ᠴᠠᠬᠢᠯᠭᠠᠨ ᠱᠠᠲᠤ ᠶᠢᠨ ᠠᠳᠡᠯ ᠭᠠᠷᠬᠤ ᠶᠢ ᠰᠡᠷᠭᠡᠶᠢᠯᠡᠨ ᠪᠠᠭᠠᠰᠬᠠᠪᠠ
ᠨᠡᠶᠢᠲᠡᠯᠡᠭᠰᠡᠨ ᠴᠠᠭ᠄
2021/9/26
ᠨᠢᠭᠡ ᠳᠤ᠂ ᠴᠠᠬᠢᠯᠭᠠᠨ ᠱᠠᠲᠤ ᠬᠡᠷᠡᠭᠯᠡᠬᠦ ᠰᠠᠯᠠᠭ᠎ᠠ ᠮᠥᠴᠢᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠴᠠᠬᠢᠯᠭᠠᠨ ᠱᠠᠲᠤ ᠦᠶᠯᠡᠳᠬᠦ ᠰᠠᠯᠠᠭ᠎ᠠ ᠮᠥᠴᠢᠷ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠮᠥᠷᠳᠡᠨ ᠵᠢᠯᠣᠭᠤᠳᠬᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠴᠠᠬᠢᠯᠭᠠᠨ ᠱᠠᠲᠤ ᠶᠢᠨ ᠠᠷᠠᠴᠢᠯᠠᠨ ᠬᠠᠮᠠᠭᠠᠯᠠᠬᠤ ᠨᠢᠭᠡᠴᠡ ᠶᠢᠨ ᠠᠷᠠᠴᠢᠯᠠᠨ ᠬᠠᠮᠠᠭᠠᠯᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠪᠡ᠃ ᠬᠤᠶᠠᠷ ᠲᠤ᠂ ᠴᠠᠬᠢᠯᠭᠠᠨ ᠱᠠᠲᠤ ᠬᠡᠷᠡᠭᠯᠡᠬᠦ ᠰᠠᠯᠠᠭ᠎ᠠ ᠮᠥᠴᠢᠷ ᠪᠠ ᠬᠠᠮᠠᠭᠠᠯᠠᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠴᠠᠬᠢᠯᠭᠠᠨ ᠱᠠᠲᠤ ᠶᠢᠨ ᠬᠡᠩᠭᠡᠷᠭᠡ ᠬᠡᠯᠪᠡᠷᠢᠲᠦ ᠲᠣᠷᠣᠮᠰᠤᠯᠠᠭᠤᠷ ᠤᠨ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠭᠦᠯᠪᠡ᠃ ᠬᠠᠮᠠᠭᠠᠯᠠᠬᠤ ᠰᠠᠯᠠᠭ᠎ᠠ ᠮᠥᠴᠢᠷ ᠢ ᠴᠠᠬᠢᠯᠭᠠᠨ ᠱᠠᠲᠤ ᠦᠶᠯᠡᠳᠬᠦ ( ᠥᠭᠡᠷᠡᠴᠢᠯᠡᠬᠦ ) ᠰᠠᠯᠠᠭ᠎ᠠ ᠮᠥᠴᠢᠷ ᠯᠦᠭᠡ ᠴᠠᠭ ᠲᠤᠬᠠᠶ ᠳᠤᠨᠢ ᠬᠠᠷᠢᠯᠴᠠᠵᠤ᠂ ᠴᠠᠬᠢᠯᠭᠠᠨ ᠱᠠᠲᠤ ᠶᠢᠨ ᠲᠣᠷᠣᠮᠰᠤᠯᠠᠭᠤᠷ ᠤᠨ ᠲᠥᠷᠥᠯ ᠬᠡᠯᠪᠡᠷᠢ ᠪᠠ ᠬᠡᠯᠪᠡᠷᠢ ᠮᠠᠶ᠋ᠢᠭ ᠢ ᠵᠢᠭᠰᠠᠭᠠᠨ ᠪᠠᠶᠢᠴᠠᠭᠠᠬᠤ ᠬᠡᠪᠴᠢᠶ᠎ᠡ ᠶᠢ ᠬᠢᠨᠠᠨ ᠬᠠᠷᠭᠤᠭᠤᠯᠬᠤ ᠬᠡᠷᠡᠭᠲᠡᠶ ᠭᠡᠵᠦ ᠱᠠᠭᠠᠷᠳᠠᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号