ᠲᠦᠷᠢᠶᠡᠰᠦᠨ ᠮᠠᠰᠢᠨ ᠲᠡᠷᠭᠡᠨ ᠤ ᠬᠡᠮᠵᠢᠯᠲᠡ ᠶᠢᠨ ᠲᠤᠰᠬᠠᠶ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/9/26
ᠲᠦᠷᠢᠶᠡᠰᠦᠨ ᠮᠠᠰᠢᠨ ᠤ ᠦᠨ᠎ᠡ ᠪᠤᠳᠤᠬᠤ ᠮᠠᠰᠢᠨ ᠢ ᠰᠢᠯᠭᠠᠨ ᠲᠣᠭᠲᠠᠭᠠᠭᠰᠠᠨ ᠥᠬᠡᠶ᠂ ᠰᠢᠯᠭᠠᠨ ᠲᠣᠭᠲᠠᠭᠠᠭᠰᠠᠨ ᠦᠶᠡᠯᠡᠯ ᠠᠴᠠ ᠬᠡᠲᠦᠷᠡᠭᠰᠡᠨ᠂ ᠰᠢᠯᠭᠠᠨ ᠲᠣᠭᠲᠠᠭᠠᠭᠠᠳ ᠬᠢᠷᠢ ᠲᠡᠩᠴᠡᠭᠰᠡᠨ ᠥᠬᠡᠶ ᠪᠠᠶᠢᠲᠠᠯ᠎ᠠ ᠮᠥᠨ ᠯᠡ ᠬᠡᠷᠡᠭᠯᠡᠭᠰᠡᠨ ᠦᠶᠯᠡ ᠠᠵᠢᠯᠯᠠᠭ᠎ᠠ ᠪᠠᠶᠢᠬᠤ ᠡᠰᠡᠬᠦ᠂ ᠦᠨᠡᠯᠡᠭᠦᠷ ᠤᠨ ᠣᠨᠣᠪᠴᠢ ᠶᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃
ᠣᠳᠣᠬᠠᠨ ᠳᠤ᠂ ᠪᠥᠬᠦ ᠬᠤᠰᠢᠭᠤᠨ ᠳᠤ ᠣᠲᠣ ᠪᠠᠶᠢᠭ᠎ᠠ ᠲᠦᠷᠢᠶᠡᠰᠦᠨ ᠮᠠᠰᠢᠨ ᠲᠡᠷᠭᠡ ᠶᠢᠨ ᠺᠣᠮᠫᠠᠨᠢ 4᠂ ᠲᠦᠷᠢᠶᠡᠰᠦᠨ ᠮᠠᠰᠢᠨ ᠲᠡᠷᠭᠡ 758 ᠪᠠᠶᠢᠵᠤ᠂ ᠡᠭᠦᠨ ᠤ ᠳᠣᠲᠣᠷ᠎ᠠ ᠬᠡᠷᠡᠭᠯᠡᠭᠡᠨ ᠠᠴᠠ ᠭᠠᠷᠭᠠᠵᠤ ᠰᠢᠨᠡᠳᠬᠡᠭᠰᠡᠨ ᠪᠤᠶᠤ ᠵᠣᠭᠰᠤᠭᠠᠭᠰᠠᠨ ᠲᠡᠷᠭᠡ 25 ᠪᠠᠶᠢᠨ᠎ᠠ᠃ ᠣᠲᠣ ᠨᠢᠭᠡᠨᠲᠡ 733 ᠲᠦᠷᠢᠶᠡᠰᠦᠨ ᠮᠠᠰᠢᠨ ᠲᠡᠷᠭᠡᠨ ᠤ ᠦᠨ᠎ᠡ ᠪᠤᠳᠤᠬᠤ ᠮᠠᠰᠢᠨ ᠢ ᠪᠠᠶᠢᠴᠠᠭᠠᠵᠤ᠂ ᠡᠭᠦᠨ ᠳᠤ 8 ᠦᠨ᠎ᠡ ᠪᠤᠳᠤᠬᠤ ᠮᠠᠰᠢᠨ ᠨᠢ ᠬᠢᠷᠢ ᠲᠡᠩᠴᠡᠭᠰᠡᠨ ᠥᠬᠡᠶ᠂ ᠬᠢᠷᠢ ᠲᠡᠩᠴᠡᠭᠰᠡᠨ ᠨᠣᠷᠮ᠎ᠠ ᠨᠢ 99 % ᠪᠣᠯᠤᠨ᠎ᠠ᠃ ᠬᠢᠷᠢ ᠲᠡᠩᠴᠡᠭᠦ ᠥᠬᠡᠶ ᠦᠨ᠎ᠡ ᠪᠤᠳᠤᠬᠤ ᠮᠠᠰᠢᠨ ᠳᠤ ᠴᠢᠭᠯᠡᠭᠦᠯᠦᠨ ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ 《 ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 》 1 ᠬᠤᠪᠢ ᠪᠠᠭᠤᠯᠭᠠᠵᠤ᠂ ᠬᠡᠷᠡᠭᠯᠡᠬᠦ ᠶᠢ ᠲᠡᠷᠡ ᠳᠠᠷᠤᠶ ᠳᠤᠨᠢ ᠵᠣᠭᠰᠣᠭᠠᠬᠤ ᠶᠢᠨ ᠬᠠᠮᠲᠤ ᠬᠤᠭᠤᠴᠠᠭ᠎ᠠ ᠲᠣᠭᠲᠠᠭᠠᠨ ᠳᠠᠬᠢᠨ ᠪᠠᠶᠢᠴᠠᠭᠠᠯᠭᠠᠵᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠷᠭᠦᠯᠵᠢᠯᠡᠨ ᠬᠡᠷᠡᠭᠯᠡᠵᠦ ᠪᠣᠯᠤᠨ᠎ᠠ ᠭᠡᠵᠦ ᠱᠠᠭᠠᠷᠳᠠᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号