ᠠᠷᠪᠠᠨ ᠳᠣᠯᠣᠳᠤᠭᠠᠷ ᠬᠤᠭᠤᠴᠠᠭᠠᠨ ᠤ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2021/9/26
9 ᠳ᠋ᠦ᠋ᠭᠡᠷ ᠰᠠᠷ᠎ᠠ ᠶᠢᠨ 23᠎ ᠤ ᠡᠳᠤᠷ ᠤᠨ ᠦᠳᠡ ᠶᠢᠨ ᠡᠮᠦᠨ᠎ᠡ᠂ ᠠᠷᠪᠠᠨ ᠳᠣᠯᠣᠳᠤᠭᠠᠷ ᠬᠤᠭᠤᠴᠠᠭᠠᠨ ᠤ ᠠᠯᠠᠱᠠ ᠎ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠠᠯᠠᠱᠠ ᠶᠢᠨ ᠡᠯᠡᠰᠦᠨ ᠴᠥᠯ ᠤᠨ ᠬᠠᠴᠢᠨ ᠴᠢᠯᠠᠭᠤᠨ ᠤ ᠰᠣᠶᠣᠯ ᠤᠨ ᠠᠵᠤ ᠦᠶᠯᠡᠰ ᠤᠨ ᠬᠦᠷᠢᠶᠡᠯᠡᠩ ᠳᠤ ᠦᠪᠡᠳᠡᠭᠰᠢ ᠶᠡᠭᠡ ᠪᠠᠷ ᠡᠬᠢᠯᠡᠪᠡ᠃
ᠲᠤᠰ ᠬᠤᠭᠤᠴᠠᠭᠠᠨ ᠤ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠎ ᠨᠢ ᠪᠦᠬᠦ ᠤᠯᠤᠰ ᠤᠨ ᠡᠯ᠎ᠡ ᠭᠠᠵᠠᠷ ᠤᠨ ᠭᠠᠷ ᠤᠷᠠᠯᠠᠯ᠂ ᠬᠠᠰ ᠰᠡᠶᠢᠯᠦᠮᠡᠯ᠂ ᠴᠢᠯᠠᠭᠤᠨ ᠱᠤᠭᠤᠮᠠᠯ᠂ ᠬᠠᠰ ᠴᠢᠯᠠᠭᠤᠨ ᠤ ᠡᠲᠡᠭᠡᠳ ᠤᠨ ᠠᠯᠳᠠᠷᠲᠤ ᠬᠥᠮᠦᠰ ᠵᠢᠴᠢ ᠬᠠᠴᠢᠨ ᠴᠢᠯᠠᠭᠤᠨ ᠤ ