ᠠᠯᠠᠱᠠ ᠠᠭᠤᠯᠠ ᠶᠢᠨ ᠭᠠᠯ ᠲᠦᠢᠮᠡᠷ ᠤᠨ ᠠᠶᠤᠯᠲᠠᠢ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠎ ᠤ ᠲᠥᠷᠥᠯ ᠵᠦᠢᠯ ᠤᠨ ᠵᠠᠰᠠᠯᠲᠠ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/9/26
9 ᠳ᠋ᠦ᠋ᠭᠡᠷ ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠭᠠᠵᠠᠷ ᠤᠨ ᠳᠠᠷᠤᠭ᠎ᠠ ᠶᠠᠩ ᠢ ᠰᠢᠶᠠᠩ ᠨᠠᠷ ᠠᠯᠠᠱᠠ ᠠᠭᠤᠯᠠ ᠶᠢᠨ ᠭᠠᠯ ᠲᠦᠢᠮᠡᠷ ᠤᠨ ᠠᠶᠤᠯᠲᠠᠢ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠲᠥᠷᠥᠯ ᠵᠦᠢᠯ ᠤᠨ ᠵᠠᠰᠠᠯᠲᠠ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠬᠢᠪᠡ  ᠃
ᠶᠠᠩ ᠢ ᠰᠢᠶᠠᠩ ᠨᠠᠷ ᠤᠷᠢᠳ ᠬᠤᠵᠢᠳ ᠯᠠᠨᠲᠠᠢ ᠺᠣᠮᠫᠠᠨᠢ ᠶᠢᠨ ᠪᠠᠶᠠᠨ ᠨᠡᠭᠦᠷᠡᠰᠦᠨ ᠠᠭᠤᠷᠬᠠᠢ᠂ ᠴᠢᠩ ᠬᠤᠸᠠ ᠺᠣᠮᠫᠠᠨᠢ ᠶᠢᠨ ᠪᠠᠢ ᠯᠢᠩ ᠨᠡᠭᠦᠷᠡᠰᠦᠨ ᠠᠭᠤᠷᠬᠠᠢ ᠵᠢᠴᠢ ᠤᠯᠠᠭᠠᠨ ᠨᠡᠭᠦᠷᠡᠰᠦᠨ ᠠᠭᠤᠷᠬᠠᠢ ᠶᠢᠨ ᠵᠠᠰᠠᠯᠲᠠ ᠶᠢᠨ ᠣᠷᠣᠨ ᠢᠶᠠᠷ ᠭᠦᠨᠵᠡᠭᠡᠶᠢᠷᠡᠨ ᠴᠡᠭᠴᠡᠯᠡᠨ ᠵᠠᠰᠠᠬᠤ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠰᠠᠭᠤᠳᠠᠯ ᠤᠨ ᠡᠬᠡ ᠲᠠᠩᠰᠠ ᠶᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠨᠠᠷᠢᠨ ᠬᠠᠷᠭᠤᠭᠤᠯᠪᠠ  ᠃ ᠶᠠᠩ ᠢ ᠰᠢᠶᠠᠩ ᠨᠠᠷ ᠠᠯᠠᠱᠠ ᠠᠭᠤᠯᠠ ᠶᠢᠨ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦᠯᠢ ᠴᠣᠭᠴᠠ ᠪᠠᠷ ᠨᠢ ᠬᠦᠴᠦᠲᠡᠢ ᠠᠬᠢᠭᠤᠯᠵᠤ᠂ ᠢᠯᠡᠳᠲᠡ ᠦᠷ᠎ᠡ ᠪᠦᠲᠦᠮᠵᠢ ᠤᠯᠪᠠ ᠭᠡᠵᠦ ᠦᠵᠡᠪᠡ  ᠃ ᠶᠠᠩ ᠢ ᠰᠢᠶᠠᠩ ᠠᠴᠠ᠂ ᠡᠯ᠎ᠡ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠯᠤᠰ ᠲᠦᠷᠦ ᠶᠢᠨ ᠪᠠᠶᠢᠷᠢ ᠰᠠᠭᠤᠷᠢ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠵᠠᠰᠠᠯᠲᠠ ᠶᠢᠨ ᠰᠠᠭᠤᠷᠢᠨ ᠳᠡᠭᠡᠷ᠎ᠡ᠂ ᠠᠮᠤᠷ ᠲᠦᠪᠰᠢᠨ ᠢ ᠦᠷᠭᠦᠯᠵᠢᠯᠡᠨ ᠠᠳᠬᠤᠵᠤ᠂ ᠠᠬᠢᠴᠠ ᠶᠢ ᠲᠦᠷᠭᠡᠳᠬᠡᠵᠦ᠂ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ  ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号