| | ︵2021 ᠣᠨ ᠤ 5 ᠳ᠋ᠤᠭᠠᠷ ᠰᠠᠷ᠎ᠠ ᠶᠢᠨ 15 ᠤ ᠡᠳᠦᠷ︶ | ᠭᠧ ᠮᠢᠩ | ᠨᠥᠬᠦᠳ ᠡ᠄ | ᠥᠨᠥᠳᠦᠷ ᠤᠨ ᠮᠠᠨ ᠤ ᠬᠤᠷᠠᠯᠳᠤᠭᠤᠯᠤᠭᠰᠠᠨ ᠪᠦᠬᠦ ᠬᠤᠰᠢᠭᠤᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ | ᠭᠤᠣᠯ ᠡᠭᠦᠷᠭᠡ ᠨᠢ ᠪᠣᠯ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠤᠨ᠎ᠠ᠃ ᠪᠥᠬᠦ | ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠴᠤᠭ ᠰᠦᠯᠳᠡ ᠶᠢ ᠦᠷᠭᠦᠯᠵᠢᠯᠡᠨ ᠬᠥᠭᠵᠢᠭᠡᠨ᠂ | ᠠᠵᠢᠯ ᠤᠨ ᠰᠤᠷᠲᠠᠯ ᠢ ᠬᠤᠪᠢᠷᠠᠭᠤᠯᠵᠤ᠂ ᠦᠢᠯᠡᠴᠢᠯᠡᠭᠡᠨ ᠤ ᠤᠬᠠᠮᠰᠠᠷ ᠢ ᠦᠷᠭᠦᠯᠵᠢᠯᠡᠨ ᠴᠢᠩᠭᠠᠳᠬᠠᠨ᠂ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠠᠬᠢᠴᠠ ᠶᠢ ᠬᠠᠮᠲᠤ ᠪᠠᠷ ᠤᠷᠤᠭᠰᠢ ᠠᠬᠢᠭᠤᠯᠵᠤ᠂ ᠠᠯᠠᠱᠠ ᠵᠡᠭᠦᠨ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢ ᠤᠷᠤᠭᠰᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠢ ᠪᠣᠶ ᠪᠣᠯᠭᠠᠨ᠎ᠠ᠃ | ᠰᠠᠶ᠋ᠢᠬᠠᠨ᠂ ᠭᠤᠤ ᠳ᠋ᠦᠩ ᠨᠥᠬᠦᠷ ︽ᠠᠯᠠᠱᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠬᠢᠨᠠᠯᠲᠠ | ᠲᠠᠯᠪᠢᠬᠤ ᠠᠵᠢᠯᠯᠠᠭ᠎ᠠ ᠶᠢᠨ ᠲᠥᠰᠦᠯ︾ ᠪᠠ ︽ᠠᠯᠠᠱᠠ ᠠᠶᠢᠮᠠᠭ ᠤᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ ᠤᠯᠠᠮᠵᠢᠯᠠᠪᠠ᠃ | ᠬᠤᠷᠠᠯ ᠤᠨ ᠲᠠᠷᠠᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠲᠥᠰᠦᠯ ᠳᠤ ᠬᠤᠯᠪᠣᠭᠳᠠᠭᠰᠠᠨ ᠠᠰᠠᠭᠤᠳᠠᠯ ᠢ | ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠣᠨᠴᠠᠭᠠᠶᠢᠯᠠᠨ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ | ᠲᠤᠩᠭᠠᠨ ᠪᠣᠳᠣᠯᠬᠢᠯᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠭᠠᠷᠭᠠᠬᠤ᠂ ᠡᠶᠢᠮᠦᠷᠬᠦ ᠠᠰᠠᠭᠤᠳᠠᠯ ᠤᠨ ᠲᠠᠬᠢᠨ | ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ | ᠳᠣᠣᠷ᠎ᠠ ᠪᠢ ᠪᠠᠰᠠ ᠬᠡᠳᠦᠨ ᠲᠠᠯ᠎ᠠ ᠪᠠᠷ ᠴᠢᠬᠤᠯᠠᠴᠢᠯᠠᠶ᠎ᠠ᠃ | ᠨᠢᠭᠡ᠂ ᠤᠯᠤᠰ ᠲᠥᠷᠥ ᠶᠢᠨ ᠦᠵᠡᠯ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ | ᠨᠢᠭᠡ ᠳᠤ᠂ ᠰᠢ ᠶᠢᠨ ᠫᠢᠩ ᠶᠡᠷᠦᠩᠬᠡᠶ ᠱᠦᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠪᠣᠯᠤᠨ ᠥᠪᠡᠷᠲᠡᠭᠡᠨ ᠵᠠᠰᠠᠬᠤ | ᠣᠷᠣᠨ᠂ ᠠᠶᠢᠮᠠᠭ᠂ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠬᠦ᠂ ᠬᠠᠤᠯᠢ ᠳᠦᠷᠢᠮᠵᠢᠭᠦᠯᠬᠦ᠂ | ᠳᠡᠯᠡᠬᠡᠶᠢᠴᠢᠯᠡᠬᠦ ᠵᠠᠷᠴᠢᠮ ᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠭᠦᠨᠵᠡᠭᠡᠶ ᠬᠤᠪᠢᠷᠠᠭᠤᠯᠬᠤ ᠪᠠᠷ | ᠭᠤᠤᠯᠳᠠᠯᠭ᠎ᠠ ᠪᠣᠯᠭᠠᠨ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠬᠠᠮᠵᠢᠯᠴᠠᠨ ᠬᠠᠮᠲᠤᠷᠠᠯᠴᠠᠬᠤ ᠶᠢ | ᠴᠢᠩᠭᠠᠳᠬᠠᠨ᠂ ᠬᠠᠤᠯᠢ ᠲᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠤᠶᠠᠷ ᠲᠤ᠂ | ᠡᠵᠡᠩᠨᠡᠯᠲᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠳᠤᠮᠳᠠ ᠢᠯᠡᠷᠡᠭᠦᠯᠦᠭᠰᠡᠨ ᠳᠤᠪᠤᠶᠢᠮ᠎ᠠ ᠠᠰᠠᠭᠤᠳᠠᠯ ᠪᠠ | ᠳᠤᠲᠠᠭᠤᠳᠠᠯ ᠳᠤ ᠴᠢᠭᠯᠡᠭᠦᠯᠦᠨ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠴᠡᠭᠴᠡᠯᠡᠨ ᠰᠠᠶᠢᠵᠢᠷᠠᠭᠤᠯᠬᠤ | ᠠᠵᠢᠯ ᠳᠤ ᠬᠠᠨᠳᠤᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ ᠬᠤᠰᠢᠭᠤᠨ ᠤ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠲᠠᠯ᠎ᠠ ᠳᠤ ᠨᠢᠭᠡᠳᠬᠡᠬᠦ ᠬᠡᠷᠡᠭᠲᠡᠢ᠃ ᠭᠤᠷᠪᠠ ᠳᠤ᠂ | ᠠᠵᠤ ᠠᠬᠤᠶᠢᠯᠠᠯ ᠤᠨ ᠲᠤᠰᠬᠠᠭᠰᠠᠨ ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠢᠲᠡᠭᠡᠯ ᠪᠠ ᠥᠷᠢᠰᠥᠯᠳᠦᠭᠡᠨ ᠤ ᠬᠦᠴᠦᠨ ᠢ ᠳᠡᠭᠡᠭᠰᠢᠯᠡᠭᠦᠯᠦᠨ᠂ ᠠᠵᠤ | ᠠᠬᠤᠶᠢᠯᠠᠯ ᠤᠨ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠵᠦ᠂ ᠪᠥᠬᠦ ᠬᠤᠰᠢᠭᠤᠨ ᠤ | ᠡᠵᠡᠩᠨᠡᠯᠲᠡ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠣᠷᠣᠭᠤᠯᠤᠨ ᠦᠢᠯᠡᠰ ᠬᠥᠭᠵᠢᠭᠦᠯᠬᠦ ᠳᠤ | ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠰᠠᠶᠢᠨ ᠰᠠᠶᠢᠬᠠᠨ ᠣᠷᠴᠢᠨ ᠲᠣᠭᠤᠷᠢᠨ ᠢ | ᠪᠣᠶ ᠪᠣᠯᠭᠠᠵᠤ ᠥᠭᠬᠦ ᠬᠡᠷᠡᠭᠲᠡᠶ᠃ | ᠬᠤᠶᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠎ᠠ | ︽ᠠᠯᠠᠱᠠ ᠠᠶᠢᠮᠠᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠲᠤᠬᠠᠶ | ᠠᠷᠭ᠎ᠠ ᠬᠡᠮᠵᠢᠶ᠎ᠡ ᠨᠦᠭᠦᠳ︾ ᠶᠣᠰᠣᠭᠠᠷ᠂ ᠮᠠᠨ ᠤ ᠬᠤᠰᠢᠭᠤ ︽ᠠᠯᠠᠱᠠ ᠵᠡᠭᠦᠨ ᠬᠤᠰᠢᠭᠤᠨ ᠤ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠤᠯ ᠠᠷᠭ᠎ᠠ ᠬᠡᠮᠵᠢᠶ᠎ᠡ ᠵᠢᠴᠢ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ︾ ᠢ ᠰᠤᠳᠤᠯᠤᠨ ᠳᠠᠷᠤᠮᠠᠯᠯᠠᠨ ᠲᠠᠷᠬᠠᠭᠠᠵᠤ᠂ ᠡᠯ᠎ᠡ ᠰᠠᠯᠠᠭ᠎ᠠ ᠮᠥᠴᠢᠷ ᠤᠨ ᠪᠣᠳᠠᠲᠠᠶ ᠠᠷᠭ᠎ᠠ ᠬᠡᠮᠵᠢᠶ᠎ᠡ | ᠵᠢᠴᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭᠠᠲᠠᠨ᠂ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠭᠰᠠᠨ ᠤ ᠬᠠᠮᠲᠤ ᠨᠡᠶᠢᠭᠡᠮ ᠨᠡᠶᠢᠲᠡ ᠳᠤ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠶᠢᠲᠡᠯᠡᠵᠦ᠂ ᠡᠯ᠎ᠡ | ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠮᠥᠷᠳᠡᠨ | ᠰᠢᠪᠠᠳᠠᠵᠤ᠂ ᠡᠯ᠎ᠡ ᠲᠥᠷᠥᠯ ᠤᠨ ᠠᠷᠭ᠎ᠠ ᠬᠡᠮᠵᠢᠶ᠎ᠡ ᠶᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠡᠯ᠎ᠡ ᠬᠤᠰᠢᠭᠤᠨ ᠤ ᠳᠡᠳ᠋ ᠳᠠᠷᠤᠭ᠎ᠠ ︽ᠠᠯᠠᠱᠠ ᠠᠶᠢᠮᠠᠭ ᠤᠨ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠳᠤ ᠬᠤᠯᠪᠣᠭᠳᠠᠭᠰᠠᠨ | ᠠᠰᠠᠭᠤᠳᠠᠯ ᠢ ᠨᠠᠷᠢᠨ ᠬᠢᠨᠠᠮᠠᠭᠠᠶ ᠬᠠᠷᠢᠴᠠᠭᠤᠯᠤᠨ᠂ ᠥᠪᠡᠷ ᠤᠨ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ | ᠱᠠᠯᠠᠪᠳᠠᠨ ᠵᠢᠯᠣᠭᠤᠳᠴᠤ᠂ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ | ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠦᠷᠦᠭᠦᠯᠡᠨ | ᠵᠣᠬᠢᠴᠠᠭᠤᠯᠬᠤ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠬᠢᠨ ᠲᠠᠢ ᠬᠠᠷᠢᠯᠴᠠᠵᠤ᠂ | ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠷᠢᠭᠤᠴᠠᠯᠭᠠᠲᠤ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠲᠥᠰᠦᠯ ᠢ | ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠪᠠ ᠬᠤᠰᠢᠭᠤᠨ ᠰᠢᠭᠤᠳ | ᠬᠠᠷᠢᠶ᠎ᠠ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠵᠢᠯᠴᠠᠨ ︽ | ᠳᠥᠷᠪᠡ ᠶᠢ ᠡᠷᠭᠢᠯᠡᠬᠦ︾ ᠶᠢ ᠬᠡᠷᠡᠭᠵᠢᠭᠦᠯᠬᠦ ᠠᠵᠢᠯ ᠢ ᠡᠷᠴᠢᠮᠲᠡᠢ ᠰᠠᠶᠢᠲᠤᠷ ᠬᠢᠵᠦ᠂ ᠰᠤᠮᠤ ᠪᠠᠯᠭᠠᠰᠤ᠂ ᠵᠡᠭᠡᠯᠢ | ᠭᠤᠳᠤᠮᠵᠢ ᠶᠢᠨ 99 ᠲᠥᠷᠥᠯ ᠤᠨ ᠵᠠᠰᠠᠭ ᠵᠠᠬᠢᠷᠭᠠᠨ ᠤ ᠡᠷᠬᠡ ᠶᠢᠨ ᠲᠦᠭᠵᠢᠷᠡᠯ ᠢ ᠨᠡᠪᠲᠡᠷᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠲᠦᠷᠦᠭᠦᠯᠡᠬᠦ | ᠨᠢᠭᠡᠴᠡ ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠪᠣᠯᠤᠨ ᠬᠤᠶᠠᠷ ᠠᠯᠪᠠᠨ ᠬᠡᠷ ᠤᠨ ᠱᠠᠯᠠᠪᠳᠠᠨ ᠪᠠᠶᠢᠴᠠᠭᠠᠬᠤ ᠲᠠᠰᠤᠭ ᠲᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠪᠥᠬᠦ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠡᠨᠡ ᠵᠢᠯ ᠤᠨ 6 ᠰᠠᠷ᠎ᠠ ᠶᠢᠨ 30 ᠤ ᠡᠳᠦᠷ ᠠᠴᠠ ᠡᠮᠦᠨ᠎ᠡ ᠪᠦᠬᠦᠨ ᠢ ᠴᠡᠪᠡᠷᠯᠡᠨ | ᠳᠠᠭᠤᠰᠬᠠᠬᠤ ᠶᠢ ᠦᠨᠡᠨ ᠬᠦ ᠪᠠᠲᠤᠯᠠᠵᠤ᠂ ᠭᠠᠷᠳᠠᠮ ᠭᠦᠢᠴᠡᠳᠬᠡᠬᠦ ᠴᠠᠭ ᠤᠨ ᠬᠢᠵᠠᠭᠠᠷ ᠵᠡᠷᠭᠡ ᠪᠤᠰᠤᠳᠴᠢ | ᠰᠢᠯᠲᠠᠭᠠᠨ ᠠᠴᠠ ᠪᠣᠯᠵᠣ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠵᠦ ᠳᠡᠶᠢᠯᠬᠦ ᠥᠬᠡᠶ ᠪᠣᠯ ᠡᠷᠬᠡᠪᠰᠢ ᠴᠠᠭ | ᠲᠤᠬᠠᠶ ᠳᠤᠨᠢ ᠬᠠᠷᠢᠭᠤ ᠮᠡᠳᠡᠭᠦᠯᠵᠦ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ | ᠭᠤᠷᠪᠠ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠯ᠎ᠡ | ᠲᠥᠷᠥᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠢᠨᠠᠯᠲᠠ ᠲᠠᠯᠪᠢᠬᠤ ᠭᠤᠤᠯᠳᠠᠯᠭ᠎ᠠ ᠪᠠᠨ ᠲᠣᠳᠣᠷᠬᠠᠶᠢᠯᠠᠨ᠂ | ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ | ᠪᠥᠬᠦᠶ ᠰᠠᠯᠠᠭ᠎ᠠ ᠮᠥᠴᠢᠷ᠂ ᠦᠢᠯᠡᠴᠢᠯᠡᠭᠡᠨ ᠤ ᠨᠢᠭᠡᠴᠡ᠂ ᠠᠷᠠᠳ ᠤᠨ ᠡᠵᠡᠩᠨᠡᠭᠰᠡᠨ ᠳᠤᠮᠳᠠ ᠵᠢᠵᠢᠭ ᠠᠵᠤ | ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠵᠤ | ᠪᠠᠶᠢᠴᠠᠭᠠᠯᠲᠠ ᠬᠢᠵᠦ᠂ ᠠᠰᠠᠭᠤᠳᠠᠯ ᠤᠨ ᠬᠡᠮ ᠡᠷᠡᠰᠳᠡᠯ ᠢ ᠡᠷᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ︽ | ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠬᠠᠶ ᠰᠠᠨᠠᠯ︾ ᠳᠤ ᠵᠢᠭᠰᠠᠭᠠᠭᠰᠠᠨ ᠨᠠᠢᠮᠠᠨ ᠲᠥᠷᠥᠯ ᠤᠨ ᠭᠤᠤᠯᠳᠠᠯᠭ᠎ᠠ ᠲᠠᠢ ᠠᠰᠠᠭᠤᠳᠠᠯ ᠤᠨ | ᠶᠣᠰᠣᠭᠠᠷ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠵᠦ᠂ | ᠲᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠤᠷᠤᠭᠰᠢ ᠠᠬᠢᠭᠤᠯᠬᠤ ᠬᠡᠷᠡᠭᠲᠡᠶ᠃ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠯᠠᠪᠳᠠᠨ ᠪᠠᠶᠢᠴᠠᠭᠠᠬᠤ ᠲᠠᠰᠤᠭ ᠨᠢ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢ ᠬᠠᠮᠵᠢᠨ ᠡᠯ᠎ᠡ ᠲᠥᠷᠥᠯ ᠤᠨ ᠬᠢᠨᠠᠯᠲᠠ | ᠪᠠᠶᠢᠴᠠᠭᠠᠯᠲᠠ ᠶᠢᠨ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ | ᠳᠥᠷᠪᠡ᠂ ᠦᠢᠯᠡᠴᠢᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠤᠤᠯᠳᠠᠯᠭ᠎ᠠ ᠲᠠᠢ | ᠲᠥᠷᠥᠯ ᠲᠥᠷᠥᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠬᠡᠷᠡᠭᠲᠡᠢ | ᠡᠯ᠎ᠡ ᠰᠠᠯᠠᠭ᠎ᠠ ᠮᠥᠴᠢᠷ ᠤᠳ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠶᠠᠪᠤᠴᠠ ᠳᠠᠬᠢ | ᠭᠤᠤᠯᠳᠠᠯᠭ᠎ᠠ ᠲᠠᠢ᠂ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ᠦᠵᠡᠯ ᠰᠠᠨᠠᠭ᠎ᠠ ᠪᠠᠨ ᠭᠦᠨᠵᠡᠭᠡᠶ ᠴᠢᠯᠥᠭᠡᠯᠡᠵᠦ᠂ ᠰᠢᠨ᠎ᠡ ᠶᠢ ᠡᠭᠦᠳᠬᠦ ᠰᠡᠳᠬᠢᠬᠦᠶ ᠪᠠᠷ ᠠᠰᠠᠭᠤᠳᠠᠯ ᠢ | ᠰᠢᠢᠳᠪᠦᠷᠢᠯᠡᠬᠦ ᠳᠡᠭᠡᠨ ᠴᠢᠳᠠᠮᠠᠭᠠᠶ ᠪᠠᠶᠢᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ | ᠲᠠᠯᠪᠢᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠶᠢᠨ ᠲᠣᠭᠲᠠᠴᠠ ᠶᠢ ᠪᠦᠷᠢᠨᠰᠢᠬᠦᠯᠦᠨ᠂ ︽ | ᠬᠠᠮ ᠠᠷᠭ᠎ᠠ ᠪᠣᠳᠣᠯᠭ᠎ᠠ︾ ᠶᠢ ᠰᠠᠶᠢᠲᠤᠷ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠮᠲᠤᠷᠠᠨ | ᠬᠢᠨᠠᠵᠤ ᠬᠠᠮᠲᠤᠷᠠᠨ ᠵᠥᠪᠰᠢᠶᠡᠷᠡᠬᠦ ᠶᠢ ᠦᠷᠭᠦᠯᠵᠢᠯᠡᠨ ᠰᠠᠶᠢᠲᠤᠷ ᠬᠢᠵᠦ᠂ ᠡᠭᠦᠷᠭᠡ ᠶᠢ ᠬᠠᠮᠲᠤᠪᠠᠷ ᠡᠭᠦᠷᠭᠡᠯᠡᠬᠦ᠂ | ᠠᠵᠢᠯ ᠢ ᠬᠤᠯᠪᠣᠭᠠᠯᠠᠨ ᠬᠥᠳᠡᠯᠦᠯᠴᠡᠬᠦ᠂ ᠦᠢᠯᠡᠴᠢᠯᠡᠭᠡ ᠶᠢ ᠬᠠᠮᠵᠢᠯᠴᠠᠭᠤᠯᠬᠤ ᠶᠢ ᠪᠡᠶᠡᠯᠡᠭᠦᠯᠬᠦ ᠬᠡᠷᠡᠭᠲᠡᠢ᠃ | ᠭᠤᠤᠯᠳᠠᠯᠭ᠎ᠠ ᠲᠠᠢ ᠲᠥᠷᠥᠯ ᠲᠥᠷᠥᠯ ᠤᠨ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠨᠢ ᠲᠥᠷᠥᠯ | ᠲᠥᠷᠥᠯ ᠤᠨ ᠨᠢᠭᠡᠴᠡ ᠳᠤ ᠭᠦᠨᠵᠡᠭᠡᠶᠢᠷᠡᠨ ᠠᠵᠢᠯ ᠢᠶᠠᠨ ᠵᠢᠯᠣᠭᠤᠳᠴᠤ᠂ ᠲᠥᠷᠥᠯ ᠲᠥᠷᠥᠯ ᠤᠨ ᠪᠥᠲᠥᠭᠡᠨ | ᠪᠠᠶᠢᠭᠤᠯᠤᠯᠲᠠ ᠶᠢᠨ ᠨᠢᠭᠡᠴᠡ ᠬᠢᠭᠡᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠮᠥᠩᠭᠦᠨ ᠭᠦᠶ᠋ᠯᠭᠡᠭᠡᠨ ᠤ ᠰᠠᠯᠠᠭ᠎ᠠ | ᠮᠥᠴᠢᠷ ᠵᠡᠷᠭᠡ ᠡᠯ᠎ᠡ ᠲᠠᠯ᠎ᠠ ᠶᠢᠨ ᠬᠠᠷᠢᠴᠠᠭ᠎ᠠ ᠶᠢ ᠴᠠᠭ ᠲᠤᠬᠠᠶ ᠳᠤᠨᠢ ᠵᠣᠬᠢᠴᠠᠭᠤᠯᠵᠤ᠂ ᠲᠥᠷᠥᠯ ᠵᠦᠢᠯ ᠢ | ᠬᠠᠪᠰᠤᠷᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠣᠬᠢᠶᠠᠯᠳᠤᠭᠰᠠᠨ ᠭᠠᠵᠠᠷ ᠰᠢᠷᠣᠶ᠂ ᠣᠶ ᠰᠢᠭᠤᠶ ᠡᠪᠡᠰᠦ | ᠪᠡᠯᠴᠢᠭᠡᠷ᠂ ᠪᠠᠯᠠ ᠮᠥᠩᠭᠦ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠬᠠᠷᠢᠭᠤᠴᠠᠯᠭᠠᠲᠤ | ᠰᠠᠯᠠᠭ᠎ᠠ ᠮᠥᠴᠢᠷ ᠤᠳ ︽ᠨᠢᠭᠡ ᠲᠥᠷᠥᠯ ᠵᠦᠢᠯ᠂ ᠨᠢᠭᠡ ᠢᠵᠢ ᠲᠥᠰᠦᠯ᠂ ᠡᠴᠦᠰ ᠲᠤᠨᠢ ᠲᠤᠯᠲᠠᠯ᠎ᠠ ᠠᠳᠬᠤᠬᠤ︾ | ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠳᠤ | ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠵᠢᠯ | ᠬᠤᠪᠢᠶᠠᠷᠢᠯᠠᠨ ᠬᠠᠷᠢᠭᠤᠴᠠᠬᠤ᠂ ᠬᠦᠴᠦ ᠪᠠᠨ ᠬᠠᠮᠲᠤᠳᠬᠠᠨ ᠠᠬᠢᠭᠤᠯᠬᠤ ᠠᠵᠢᠯ ᠤᠨ ᠲᠣᠭᠲᠠᠴᠠ ᠶᠢ ᠪᠣᠶ ᠪᠣᠯᠭᠠᠵᠤ᠂ | ᠳᠠᠭᠠᠭᠠᠴᠢᠯᠠᠨ ᠬᠤᠯᠪᠣᠭᠠᠯᠠᠬᠤ ᠲᠥᠷᠥᠯ ᠵᠦᠢᠯ ᠢ ᠡᠴᠦᠰ ᠲᠤᠨᠢ ᠲᠤᠯᠲᠠᠯ᠎ᠠ ᠠᠳᠬᠤᠵᠤ᠂ ᠪᠣᠳᠠᠲᠤ ᠦᠷ᠎ᠡ | ᠪᠦᠲᠦᠮᠵᠢ ᠭᠠᠷᠭᠠᠬᠤ ᠶᠢ ᠦᠨᠡᠨᠬᠦ ᠪᠠᠲᠤᠯᠠᠵᠤ᠂ ᠴᠢᠬᠤᠯᠠ ᠶᠡᠭᠡ ᠲᠥᠷᠥᠯ ᠵᠦᠢᠯ ᠢ ᠡᠷᠲᠡ ᠪᠥᠲᠥᠭᠡᠨ ᠪᠠᠶᠢᠭᠤᠯᠬᠤ᠂ | ᠡᠷᠲᠡ ᠠᠵᠢᠯ ᠳᠠᠭᠤᠰᠬᠠᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠪᠣᠯ ᠴᠢᠬᠤᠯᠠ ᠶᠡᠭᠡ ᠬᠤᠯᠪᠣᠭ᠎ᠠ ᠲᠠᠢ᠂ | ᠠᠳᠡ ᠰᠠᠭᠤᠭ᠎ᠠ ᠪᠥᠬᠦ ᠬᠥᠮᠦᠰ ᠤᠨ ᠴᠠᠯᠢᠩ ᠲᠠᠢ ᠬᠤᠯᠪᠣᠭᠳᠠᠨ᠎ᠠ᠂ ᠣᠯᠠᠨ ᠢᠶᠠᠷ ᠢᠶᠠᠨ ᠡᠷᠬᠡᠪᠰᠢ ᠡᠨᠡ ᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠭᠡ ᠲᠠᠯ᠎ᠠ ᠶᠢᠨ ᠤᠬᠠᠮᠰᠠᠷ᠂ ᠬᠥᠭᠵᠢᠯᠲᠡ ᠶᠢᠨ ᠤᠬᠠᠮᠰᠠᠷ᠂ | ᠦᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠢᠨᠧᠷᠼᠢ ᠶᠢᠨ ᠰᠡᠳᠬᠢᠬᠦᠶ ᠶᠢ ᠦᠨᠡᠨᠬᠦ ᠡᠪᠳᠡᠵᠦ᠂ | ᠦᠨᠳᠦᠰᠦᠨ ᠱᠠᠲᠤᠨ ᠤ ᠤᠬᠠᠮᠰᠠᠷ ᠢᠶᠠᠨ ᠡᠪᠳᠡᠵᠦ᠂ ᠲᠠᠰᠤᠷᠠᠯᠲᠠ ᠥᠬᠡᠶ ᠰᠤᠷᠲᠠᠯ ᠢᠶᠠᠨ ᠰᠠᠶᠢᠵᠢᠷᠠᠭᠤᠯᠤᠨ᠂ | ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠡᠭᠦᠷᠭᠡᠯᠡᠨ | ᠠᠵᠢᠯᠯᠠᠵᠤ᠂ ᠮᠠᠨ ᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ | ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |