᠵᠢᠱᠢᠬᠦ ᠠᠵᠢᠯ ᠤᠨ ᠳᠤᠮᠳᠠ ᠬᠡᠷᠪᠡ ᠠᠰᠠᠭᠤᠳᠠᠯ ᠲᠠᠢ ᠪᠣᠯ᠂ ᠴᠠᠭ ᠲᠤᠬᠠᠶ ᠳᠤᠨᠢ ᠬᠤᠰᠢᠭᠤᠨ ᠬᠠᠤᠯᠢ | ᠴᠠᠭᠠᠵᠠ ᠶᠢᠨ ᠲᠣᠪᠴᠢᠶ᠎ᠠ ᠲᠠᠢ ᠬᠠᠷᠢᠯᠴᠠᠵᠤ᠂ ᠵᠥᠪᠳᠡᠯᠴᠡᠨ ᠨᠡᠪᠲᠡᠷᠡᠯᠴᠡᠬᠦ ᠪᠠᠨ ᠴᠢᠩᠭᠠᠳᠬᠠᠵᠤ᠂ ᠠᠰᠠᠭᠤᠳᠠᠯ ᠢ | ᠰᠤᠳᠤᠯᠤᠨ ᠰᠢᠢᠳᠪᠦᠷᠢᠯᠡᠬᠦ ᠬᠡᠷᠡᠭᠲᠡᠶ᠃ | ᠬᠠᠷᠢᠯᠴᠠᠬᠤ ᠬᠥᠮᠦᠨ᠄ ᠸᠠᠩ ᠰᠢᠤᠸᠠᠢ ᠮᠧᠩ ᠤᠨ ᠬᠠᠷᠢᠯᠴᠠᠬᠤ ᠤᠲᠠᠰᠤ᠄ 0483 — 8224376 | | | 2021 ᠣᠨ ᠤ 6 ᠰᠠᠷ᠎ᠠ ᠶᠢᠨ 29 | | | ᠳᠠᠭᠠᠯᠳᠤᠭᠤᠯᠤᠯ᠄ | 1. ᠬᠤᠰᠢᠭᠤᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ | ᠨᠡᠷ᠎ᠡ ᠪᠠᠷ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ | ᠵᠢᠱᠢᠬᠦ ᠰᠠᠨᠠᠭᠤᠯᠭ᠎ᠠ ᠶᠢᠨ ᠬᠦᠰᠦᠨᠦᠭᠲᠦ᠃ doc | 2. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ᠂ ᠦᠨᠡᠯᠡᠨ ᠵᠢᠱᠢᠭᠰᠡᠨ ᠪᠠᠶᠢᠳᠠᠯ ᠤᠨ | ᠪᠦᠷᠢᠳᠬᠡᠯ ᠤᠨ ᠬᠦᠰᠦᠨᠦᠭᠲᠦ᠃ docx | 3. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠭᠠᠷᠴᠠᠭ᠃ docx | 4. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠦᠨᠡᠯᠡᠨ ᠵᠢᠱᠢᠬᠦ ᠭᠠᠷᠴᠠᠭ᠃ docx | 5. ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |