2021 ᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠪᠠ ᠰᠡᠭᠦᠯᠴᠢ ᠶᠢᠨ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/9/24
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠶᠠᠮᠤᠨ᠂ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠵᠡᠭᠡᠯᠢ ᠭᠤᠳᠤᠮᠵᠢ᠂ ᠡᠯ᠎ᠡ ᠠᠷᠠᠳ ᠤᠨ ᠪᠦᠯᠬᠦᠮ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠪᠠᠶᠠᠨᠮᠣᠳᠣ ᠲᠠᠷᠢᠶᠠᠯᠠᠩ ᠤᠨ ᠲᠠᠯᠠᠪᠠᠶ᠂ ᠦᠯᠵᠡᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ︵ᠳᠣᠷᠣᠭᠰᠢ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶ ᠢ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦᠭᠡᠷ ᠲᠣᠭᠠᠲᠤ︶᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠢᠳᠪᠦᠷᠢᠯᠡᠬᠦ ᠠᠵᠢᠯ ᠢ ᠥᠷᠨᠢᠭᠦᠯᠬᠦ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠠᠷᠤ ᠠᠯᠪᠠᠨ ᠴᠠᠬᠢᠯᠭᠠᠨ ︹ 2021 ︺ 15 ᠳ᠋ᠤᠭᠠᠷ ᠲᠣᠭᠠᠲᠤ︶ ᠤᠨ ᠶᠣᠰᠣᠭᠠᠷ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄ ᠨᠢᠭᠡ᠂ ᠰᠢᠢᠳᠪᠦᠷᠢᠯᠡᠬᠦ ᠵᠢᠴᠢ ᠰᠡᠭᠦᠯᠴᠢ ᠶᠢᠨ ᠦᠨᠡᠯᠡᠨ ᠵᠢᠱᠢᠬᠦ ᠬᠦᠷᠢᠶ᠎ᠡ ᠬᠡᠪᠴᠢᠶ᠎ᠡ ︵ᠨᠢᠭᠡ︶ ᠰᠢᠢᠳᠪᠦᠷᠢᠯᠡᠬᠦ ᠬᠡᠪᠴᠢᠶ᠎ᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠵᠡᠭᠡᠯᠢ ᠭᠤᠳᠤᠮᠵᠢ ᠶᠢᠨ ᠠᠯᠪᠠᠨ ᠭᠡᠷ ᠤᠨ 2020 ᠣᠨ ᠳᠤ ᠪᠦᠬᠦ ᠲᠠᠯ᠎ᠠ ᠪᠠᠷ ᠴᠡᠪᠡᠷᠯᠡᠭᠰᠡᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠪᠠᠶᠢᠬᠤ ᠪᠠ ᠵᠠᠰᠠᠪᠤᠷᠢ ᠣᠷᠣᠭᠤᠯᠤᠭᠰᠠᠨ ᠤ ᠳᠠᠷᠠᠭ᠎ᠠ ᠰᠢᠨ᠎ᠡ ᠪᠠᠷ ᠨᠡᠶᠢᠲᠡᠯᠡᠭᠰᠡᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ 2020 ᠣᠨ ᠳᠤ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ᠂ ᠬᠠᠷᠢᠶᠠᠯᠠᠬᠤ ᠣᠷᠣᠨ ᠪᠦᠰᠡ ᠶᠢᠨ ᠳᠣᠲᠣᠷᠠᠬᠢ ᠭᠤᠤᠯ ᠴᠣᠭᠴᠠ ᠶᠢᠨ ᠬᠢᠷᠢ ᠬᠡᠮ ᠢ ᠲᠣᠭᠲᠠᠭᠠᠬᠤ ᠥᠬᠡᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠠᠭᠲᠠᠭᠠᠨ᠎ᠠ᠃ ︵ᠬᠤᠶᠠᠷ︶ ᠰᠡᠭᠦᠯᠴᠢ ᠶᠢᠨ ᠦᠨᠡᠯᠡᠨ ᠵᠢᠱᠢᠬᠦ ᠬᠦᠷᠢᠶ᠎ᠡ ᠬᠡᠪᠴᠢᠶ᠎ᠡ᠄ 1. ᠬᠤᠰᠢᠭᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠬᠡᠷ ᠢᠶᠠᠷ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠄ ︽ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠲᠦᠷᠢᠮ︾ ︵ᠠᠯᠠᠱᠠ ᠵᠡᠭᠦᠨ ᠭᠠᠷᠤᠨ ᠵᠠᠰᠠᠭ ᠠᠯᠪᠠᠨ ᠲᠠᠷᠬᠠᠭᠠᠭᠰᠠᠨ ︹ 2019︺ 63 ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ︵ᠮᠠᠯ ᠠᠵᠤ ᠠᠬᠤᠶ︶ ᠤᠨ ᠣᠷᠣᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ︵ᠠᠯᠠᠱᠠ ᠵᠡᠭᠦᠨ ᠭᠠᠷᠤᠨ ᠵᠠᠰᠠᠭ ᠠᠯᠪᠠᠨ ᠲᠠᠷᠬᠠᠭᠠᠭᠰᠠᠨ ︹ 2011 ︺ 198 ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠠᠯᠠᠱᠠ ᠵᠡᠭᠦᠨ ᠭᠠᠷᠤᠨ ᠵᠠᠰᠠᠭ ᠠᠯᠪᠠᠨ ᠲᠠᠷᠬᠠᠭᠠᠭᠰᠠᠨ ︹ 2010 ︺ 131 ᠳ᠋ᠦᠭᠡᠷ ᠲᠣᠭᠠᠲᠤ︶᠂ ᠪᠣᠳᠠᠲᠠᠶ ᠬᠡᠷᠡᠭᠵᠢᠭᠦᠯᠬᠦ ᠨᠢᠭᠡᠴᠡ ᠠᠴᠠ ᠰᠡᠭᠦᠯᠴᠢ ᠶᠢᠨ ᠦᠨᠡᠯᠡᠨ ᠵᠢᠱᠢᠯᠲᠡ ᠶᠢ ᠥᠷᠨᠢᠭᠦᠯᠬᠦ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃ 2. ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠵᠡᠭᠡᠯᠢ ᠭᠤᠳᠤᠮᠵᠢ ᠶᠢᠨ ᠠᠯᠪᠠᠨ ᠬᠡᠷ ᠨᠢ ᠲᠣᠭᠲᠠᠭᠠᠵᠤ ᠨᠡᠶᠢᠲᠡᠯᠡᠭᠰᠡᠨ ᠪᠠ ᠬᠡᠷᠡᠭᠵᠢᠭᠦᠯᠦᠭᠰᠡᠨ ᠬᠤᠶᠠᠷ ᠵᠢᠯ ᠠᠴᠠ ᠳᠡᠭᠡᠭᠰᠢᠬᠢ ᠴᠢᠬᠤᠯᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠳᠣᠲᠣᠷ᠎ᠠ ᠠᠴᠠ ᠨᠠᠭᠠᠳᠤ ᠵᠠᠬ᠎ᠠ ᠳᠠᠭᠠᠨ 1 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠣᠩᠭᠤᠨ ᠭᠠᠷᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠬᠦ ᠶᠢᠨ ᠬᠠᠮᠲᠤ᠂ ᠳᠠᠷᠠᠭᠠᠬᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃ ᠬᠤᠶᠠᠷ᠂ ᠦᠨᠳᠦᠰᠦᠨ ᠱᠠᠭᠠᠷᠳᠠᠯᠭ᠎ᠠ ᠪᠠ ᠪᠠᠷᠢᠮᠵᠢᠶ᠎ᠠ ︵ᠨᠢᠭᠡ︶ ᠰᠢᠢᠳᠪᠦᠷᠢᠯᠡᠬᠦ ᠪᠠᠷᠢᠮᠵᠢᠶ᠎ᠠ 1% ᠲᠣᠭᠲᠠᠭᠠᠬᠤ ᠭᠤᠣᠯ ᠴᠣᠭᠴᠠ ᠶᠢᠨ ᠬᠢᠷᠢ ᠬᠡᠮ ᠢ ᠪᠦᠷᠢᠳᠦᠭᠦᠯᠦᠭᠰᠡᠨ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃ ᠪᠣᠳᠠᠲᠠᠶ ᠪᠠᠷ ᠬᠡᠯᠡᠪᠡᠯ᠄ ︵1︶ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠲᠦᠷ ᠴᠠᠭ ᠤᠨ ᠪᠠᠶᠢᠭᠤᠯᠤᠮᠵᠢ ᠠᠴᠠ ᠲᠣᠭᠲᠠᠭᠠᠭᠰᠠᠨ︔ ︵2︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠦᠭᠡᠢ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠶᠢᠨ ᠪᠠᠶᠢᠭᠤᠯᠤᠮᠵᠢ ᠪᠠ ᠵᠣᠬᠢᠶᠠᠨ ᠪᠠᠶᠢᠭᠤᠯᠤᠯᠲᠠ ᠠᠴᠠ ᠲᠣᠭᠲᠠᠭᠠᠭᠰᠠᠨ︔ ︵3︶ ᠲᠣᠭᠲᠠᠭᠠᠬᠤ ᠬᠢᠷᠢ ᠬᠡᠮ ᠦᠭᠡᠢ ᠪᠤᠰᠤᠳ ᠪᠠᠶᠢᠭᠤᠯᠭ᠎ᠠ ᠠᠴᠠ ᠲᠣᠭᠲᠠᠭᠠᠭᠰᠠᠨ᠃ ᠳᠡᠭᠡᠷ᠎ᠡ ᠳᠤᠷᠠᠳᠤᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠨᠡᠨᠬᠦ ᠲᠣᠭᠲᠠᠭᠠᠬᠤ ᠴᠢᠬᠤᠯᠠ ᠲᠠᠢ ᠪᠣᠯ ᠲᠣᠭᠲᠠᠭᠠᠬᠤ ᠬᠢᠷᠢ ᠬᠡᠮ ᠢ ᠪᠦᠷᠢᠳᠦᠭᠦᠯᠦᠭᠰᠡᠨ ᠭᠤᠣᠯ ᠪᠠᠶᠢᠭᠤᠯᠤᠯ ᠢᠶᠠᠷ ᠶᠠᠪᠤᠭᠤᠯᠬᠤ ᠬᠡᠷᠡᠭᠲᠡᠶ᠃ 2% ᠠᠭᠤᠯᠭ᠎ᠠ ᠨᠢ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠠᠴᠠ ᠳᠠᠪᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃ ᠪᠣᠳᠠᠲᠠᠶ ᠪᠠᠷ ᠬᠡᠯᠡᠪᠡᠯ᠄ ︵1︶ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠷᠬᠡ ᠮᠡᠳᠡᠯ ᠤᠨ ᠬᠡᠪᠴᠢᠶ᠎ᠡ ᠠᠴᠠ ᠪᠠᠨ ᠳᠠᠪᠠᠵᠤ ᠲᠣᠭᠲᠠᠭᠠᠭᠰᠠᠨ︔ ︵2︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠠᠴᠠ ᠭᠠᠳᠠᠨᠠᠬᠢ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠡᠮᠡᠭᠰᠡᠨ ᠪᠤᠶᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠨᠢ ᠪᠠᠭᠠᠰᠬᠠᠭᠰᠠᠨ︔ ︵3︶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠨ ᠬᠡᠷᠡᠭᠯᠡᠬᠦ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ ᠵᠡᠷᠭᠡ ᠵᠦᠢᠯᠡᠰ ᠢ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠢᠳᠪᠦᠷᠢᠯᠡᠬᠦ ᠨᠥᠬᠦᠴᠡᠯ ᠢ ᠨᠡᠮᠡᠵᠦ᠂ ᠣᠷᠴᠢᠯ ᠤᠨ ᠭᠡᠷᠡᠴᠢ᠂ ᠳᠠᠪᠬᠤᠷᠳᠠᠭᠰᠠᠨ ᠭᠡᠷᠡᠴᠢ᠂ ᠬᠡᠷᠡᠭ ᠦᠭᠡᠢ ᠭᠡᠷᠡᠴᠢ ᠭᠠᠷᠭᠠᠵᠤ ᠥᠭᠬᠦ ᠪᠠᠷ ᠲᠣᠭᠲᠠᠭᠠᠭᠰᠠᠨ︔ ︵4︶ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠵᠥᠷᠢᠴᠡᠨ ᠲᠣᠭᠲᠠᠭᠠᠭᠰᠠᠨ ᠵᠣᠭᠤᠰ ᠢᠶᠠᠷ ᠲᠣᠷᠭᠠᠬᠤ ᠵᠦᠢᠯᠡᠰ᠂ ᠵᠣᠭᠤᠰ ᠢᠶᠠᠷ ᠲᠣᠷᠭᠠᠬᠤ ᠵᠦᠢᠯᠡᠰ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠤᠶᠤ ᠵᠣᠭᠤᠰ ᠢᠶᠠᠷ ᠲᠣᠷᠭᠠᠬᠤ ᠵᠦᠢᠯᠡᠰ ᠢ ᠪᠤᠰᠤᠳ ᠠᠷᠭ᠎ᠠ ᠮᠠᠶ᠋ᠢᠭ ᠢᠶᠠᠷ ᠵᠢᠷᠤᠮᠵᠢᠭᠤᠯᠬᠤ ᠪᠤᠶᠤ ᠬᠠᠮᠢᠶᠠᠷᠴᠤ ᠪᠣᠯᠬᠤ︔ ︵5︶ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠬᠤ ᠪᠤᠶᠤ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠵᠦ᠂ ᠠᠷᠠᠳ ᠢᠷᠭᠡᠨ ᠤ ᠪᠡᠶ᠎ᠡ ᠶᠢᠨ ᠡᠷᠬᠡ᠂ ᠡᠳ᠋ ᠬᠦᠷᠦᠩᠭᠡ ᠶᠢᠨ ᠡᠷᠬᠡ᠂ ᠨᠡᠷ᠎ᠡ ᠬᠦᠨᠳᠦ ᠶᠢᠨ ᠡᠷᠬᠡ᠂ ᠬᠥᠳᠡᠯᠮᠦᠷᠢᠯᠡᠬᠦ ᠡᠷᠬᠡ᠂ ᠠᠮᠠᠷᠠᠬᠤ ᠡᠷᠬᠡ ᠵᠡᠷᠭᠡ ᠦᠨᠳᠦᠰᠦᠨ ᠡᠷᠬᠡ ᠳᠤ ᠬᠠᠯᠳᠠᠭᠰᠠᠨ︔ ︵6︶ ᠡᠷᠬᠡ ᠲᠤᠰᠢᠶᠠᠯ ᠤᠨ ᠲᠣᠭᠲᠠᠭᠠᠯ ᠠᠴᠠ ᠪᠠᠨ ᠳᠠᠪᠠᠵᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ᠂ ᠠᠵᠤ ᠠᠬᠤᠶᠢᠯᠠᠯ ᠪᠠ ᠨᠡᠶᠢᠭᠡᠮ ᠤᠨ ᠥᠪᠡᠷ ᠢ ᠪᠠᠨ ᠱᠠᠭᠠᠷᠳᠠᠬᠤ᠂ ᠠᠷᠠᠳ ᠢᠷᠭᠡᠨ ᠥᠪᠡᠷ ᠢ ᠪᠠᠨ ᠬᠠᠮᠢᠶᠠᠷᠬᠤ ᠶᠣᠰᠣᠲᠠᠶ ᠵᠦᠢᠯᠡᠰ︔ ︵7︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠷᠢᠭ ᠰᠠᠨᠠᠭ᠎ᠠ ᠠᠴᠠ ᠵᠥᠷᠢᠴᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠰᠢᠭ ᠦᠭᠡᠢ ᠪᠠᠶᠢᠪᠠᠯ᠂ ᠭᠤᠣᠯᠴᠢ ᠪᠠᠷ ᠥᠷᠢᠰᠥᠯᠳᠦᠬᠦ ᠶᠢ ᠭᠠᠳᠠᠭᠤᠷᠴᠢᠯᠠᠬᠤ ᠪᠠ ᠬᠢᠵᠠᠭᠠᠷᠯᠠᠬᠤ ᠠᠭᠤᠯᠭ᠎ᠠ ᠪᠦᠬᠦᠢ ᠠᠷᠭ᠎ᠠ ᠬᠡᠮᠵᠢᠶ᠎ᠡ ᠶᠢ ᠬᠠᠤᠯᠢ ᠠᠴᠠ ᠵᠥᠷᠢᠴᠡᠨ ᠲᠣᠭᠲᠠᠭᠠᠭᠰᠠᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠠᠴᠠ ᠵᠥᠷᠢᠴᠡᠨ ᠬᠠᠷᠰᠢᠯᠠᠭᠰᠠᠨ ᠪᠠ ᠨᠥᠯᠥᠭᠡᠯᠡᠭᠰᠡᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠤᠬᠤᠷᠢᠨ ᠭᠠᠷᠬᠤ ᠨᠥᠬᠦᠴᠡᠯ ᠢ ᠬᠠᠤᠯᠢ ᠠᠴᠠ ᠵᠥᠷᠢᠴᠡᠨ ᠲᠣᠬᠢᠷᠠᠭᠤᠯᠤᠭᠰᠠᠨ ᠵᠡᠷᠭᠡ︔ ︵8︶ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠵᠦ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ ᠨᠡᠶᠢᠭᠡᠮ ᠤᠨ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠣᠯᠣᠭᠠᠶᠢᠯᠠᠭᠴᠢ ᠨᠢᠭᠡᠴᠢ ᠪᠤᠶᠤ ᠬᠠᠷᠢᠭᠤᠴᠠᠯᠭᠠᠲᠤ ᠨᠢᠭᠡᠴᠢ ᠪᠣᠯᠭᠠᠭᠰᠠᠨ ᠪᠠᠶᠢᠳᠠᠯ ᠣᠷᠣᠰᠢᠵᠤ ᠪᠠᠶᠢᠬᠤ︔ ︵9︶ ᠠᠮᠢ ᠠᠬᠤᠶ ᠶᠢᠨ ᠪᠥᠳᠥᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ ᠳᠠᠬᠢ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠳᠠᠯ ᠣᠷᠣᠰᠢᠵᠤ ᠪᠠᠶᠢᠬᠤ᠃ 3. ᠠᠭᠤᠯᠭ᠎ᠠ ᠨᠢ ᠳᠡᠭᠡᠳᠦ ᠪᠠᠶᠢᠷᠢ ᠶᠢᠨ ᠬᠠᠤᠯᠢ ᠪᠤᠶᠤ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠲᠠᠭᠠᠯ ᠲᠠᠢ ᠨᠢᠭᠡᠳᠦᠯ ᠦᠭᠡᠢ ᠪᠠᠶᠢᠪᠠᠯ᠂ ᠪᠣᠳᠠᠲᠠᠶ ᠪᠠᠷ ᠳᠣᠣᠷᠠᠬᠢ ᠵᠦᠢᠯ ᠢ ᠪᠠᠭᠲᠠᠭᠠᠨ᠎ᠠ᠄ ︵1︶ ︽ᠢᠷᠭᠡᠨ ᠤ ᠬᠠᠤᠯᠢ ᠶᠢᠨ ᠪᠢᠴᠢᠭ︾ ᠤᠨ ᠲᠣᠭᠲᠠᠭᠠᠯ ᠲᠠᠢ ᠨᠢᠭᠡᠳᠦᠯ ᠦᠭᠡᠢ ᠪᠠᠶᠢᠬᠤ︔ ︵2︶ ᠰᠢᠨ᠎ᠡ ᠪᠠᠷ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠲᠠᠢ ᠨᠢᠭᠡᠳᠦᠯ ᠦᠭᠡᠢ ᠪᠠᠶᠢᠬᠤ︔ ︵3︶ ᠳᠡᠭᠡᠳᠦ ᠱᠠᠲᠤᠨ ᠤ ᠵᠠᠰᠠᠭ ᠤᠨ ᠣᠷᠳᠣᠨ᠂ ᠰᠠᠯᠠᠭ᠎ᠠ ᠮᠥᠴᠢᠷ ᠤᠨ ᠰᠢᠨ᠎ᠡ ᠪᠠᠷ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠲᠠᠭᠠᠯ ᠯᠤᠭ᠎ᠠ ᠨᠢᠭᠡᠳᠦᠯ ᠥᠭᠡᠢ᠃ ︵ᠬᠤᠶᠠᠷ︶ ᠰᠡᠭᠦᠯᠴᠢ ᠶᠢᠨ ᠦᠨᠡᠯᠡᠨ ᠵᠢᠱᠢᠯᠲᠡ ᠶᠢᠨ ᠱᠠᠭᠠᠷᠳᠠᠯᠭ᠎ᠠ ᠪᠠ ᠪᠠᠷᠢᠮᠵᠢᠶ᠎ᠠ ᠦᠨᠡᠯᠡᠨ ᠵᠢᠱᠢᠬᠦ ᠠᠵᠢᠯ ᠢ ᠦᠯᠢᠭᠡᠷ ᠠᠪᠴᠤ ᠪᠠᠶᠢᠴᠠᠭᠠᠬᠤ᠂ ᠰᠦᠯᠵᠢᠶ᠎ᠡ ᠪᠠᠷ ᠪᠠᠶᠢᠴᠠᠭᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠬᠤ ᠬᠤᠷᠠᠯ ᠪᠤᠶᠤ ᠨᠤᠲᠠᠯᠠᠯᠲᠠ ᠶᠢᠨ ᠬᠤᠷᠠᠯ ᠬᠤᠷᠠᠯᠳᠤᠭᠤᠯᠬᠤ᠂ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠬᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠵᠡᠷᠭᠡ ᠤᠯᠠᠨ ᠵᠦᠢᠯ ᠤᠨ ᠠᠷᠭ᠎ᠠ ᠪᠠᠷ ᠶᠠᠪᠤᠭᠳᠠᠭᠤᠯᠵᠤ ᠪᠣᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠪᠣᠳᠠᠲᠤ ᠪᠠᠶᠢᠳᠠᠯ ᠢ ᠦᠨᠳᠦᠰᠦᠯᠡᠨ᠂ ᠦᠨᠡᠯᠡᠨ ᠵᠢᠱᠢᠬᠦ ᠵᠣᠬᠢᠰᠲᠠᠶ ᠲᠡᠰ ᠳᠠᠷᠠᠭᠠᠯᠠᠯ ᠢ ᠰᠣᠩᠭᠤᠬᠤ ᠬᠡᠷᠡᠭᠲᠡᠶ᠃ ᠦᠨᠡᠯᠡᠨ ᠵᠢᠱᠢᠬᠦ ᠠᠭᠤᠯᠭ᠎ᠠ᠄ 1. ᠬᠠᠤᠯᠢ ᠶᠣᠰᠣᠴᠢ ᠴᠢᠨᠠᠷ ᠤᠨ ᠦᠨᠡᠯᠡᠨ ᠵᠢᠱᠢᠯᠲᠡ᠃ ᠭᠤᠣᠯᠳᠠᠭᠤ ᠲᠤᠰ ᠪᠢᠴᠢᠭ ᠮᠠᠲ᠋ᠧᠷᠢᠶᠠᠯ ᠨᠢ ᠳᠡᠭᠡᠳᠦ ᠪᠠᠶᠢᠷᠢ ᠶᠢᠨ ᠬᠠᠤᠯᠢ ᠲᠠᠢ ᠬᠠᠷᠰᠢᠯᠳᠤᠵᠤ ᠪᠠᠶᠢᠬᠤ ᠡᠰᠡᠬᠦ ᠶᠢ ᠦᠨᠡᠯᠡᠨ ᠵᠢᠱᠢᠨ᠎ᠡ︔ ᠲᠣᠭᠲᠠᠭᠠᠭᠰᠠᠨ ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠠᠴᠠ ᠳᠠᠪᠠᠭᠰᠠᠨ ᠡᠰᠡᠬᠦ︔ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ ᠵᠡᠷᠭᠡ ᠶᠢ ᠬᠠᠤᠯᠢ ᠶᠢ ᠵᠥᠷᠢᠴᠡᠨ ᠲᠣᠭᠲᠠᠭᠠᠭᠰᠠᠨ ᠡᠰᠡᠬᠦ ︔ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠵᠢᠷᠤᠮᠵᠢᠯ ᠢ ᠬᠠᠤᠯᠢ ᠶᠢ ᠵᠥᠷᠢᠴᠡᠨ ᠲᠣᠭᠲᠠᠭᠠᠭᠰᠠᠨ ᠡᠰᠡᠬᠦ︔ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠲᠣᠭᠲᠠᠭᠠᠬᠤ ᠳᠤ ᠬᠦᠴᠦᠨ ᠦᠭᠡᠢ ᠪᠣᠯᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠤ ᠲᠠᠷᠠᠭ᠎ᠠ᠂ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠴᠢᠬᠤᠯᠠᠲᠠᠶ ᠡᠰᠡᠬᠦ᠃ 2% ᠵᠦᠢ ᠶᠣᠰᠣᠨ ᠤ ᠴᠢᠨᠠᠷᠲᠠᠶ ᠦᠨᠡᠯᠡᠨ ᠵᠢᠱᠢᠯᠲᠡ᠃ ᠭᠤᠣᠯᠳᠠᠭᠤ ᠪᠢᠴᠢᠭ ᠮᠠᠲ᠋ᠧᠷᠢᠶᠠᠯ ᠵᠣᠬᠢᠶᠠᠵᠤ ᠲᠠᠷᠬᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠬᠢᠭᠡᠳ ᠬᠠᠷᠢᠭᠤᠴᠠᠯᠭ᠎ᠠ ᠨᠢ ᠲᠡᠩᠴᠡᠭᠦᠦ ᠪᠠᠶᠢᠬᠤ ᠡᠰᠡᠬᠦ ᠂ ᠠᠷᠠᠳ ᠢᠷᠭᠡᠨ ᠤ ᠡᠷᠬᠡ ᠬᠢᠭᠡᠳ ᠡᠭᠦᠷᠭᠡ ᠨᠢ ᠬᠠᠷᠢᠯᠴᠠᠨ ᠵᠣᠬᠢᠴᠠᠯᠳᠤᠭᠰᠠᠨ ᠡᠰᠡᠬᠦ ᠶᠢ ᠦᠨᠡᠯᠡᠨ ᠵᠢᠱᠢᠨ᠎ᠡ︔ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠴᠢᠬᠤᠯᠠᠲᠠᠶ ᠪᠠᠶᠢᠬᠤ ᠡᠰᠡᠬᠦ᠂ ᠬᠡᠷᠡᠭᠵᠢᠭᠦᠯᠵᠦ ᠪᠣᠯᠬᠤ ᠡᠰᠡᠬᠦ᠂ ᠵᠣᠬᠢᠰᠲᠠᠶ ᠪᠠᠶᠢᠬᠤ ᠡᠰᠡᠬᠦ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠡᠰᠡᠬᠦ᠃ 3. ᠵᠣᠬᠢᠴᠠᠩᠭᠤᠶ ᠴᠢᠨᠠᠷᠲᠠᠶ ᠦᠨᠡᠯᠡᠨ ᠵᠢᠱᠢᠯᠲᠡ᠃ ᠭᠤᠤᠯᠳᠠᠭᠤ ᠲᠣᠰ ᠪᠢᠴᠢᠭ ᠮᠠᠲ᠋ᠧᠷᠢᠶᠠᠯ ᠨᠢ ᠠᠳᠠᠯᠢ ᠪᠠᠶᠢᠷᠢ ᠶᠢᠨ ᠲᠠᠰ ᠤᠨ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠠᠢ ᠮᠥᠷᠭᠦᠯᠳᠦᠭᠰᠡᠨ ᠡᠰᠡᠬᠦ ᠶᠢ ᠦᠨᠡᠯᠡᠨ ᠵᠢᠱᠢᠨ᠎ᠡ︔ ᠳᠦᠷᠢᠮ ᠬᠤᠭᠤᠷᠣᠨᠳᠣ ᠪᠠᠨ ᠠᠪᠴᠠᠯᠳᠤᠵᠤ ᠪᠠᠶᠢᠬᠤ ᠡᠰᠡᠬᠦ᠃ 4. ᠠᠵᠢᠯᠯᠠᠭᠠᠨ ᠤ ᠴᠢᠨᠠᠷᠲᠠᠶ ᠦᠨᠡᠯᠡᠨ ᠵᠢᠱᠢᠯᠲᠡ᠃ ᠭᠤᠣᠯ ᠦᠨᠡᠯᠡᠨ ᠵᠢᠱᠢᠭᠰᠡᠨ ᠪᠢᠴᠢᠭ ᠮᠠᠲ᠋ᠧᠷᠢᠶᠠᠯ ᠨᠢ ᠪᠣᠳᠠᠲᠠᠶ ᠪᠥᠭᠡᠳ ᠪᠣᠯᠤᠮᠵᠢᠲᠠᠶ ᠪᠠᠶᠢᠬᠤ ᠡᠰᠡᠬᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠤᠮᠳᠠᠬᠢ ᠪᠣᠳᠠᠲᠠᠶ ᠠᠰᠠᠭᠤᠳᠠᠯ ᠢ ᠰᠢᠢᠳᠪᠦᠷᠢᠯᠡᠵᠦ ᠴᠢᠳᠠᠬᠤ ᠡᠰᠡᠬᠦ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠥᠨᠳᠥᠷ ᠪᠦᠲᠦᠮᠵᠢᠲᠡᠶ ᠪᠠᠶᠢᠬᠤ ᠡᠰᠡᠬᠦ᠂ ᠠᠷᠠᠳ ᠲᠤ ᠲᠦᠬᠦᠮ ᠦᠵᠡᠭᠦᠯᠦᠭᠰᠡᠨ ᠡᠰᠡᠬᠦ︔ ᠵᠢᠷᠤᠮ ᠨᠢ ᠵᠦᠢ ᠶᠣᠰᠣᠨ ᠤ ᠡᠰᠡᠬᠦ᠂ ᠳᠥᠭᠦᠮ ᠳᠥᠲᠡ᠂ ᠠᠵᠢᠯᠯᠠᠭᠤᠯᠬᠤ ᠳᠤ ᠠᠮᠠᠷᠬᠠᠨ ᠪᠠᠶᠢᠬᠤ ᠡᠰᠡᠬᠦ᠃ 5. ᠪᠦᠷᠢᠨ ᠲᠡᠭᠦᠯᠳᠡᠷ ᠴᠢᠨᠠᠷᠲᠠᠶ ᠦᠨᠡᠯᠡᠨ ᠵᠢᠱᠢᠯᠲᠡ᠃ ᠭᠤᠣᠯ ᠪᠣᠯᠬᠤ ᠦᠨᠡᠯᠡᠨ ᠵᠢᠱᠢᠬᠦ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠲᠦᠷᠢᠮ ᠨᠢ ᠪᠦᠷᠢᠨ ᠭᠦᠢᠴᠡᠳ ᠪᠠᠶᠢᠬᠤ ᠡᠰᠡᠬᠦ︔ ᠢᠵᠢ ᠪᠦᠷᠢᠳᠦᠭᠦᠯᠬᠦ ᠲᠦᠷᠢᠮ ᠤᠨ ᠪᠠᠲᠤᠯᠠᠭ᠎ᠠ ᠨᠢ ᠪᠦᠷᠢᠨ ᠲᠡᠭᠦᠯᠳᠡᠷ ᠪᠠᠶᠢᠬᠤ ᠡᠰᠡᠬᠦ᠃ 6. ᠵᠢᠷᠤᠮᠵᠢᠯ ᠤᠨ ᠴᠢᠨᠠᠷᠲᠠᠶ ᠦᠨᠡᠯᠡᠨ ᠵᠢᠱᠢᠯᠲᠡ᠃ ᠭᠤᠣᠯᠳᠠᠭᠤ ᠪᠢᠴᠢᠭ ᠮᠠᠲ᠋ᠧᠷᠢᠶᠠᠯ ᠤᠨ ᠬᠡᠯᠪᠡᠷᠢ ᠪᠠᠶᠢᠳᠠᠯ ᠤᠨ ᠪᠦᠲᠦᠴᠡ ᠪᠠ ᠦᠰᠦᠭ ᠪᠢᠴᠢᠭ ᠤᠨ ᠲᠣᠭᠠᠴᠢᠯᠲᠠ ᠵᠡᠷᠭᠡ ᠨᠢ ᠵᠢᠷᠤᠮᠵᠢᠯ ᠲᠠᠢ ᠪᠠᠶᠢᠬᠤ ᠡᠰᠡᠬᠦ᠂ ᠯᠣᠭᠢᠭ ᠤᠨ ᠪᠦᠲᠦᠴᠡ ᠨᠢ ᠨᠢᠭᠲᠠ ᠴᠢᠩᠭ᠎ᠠ ᠪᠠᠶᠢᠬᠤ ᠡᠰᠡᠬᠦ᠂ ᠪᠢᠴᠢᠭ ᠮᠠᠲ᠋ᠧᠷᠢᠶᠠᠯ ᠤᠨ ᠵᠥᠪ ᠣᠨᠣᠪᠴᠢᠲᠠᠶ᠂ ᠪᠦᠲᠦᠮᠵᠢᠲᠡᠶ ᠬᠡᠷᠡᠭᠵᠢᠭᠦᠯᠦᠭᠳᠡᠬᠦ ᠶᠢ ᠨᠥᠯᠥᠭᠡᠯᠡᠭᠰᠡᠨ ᠡᠰᠡᠬᠦ ᠶᠢ ᠦᠨᠡᠯᠡᠨ ᠵᠢᠱᠢᠨ᠎ᠡ᠃ 7. ᠠᠮᠵᠢᠯᠲᠠ ᠪᠦᠲᠦᠮᠵᠢ ᠶᠢᠨ ᠴᠢᠨᠠᠷᠲᠠᠶ ᠦᠨᠡᠯᠡᠨ ᠵᠢᠱᠢᠯᠲᠡ᠃ ᠭᠤᠣᠯ ᠦᠨᠡᠯᠡᠨ ᠵᠢᠱᠢᠭᠰᠡᠨ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠶᠡᠷᠦᠩᠬᠡᠶ ᠪᠠᠶᠢᠳᠠᠯ︔ ᠨᠡᠶᠢᠳᠡᠮ ᠵᠢᠷᠤᠮᠯᠠᠨ ᠬᠡᠷᠡᠭᠵᠢᠭᠦᠯᠵᠦ ᠪᠠᠶᠢᠬᠤ ᠡᠰᠡᠬᠦ᠂ ᠵᠢᠱᠢᠭᠰᠡᠨ ᠵᠣᠷᠢᠯᠭ᠎ᠠ ᠪᠠᠨ ᠪᠡᠶᠡᠯᠡᠭᠦᠯᠵᠦ ᠪᠠᠶᠢᠬᠤ ᠡᠰᠡᠬᠦ︔ ᠬᠡᠷᠡᠭᠵᠢᠭᠦᠯᠦᠭᠡᠳ ᠣᠯᠤᠭᠰᠠᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠵᠢᠴᠢ ᠲᠤᠭᠤᠰᠢᠯᠠᠭᠤᠯᠤᠨ ᠬᠡᠷᠡᠭᠵᠢᠭᠦᠯᠦᠭᠰᠡᠨ ᠥᠪᠡᠷ ᠤᠨ ᠦᠷᠲᠡᠭ ᠤᠨ ᠦᠷ᠎ᠡ ᠠᠰᠢᠭ ᠤᠨ ᠲᠤᠬᠠᠶ ᠵᠠᠳᠠᠯᠤᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠬᠢᠨ ᠪᠠᠶᠢᠳᠠᠯ ᠢᠶᠠᠨ ᠲᠤᠰᠬᠠᠪᠠ︔ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠷᠭᠠᠴᠠᠬᠤ ᠪᠤᠳᠤᠯᠭ᠎ᠠ ᠶᠢᠨ ᠰᠠᠨᠠᠭᠤᠯᠭ᠎ᠠ︔ ᠲᠤᠰ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠷᠭᠦᠯᠵᠢᠯᠡᠨ ᠬᠡᠷᠡᠭᠵᠢᠭᠦᠯᠬᠦ ᠡᠰᠡᠬᠦ᠂ ᠡᠰᠡᠬᠦᠯ᠎ᠡ ᠵᠠᠰᠠᠪᠤᠷᠢ ᠣᠷᠣᠭᠤᠯᠬᠤ ᠪᠤᠶᠤ ᠬᠦᠴᠦᠨ ᠥᠭᠡᠢ ᠪᠣᠯᠭᠠᠬᠤ ᠴᠢᠬᠤᠯᠠ ᠲᠠᠢ᠃ ᠭᠤᠷᠪᠠ᠂ ᠰᠢᠢᠳᠪᠦᠷᠢᠯᠡᠭᠰᠡᠨ᠂ ᠦᠨᠡᠯᠡᠨ ᠵᠢᠱᠢᠭᠰᠡᠨ ᠦᠷ᠎ᠡ ᠳ᠋ᠦᠩ ︵ᠨᠢᠭᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠵᠦ᠂ ᠦᠷᠭᠦᠯᠵᠢᠯᠡᠨ ᠦᠯᠡᠳᠡᠭᠡᠬᠦ ᠳᠤ ᠲᠤᠬᠢᠷᠠᠬᠤ ᠶᠢ ᠨᠢ ᠦᠷᠭᠦᠯᠵᠢᠯᠡᠨ ᠬᠦᠴᠦᠨ ᠲᠠᠢ ᠪᠠᠶᠢᠯᠭᠠᠬᠤ ᠶᠢ ᠨᠡᠶᠢᠲᠡᠯᠡᠵᠦ ᠪᠣᠯᠤᠨ᠎ᠠ᠃ ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠦᠴᠦᠨ ᠥᠭᠡᠢ ᠪᠣᠯᠭᠠᠬᠤ ᠪᠠᠷ ᠨᠡᠶᠢᠲᠡᠯᠡᠬᠦ ᠬᠡᠷᠡᠭᠲᠡᠶ᠃ 1. ᠠᠭᠤᠯᠭ᠎ᠠ ᠨᠢ ᠲᠣᠭᠲᠠᠭᠠᠬᠤ ᠪᠡᠶᠡᠴᠢ ᠴᠣᠭᠴᠠ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠠᠴᠠ ᠳᠠᠪᠠᠭᠰᠠᠨ︔ 2. ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠨᠡᠶᠢᠴᠡᠬᠦ ᠥᠬᠡᠶ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᠪᠠᠶᠢᠬᠤ︔ 3% ᠲᠣᠭᠲᠠᠭᠠᠬᠤ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠭᠡᠢ ᠪᠣᠯᠭᠠᠭᠰᠠᠨ ᠪᠤᠶᠤ ᠵᠠᠰᠠᠪᠤᠷᠢ ᠣᠷᠣᠭᠤᠯᠤᠭᠰᠠᠨ ᡾ 4. ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠠᠶᠢᠬᠤ᠃ ︵ᠭᠤᠷᠪᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠬᠦᠴᠦᠨ ᠥᠭᠡᠢ ᠪᠣᠯᠤᠭᠰᠠᠨ ᠢ ᠵᠠᠷᠯᠠᠬᠤ ᠬᠡᠷᠡᠭᠲᠡᠶ᠃ 1% ᠨᠡᠷᠡᠶᠢᠳᠦᠯ ᠢ ︽ᠲᠥᠷ ᠬᠡᠷᠡᠭᠵᠢᠭᠦᠯᠬᠦ︾ ︽ᠲᠤᠷᠰᠢᠨ ᠬᠡᠷᠡᠭᠵᠢᠭᠦᠯᠬᠦ︾ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠡᠳ ᠨᠢᠭᠡᠨᠲᠡ ᠪᠦᠬᠦᠯᠢ 2 ᠵᠢᠯ ᠪᠣᠯᠤᠭᠰᠠᠨ᠂ ᠡᠰᠡᠬᠦᠯ᠎ᠡ ᠬᠡᠷᠡᠭᠯᠡᠬᠦ ᠬᠤᠭᠤᠴᠠᠭ᠎ᠠ ᠠᠴᠠ ᠨᠢᠭᠡᠨᠲᠡ ᠥᠩᠭᠡᠷᠡᠭᠰᠡᠨ ︵︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ᠶᠢᠨ ᠬᠤᠷᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠡᠷᠡᠶᠢᠳᠦᠯ ᠢ ︽ᠲᠥᠷ ᠬᠡᠷᠡᠭᠵᠢᠭᠦᠯᠬᠦ ︾ ︽ᠲᠤᠷᠰᠢᠨ ᠬᠡᠷᠡᠭᠵᠢᠭᠦᠯᠬᠦ︾ ᠪᠠᠷ ᠲᠠᠯᠪᠢᠭᠰᠠᠨ ᠪᠣᠯ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠵᠤ ᠪᠣᠯᠬᠤ ᠥᠭᠡᠢ︶᠃ 2. ᠲᠣᠬᠢᠷᠠᠭᠤᠯᠬᠤ ᠳ᠋ᠦᠶ᠋ᠰᠢᠶᠠᠩ ᠨᠢ ᠨᠢᠭᠡᠨᠲᠡ ᠠᠷᠢᠯᠤᠭᠰᠠᠨ ᠪᠤᠶᠤ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠨᠢᠭᠡᠨᠲᠡ ᠬᠤᠪᠢᠷᠬᠠᠰᠠᠨ︔ 3. ᠲᠣᠭᠲᠠᠭᠠᠭᠰᠠᠨ ᠵᠦᠢᠯ ᠤᠳ ᠤᠨ ᠡᠭᠦᠷᠭᠡ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠬᠡᠷᠡᠭ ᠳᠡᠭᠡᠷ᠎ᠡ ᠪᠠᠨ ᠨᠢᠭᠡᠨᠲᠡ ᠬᠦᠴᠦᠨ ᠦᠭᠡᠢ ᠪᠣᠯᠤᠭᠰᠠᠨ︔ 4% ᠲᠣᠭᠲᠠᠭᠠᠬᠤ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠨᠢ ᠨᠢᠭᠡᠨᠲᠡ ᠬᠦᠴᠦᠨ ᠥᠭᠡᠢ ᠪᠣᠯᠤᠭᠰᠠᠨ ᠢᠶᠠᠷ ᠨᠡᠶᠢᠲᠡᠯᠡᠭᠳᠡᠭᠰᠡᠨ᠃ ︵ᠲᠥᠷᠪᠡ︶ ᠦᠨᠡᠯᠡᠨ ᠵᠢᠱᠢᠵᠦ ᠳᠠᠭᠤᠰᠤᠭᠰᠠᠨ ᠤ ᠲᠠᠷᠠᠭ᠎ᠠ ᠦᠨᠡᠯᠡᠨ ᠵᠢᠱᠢᠭᠰᠡᠨ ᠮᠡᠳᠡᠭᠦᠯᠦᠯᠲᠡ ᠪᠤᠢ ᠪᠣᠯᠭᠠᠬᠤ᠃ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠭᠤᠣᠯ ᠠᠭᠤᠯᠭ᠎ᠠ ᠶᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ᠂ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠦᠨᠡᠯᠡᠨ ᠵᠢᠱᠢᠭᠰᠡᠨ ᠳ᠋ᠦᠩᠨᠡᠯᠲᠡ ᠵᠢᠴᠢ ᠰᠠᠨᠠᠭᠤᠯᠭ᠎ᠠ ᠵᠡᠷᠭᠡ ᠭᠤᠷᠪᠠᠨ ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ᠂ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠳᠤ ᠭᠤᠤᠯᠳᠠᠭᠤ ᠬᠡᠷᠡᠭᠵᠢᠭᠦᠯᠦᠭᠰᠡᠨ ᠦᠨᠳᠦᠰᠦᠨ ᠪᠠᠶᠢᠳᠠᠯ᠂ ᠴᠢᠳᠠᠮᠵᠢ ᠦᠢᠯᠡᠳᠦᠯ᠂ ᠣᠯᠤᠭᠰᠠᠨ ᠠᠮᠵᠢᠯᠲᠠ ᠪᠦᠲᠦᠮᠵᠢ ᠵᠡᠷᠭᠡ ᠪᠠᠭᠲᠠᠨ᠎ᠠ᠃ ᠬᠤᠶᠠᠳᠤᠭᠠᠷ ᠬᠡᠰᠡᠭ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠪᠣᠯ ᠭᠤᠣᠯᠳᠠᠭᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠭᠤᠣᠯ ᠠᠰᠠᠭᠤᠳᠠᠯ᠂ ᠪᠣᠳᠠᠲᠠᠶ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠴᠢᠳᠠᠬᠤ ᠡᠰᠡᠬᠦ ᠶᠢᠨ ᠬᠠᠮᠲᠤ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠴᠢᠳᠠᠬᠤ ᠡᠰᠡᠬᠦ ᠶᠠᠪᠤᠳᠠᠯ ᠪᠣᠯᠤᠨ᠎ᠠ᠃ ᠭᠤᠷᠪᠠᠳᠤᠭᠠᠷ ᠬᠡᠰᠡᠭ᠂ ᠦᠨᠡᠯᠡᠨ ᠵᠢᠱᠢᠭᠰᠡᠨ ᠳ᠋ᠦᠩᠨᠡᠯᠲᠡ ᠵᠢᠴᠢ ᠰᠠᠨᠠᠭᠤᠯᠭ᠎ᠠ ᠂ ᠡᠭᠦᠨ ᠳᠤ ᠭᠤᠤᠯᠳᠠᠭᠤ ᠦᠨᠡᠯᠡᠨ ᠵᠢᠱᠢᠭᠰᠡᠨ ᠳ᠋ᠦᠩᠨᠡᠯᠲᠡ ᠵᠢᠴᠢ ᠲᠠᠷᠠᠭᠠᠴᠢ ᠶᠢᠨ ᠠᠯᠬᠤᠮ ᠳᠤ ᠬᠡᠷᠡᠭᠵᠢᠭᠦᠯᠬᠦ ᠶᠠᠪᠤᠴᠠ ᠳᠠᠬᠢ ᠭᠤᠤᠯᠳᠠᠯᠭ᠎ᠠ ᠲᠠᠢ᠂ ᠪᠡᠷᠬᠡᠲᠡᠶ ᠠᠰᠠᠭᠤᠳᠠᠯ ᠢ ᠬᠡᠷᠬᠢᠨ ᠦᠨᠡᠨ ᠬᠦ ᠰᠢᠢᠳᠪᠦᠷᠢᠯᠡᠬᠦ᠂ ᠬᠡᠷᠡᠭᠵᠢᠭᠦᠯᠬᠦ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠲᠤᠬᠠᠶ ᠬᠤᠯᠪᠣᠭᠳᠠᠯ ᠪᠥᠬᠦᠶ ᠰᠠᠨᠠᠯ ᠪᠠ ᠰᠠᠨᠠᠭᠤᠯᠭ᠎ᠠ ᠳᠤᠷᠠᠳᠬᠤ ᠵᠡᠷᠭᠡ ᠪᠠᠭᠲᠠᠨ᠎ᠠ᠃ ᠳᠥᠷᠪᠡ᠂ ᠠᠵᠢᠯ ᠤᠨ ᠬᠤᠪᠢᠶᠠᠷᠢᠯᠠᠯ ᠪᠠ ᠠᠵᠢᠯ ᠤᠨ ᠴᠠᠭ ᠤᠨ ᠬᠢᠵᠠᠭᠠᠷ ︽ᠬᠡᠨ ᠲᠣᠭᠲᠠᠭᠠᠭᠰᠠᠨ ᠪᠣᠯ ᠲᠡᠷᠡ ᠢᠯᠭᠠᠷᠠᠭᠤᠯᠵᠤ᠂ ᠲᠡᠷᠡ ᠦᠨᠡᠯᠡᠨ ᠵᠢᠱᠢᠬᠦ︾ ᠵᠠᠷᠴᠢᠮ ᠢ ᠪᠠᠷᠢᠮᠲᠠᠯᠠᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠵᠤ᠂ ᠦᠨᠡᠯᠡᠨ ᠵᠢᠱᠢᠬᠦ ᠠᠵᠢᠯ ᠢ ᠲᠡᠭᠦᠨ ᠤ ᠲᠣᠭᠲᠠᠭᠠᠭᠰᠠᠨ ᠪᠠᠶᠢᠭᠤᠯᠤᠯᠭ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠢᠯᠭᠠᠷᠠᠭᠤᠯᠵᠤ᠂ ᠦᠨᠡᠯᠡᠨ ᠵᠢᠱᠢᠬᠦ ᠬᠡᠷᠡᠭᠲᠡᠶ᠃ ᠣᠯᠠᠨ ᠰᠠᠯᠠᠭ᠎ᠠ ᠮᠥᠴᠢᠷ ᠬᠠᠮᠲᠤᠷᠠᠨ ᠦᠢᠯᠡᠳᠦᠨ ᠲᠠᠷᠬᠠᠭᠠᠬᠤ ᠪᠠ ᠣᠯᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠪᠠᠯ᠂ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠰᠢᠢᠳᠪᠦᠷᠢᠯᠡᠬᠦ᠂ ᠦᠨᠡᠯᠡᠨ ᠵᠢᠱᠢᠬᠦ ᠬᠡᠷᠡᠭᠲᠡᠶ︔ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠰᠢᠯᠲᠠᠭᠠᠨ ᠠᠴᠠ ᠪᠣᠯᠵᠣ᠂ ᠲᠣᠭᠲᠠᠭᠠᠭᠰᠠᠨ ᠪᠠᠶᠢᠭᠤᠯᠤᠯᠭ᠎ᠠ ︵ᠰᠠᠯᠠᠭ᠎ᠠ ᠮᠥᠴᠢᠷ︶ ᠶᠢ ᠬᠦᠴᠦᠨ ᠥᠬᠡᠶ ᠪᠣᠯᠭᠠᠭᠰᠠᠨ᠂ ᠰᠠᠯᠭᠠᠭᠰᠠᠨ᠂ ᠨᠡᠶᠢᠯᠡᠭᠦᠯᠦᠭᠰᠡᠨ ᠵᠢᠴᠢ ᠡᠭᠦᠷᠭᠡ ᠴᠢᠳᠠᠪᠤᠷᠢ ᠶᠢ ᠨᠢ ᠰᠢᠯᠵᠢᠭᠦᠯᠦᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠪᠠᠶᠢᠭᠤᠯᠤᠯᠭ᠎ᠠ ︵ᠰᠠᠯᠠᠭ᠎ᠠ ᠮᠥᠴᠢᠷ︶ ᠠᠴᠠ ᠬᠠᠷᠢᠭᠤᠴᠠᠨ ᠢᠯᠭᠠᠷᠠᠭᠤᠯᠵᠤ᠂ ᠦᠨᠡᠯᠡᠨ ᠵᠢᠱᠢᠨ᠎ᠡ︔ ᠲᠣᠭᠲᠠᠭᠠᠬᠤ ᠭᠤᠣᠯ ᠴᠣᠭᠴᠠ ᠶᠢᠨ ᠬᠢᠷᠢ ᠬᠡᠮ ᠢ ᠪᠦᠷᠢᠳᠦᠭᠦᠯᠦᠭᠰᠡᠨ ᠥᠭᠡᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠷᠢᠶ᠎ᠠ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠬᠠᠮᠢᠶ᠎ᠠ ᠪᠥᠬᠦᠢ ᠰᠠᠯᠠᠭ᠎ᠠ ᠮᠥᠴᠢᠷ ᠠᠴᠠ ᠰᠢᠢᠳᠪᠦᠷᠢᠯᠡᠬᠦ᠂ ᠦᠨᠡᠯᠡᠨ ᠵᠢᠱᠢᠬᠦ ᠶᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠢ ᠡᠷᠬᠡᠪᠰᠢ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃ ︵ᠨᠢᠭᠡ︶ ᠬᠤᠰᠢᠭᠤᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ᠃ ᠲᠤᠰ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠰᠠᠯᠠᠭ᠎ᠠ ᠮᠥᠴᠢᠷ ᠪᠤᠶᠤ ᠬᠡᠷᠡᠭᠵᠢᠭᠦᠯᠬᠦ ᠰᠠᠯᠠᠭ᠎ᠠ ᠮᠥᠴᠢᠷ ᠠᠴᠠ ᠰᠢᠢᠳᠪᠦᠷᠢᠯᠡᠬᠦ᠂ ᠦᠨᠡᠯᠡᠨ ᠵᠢᠱᠢᠬᠦ ᠶᠢ ᠬᠠᠷᠢᠭᠤᠴᠠᠨ᠎ᠠ ︵ᠳᠠᠭᠠᠯᠳᠤᠭᠤᠯᠤᠯ 5 ᠶᠢ ᠦᠵᠡ︶ ᠂ ᠰᠢᠢᠳᠪᠦᠷᠢᠯᠡᠬᠦ ᠰᠠᠨᠠᠭᠤᠯᠭ᠎ᠠ ᠪᠠ ᠤᠴᠢᠷ ᠰᠢᠯᠲᠠᠭᠠᠨ ᠢᠶᠠᠨ ᠳᠤᠷᠠᠳᠬᠤ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠵᠣᠬᠢᠶᠠᠵᠤ᠂ ︽ᠬᠤᠰᠢᠭᠤᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠵᠣᠬᠢᠶᠠᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠰᠠᠨᠠᠭᠤᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1 ᠶᠢ ᠦᠵᠡ︶ ᠶᠢ ᠲᠠᠭᠯᠠᠵᠤ᠂ ᠭᠤᠤᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠬᠤ ᠶᠢᠨ ᠬᠠᠮᠲᠤ ᠠᠯᠪᠠᠨ ᠲᠠᠮᠠᠭ᠎ᠠ ᠳᠠᠷᠤᠭᠤᠯᠤᠭᠰᠠᠨ ᠤ ᠳᠠᠷᠠᠭ᠎ᠠ᠂ 2021 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠠᠯᠳᠤᠭᠤᠯᠤᠯ 1 ᠪᠠ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ᠬᠡᠳᠦᠨ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠨᠠᠯ ᠳᠤᠷᠠᠳᠬᠤ ᠴᠢᠬᠤᠯᠠ ᠲᠠᠢ ᠪᠣᠯ᠂ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠠᠴᠠ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠰᠣᠨᠣᠰᠬᠤ ᠶᠢᠨ ᠬᠠᠮᠲᠤ ᠵᠣᠬᠢᠴᠠᠭᠤᠯᠤᠨ ᠨᠢᠭᠡᠳᠬᠡᠭᠰᠡᠨ ᠤ ᠳᠠᠷᠠᠭ᠎ᠠ ᠰᠢᠢᠳᠪᠦᠷᠢᠯᠡᠬᠦ ᠂ ᠦᠨᠡᠯᠡᠨ ᠵᠢᠱᠢᠬᠦ ᠰᠠᠨᠠᠯ ᠢ ᠬᠠᠮᠲᠤ ᠪᠠᠷ ᠪᠦᠷᠢᠯᠳᠦᠭᠦᠯᠵᠦ᠂ 2021 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠠᠯᠳᠤᠭᠤᠯᠤᠯ 1᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ ᠮᠡᠳᠡᠭᠦᠯᠦᠯᠲᠡ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ᠎ᠡ᠃ ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠮᠡᠳᠡᠭᠦᠯᠦᠨ ᠬᠦᠷᠭᠡᠭᠰᠡᠨ ᠢᠯᠭᠠᠷᠠᠭᠤᠯᠤᠨ ᠳᠢᠭᠯᠡᠬᠦ ᠰᠠᠨᠠᠯ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠷᠢᠶᠠᠩᠭᠤᠶᠢᠯᠠᠨ ᠡᠮᠬᠢᠯᠡᠵᠦ ᠳᠢᠭᠯᠡᠭᠰᠡᠨ ᠤ ᠳᠠᠷᠠᠭ᠎ᠠ᠂ ᠬᠤᠯᠪᠣᠭᠳᠠᠯ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠷᠭᠦᠯᠵᠢᠯᠡᠨ ᠬᠦᠴᠦᠨ ᠲᠠᠢ ᠪᠠᠶᠢᠯᠭᠠᠬᠤ᠂ ᠬᠦᠴᠦᠨ ᠥᠬᠡᠶ ᠪᠣᠯᠭᠠᠬᠤ᠂ ᠬᠦᠴᠦᠨ ᠥᠬᠡᠶ ᠪᠣᠯᠭᠠᠬᠤ ᠵᠡᠷᠭᠡ ᠰᠢᠢᠳᠪᠦᠷᠢᠯᠡᠬᠦ ᠰᠠᠨᠠᠯ ᠢ ᠪᠣᠶ ᠪᠣᠯᠭᠠᠵᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ︵ᠬᠤᠶᠠᠷ︶ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠠᠯᠪᠠᠨ ᠬᠡᠷ ᠤᠨ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ᠃ ᠡᠯ᠎ᠡ ᠨᠢᠭᠡᠴᠡ ᠠᠴᠠ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠥᠪᠡᠷᠲᠡᠭᠡᠨ ᠢᠯᠭᠠᠷᠠᠭᠤᠯᠵᠤ᠂ ᠦᠨᠡᠯᠡᠨ ᠵᠢᠱᠢᠵᠦ᠂ ᠡᠭᠦᠨ ᠳᠤ ᠭᠤᠤᠯ ᠴᠣᠭᠴᠠ ᠶᠢᠨ ᠬᠢᠷᠢ ᠬᠡᠮ ᠢ ᠲᠣᠭᠲᠠᠭᠠᠬᠤ ᠥᠬᠡᠶ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠠᠭᠲᠠᠭᠠᠨ᠎ᠠ᠂ 2021 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ᠂ ᠦᠨᠡᠯᠡᠨ ᠵᠢᠱᠢᠭᠰᠡᠨ ᠪᠠᠶᠢᠳᠠᠯ ᠤᠨ ᠮᠡᠳᠡᠭᠦᠯᠦᠯᠲᠡ ᠵᠢᠴᠢ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ᠂ ᠦᠨᠡᠯᠡᠨ ᠵᠢᠱᠢᠭᠰᠡᠨ ᠠᠵᠢᠯ ᠤᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 