《 ᠨᠠᠶᠮᠠᠨ ᠰᠠᠷ᠎ᠠ ᠶᠢᠨ ᠲᠡᠷᠭᠡᠯ ᠪᠠᠶᠠᠷ 》᠎ ᠤᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠬᠤᠳᠠᠯᠳᠤᠭ᠎ᠠ ᠪᠣᠷᠤᠯᠠᠭᠤᠯᠭ᠎ᠠ ᠰᠠᠶᠢᠨ ᠪᠠᠶᠢᠪᠠ
ᠨᠡᠶᠢᠲᠡᠯᠡᠭᠰᠡᠨ ᠴᠠᠭ᠄
2021/9/26
9 ᠳ᠋ᠦ᠋ᠭᠡᠷ ᠰᠠᠷ᠎ᠠ ᠶᠢᠨ 19᠎ ᠤ ᠡᠳᠦᠷ 《 ᠨᠠᠶᠮᠠᠨ ᠰᠠᠷ᠎ᠠ ᠶᠢᠨ ᠲᠡᠷᠭᠡᠯ ᠪᠠᠶᠠᠷ 》᠎ ᠤᠨ ᠠᠮᠠᠷᠠᠯᠲᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠠᠮᠤ ᠲᠣᠰᠣ᠂ ᠮᠢᠬ᠎ᠠ᠂ ᠥᠨᠳᠡᠭᠡ᠂ ᠨᠣᠭᠤᠭ᠎ᠠ᠂ ᠤᠰᠤᠨ ᠭᠠᠷᠤᠯᠲᠠ ᠵᠡᠷᠭᠡ ᠬᠤᠯᠢᠰᠢᠨ ᠢᠳᠡᠭᠡᠨ ᠤ ᠵᠠᠬ᠎ᠠ ᠳᠡᠯᠭᠡᠭᠦᠷ ᠤᠨ ᠪᠠᠷᠠᠭᠠᠨ ᠤ ᠢᠷᠡᠯᠲᠡ ᠭᠦᠶᠴᠡᠳ᠂ ᠲᠥᠷᠥᠯ ᠵᠦᠶᠯ ᠡᠯᠪᠡᠭ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠡᠷᠦᠩᠬᠡᠶ ᠳᠡᠭᠡᠨ ᠲᠣᠭᠲᠠᠭᠤᠨ ᠪᠠᠶᠢᠪᠠ᠃ ᠪᠠᠶᠠᠷ ᠤᠨ ᠡᠳᠦᠷ ᠤᠨ ᠡᠮᠦᠨᠡᠬᠢ ᠲᠠᠢ ᠬᠠᠷᠢᠴᠠᠭᠤᠯᠪᠠᠯ᠂ ᠦᠬᠡᠷ ᠤᠨ ᠮᠢᠬ᠎ᠠ᠂ ᠲᠠᠬᠢᠶᠠᠨ ᠮᠢᠬ᠎ᠠ᠂ ᠢᠳᠡᠰᠢᠨ ᠨᠣᠭᠤᠭ᠎ᠠ ᠶᠢᠨ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠵᠢᠭᠠᠬᠠᠨ ᠥᠰᠴᠦ᠂ ᠪᠤᠰᠤᠳ ᠢᠳᠡᠭᠡᠨ ᠤ ᠵᠦᠶᠯ ᠤᠨ ᠦᠨ᠎ᠡ ᠲᠣᠭᠲᠠᠭᠤᠨ ᠪᠠᠶᠢᠪᠠ᠃ ᠡᠯ᠎ᠡ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠡᠭᠦᠳᠡᠨ ᠳᠡᠯᠭᠡᠭᠦᠷ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠭᠦᠶᠴᠡᠳ ᠪᠠᠶᠢᠵᠤ᠂ ᠦᠨ᠎ᠡ ᠬᠠᠩᠰᠢ ᠨᠢ ᠲᠣᠭᠲᠠᠭᠤᠨ ᠪᠠᠶᠢᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号