2 ᠢ ᠦᠵᠡ︶᠂ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ ᠭᠠᠷᠴᠠᠭ︾ ︵ᠳᠠᠭᠠᠯᠳᠤᠭᠤᠯᠤᠯ 3 ᠶᠢ ᠦᠵᠡ︶᠂ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠦᠨᠡᠯᠡᠨ ᠵᠢᠱᠢᠭᠰᠡᠨ ᠭᠠᠷᠴᠠᠭ︾ ︵ᠳᠠᠭᠠᠯᠳᠤᠭᠤᠯᠤᠯ 4 ᠶᠢ ᠦᠵᠡ ︶ ᠢ ᠬᠠᠮᠲᠤ ᠳᠤᠨᠢ ᠴᠠᠬᠢᠮ ᠬᠡᠪᠯᠡᠯ ᠢ ᠳᠠᠭᠠᠯᠳᠤᠭᠤᠯᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ᠎ᠡ᠃ ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠨᠢᠭᠡᠴᠡ᠂ ᠡᠯ᠎ᠡ ᠰᠤᠮᠤ ᠪᠠᠯᠭᠠᠰᠤ ᠨᠤᠭᠤᠳ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠢ ᠲᠣᠰ ᠨᠢᠭᠡᠴᠡ ᠶᠢᠨ ᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠤᠷᠤᠭᠰᠢ ᠠᠬᠢᠭᠤᠯᠬᠤ ᠠᠵᠢᠯ ᠤᠨ ᠴᠢᠬᠤᠯᠠ ᠠᠵᠢᠯ ᠤᠨ ᠡᠭᠦᠷᠭᠡ ᠪᠣᠯᠭᠠᠵᠤ᠂ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠬᠤᠶᠠᠷ︶ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠬᠤ ᠬᠡᠷᠡᠭᠲᠡᠶ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠨᠢ ᠲᠥᠷᠥ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠬᠡᠮᠵᠢᠶ᠎ᠡ ᠨᠢ ᠶᠡᠭᠡ ᠪᠣᠯᠬᠤᠷ᠂ ᠡᠯ᠎ᠡ ᠨᠢᠭᠡᠴᠡ ᠨᠦᠭᠦᠳ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠲᠥᠰᠦᠯ ᠲᠣᠭᠲᠠᠭᠠᠨ᠂ ᠠᠵᠢᠯ ᠤᠨ ᠴᠠᠭ ᠤᠨ ᠬᠢᠵᠠᠭᠠᠷ ᠢᠶᠠᠨ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠴᠠᠭ ᠲᠤᠬᠠᠶ ᠳᠤᠨᠢ ᠨᠡᠶᠢᠭᠡᠮ ᠳᠤ ᠢᠯᠠ ᠪᠠᠷ ᠢᠯᠭᠠᠷᠠᠭᠤᠯᠵᠤ᠂ ᠦᠨᠡᠯᠡᠨ ᠵᠢᠱᠢᠭᠰᠡᠨ ᠦᠷ᠎ᠡ ᠳᠦᠢᠩ ᠢ ᠦᠨᠡᠯᠡᠨ ᠵᠢᠱᠢᠵᠦ᠂ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠤᠨ ᠥᠨᠳᠥᠷ ᠦᠷ᠎ᠡ ᠪᠦᠲᠦᠮᠵᠢᠲᠡᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠭᠤᠷᠪᠠ︶ ᠵᠢᠯᠣᠭᠤᠳᠣᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠯᠲᠠ ᠪᠠᠨ ᠴᠢᠩᠭᠠᠷᠠᠭᠤᠯᠤᠨ᠎ᠠ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠢ ᠰᠢᠮᠳᠠᠭᠤᠯᠬᠤ ᠪᠠ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠨᠢᠭᠡᠴᠡ᠂ ᠡᠯ᠎ᠡ ᠰᠤᠮᠤ ᠪᠠᠯᠭᠠᠰᠤ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠠᠵᠢᠯ ᠤᠨ ᠳᠤᠮᠳᠠ ᠬᠡᠷᠪᠡ ᠠᠰᠠᠭᠤᠳᠠᠯ ᠲᠠᠢ ᠪᠣᠯ᠂ ᠴᠠᠭ ᠲᠤᠬᠠᠶ ᠳᠤᠨᠢ ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠷᠢᠯᠴᠠᠵᠤ᠂ ᠵᠥᠪᠳᠡᠯᠴᠡᠨ ᠨᠡᠪᠲᠡᠷᠡᠯᠴᠡᠬᠦ ᠪᠠᠨ ᠴᠢᠩᠭᠠᠳᠬᠠᠵᠤ᠂ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠬᠠᠷᠢᠯᠴᠠᠬᠤ ᠬᠥᠮᠦᠨ᠄ ᠸᠠᠩ ᠰᠢᠤᠸᠠᠢ ᠮᠧᠩ ᠤᠨ ᠬᠠᠷᠢᠯᠴᠠᠬᠤ ᠤᠲᠠᠰᠤ᠄ 0483 — 8224376 2021 ᠣᠨ ᠤ 6 ᠰᠠᠷ᠎ᠠ ᠶᠢᠨ 29 ᠳᠠᠭᠠᠯᠳᠤᠭᠤᠯᠤᠯ᠄ 1. ᠬᠤᠰᠢᠭᠤᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ᠂ ᠦᠨᠡᠯᠡᠨ ᠵᠢᠱᠢᠬᠦ ᠰᠠᠨᠠᠭᠤᠯᠭ᠎ᠠ ᠶᠢᠨ ᠬᠦᠰᠦᠨᠦᠭᠲᠦ᠃ doc 2. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠭᠰᠡᠨ᠂ ᠦᠨᠡᠯᠡᠨ ᠵᠢᠱᠢᠭᠰᠡᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ᠃ docx 3. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠭᠠᠷᠴᠠᠭ᠃ docx 4. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠦᠨᠡᠯᠡᠨ ᠵᠢᠱᠢᠬᠦ ᠭᠠᠷᠴᠠᠭ᠃ docx 5. ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号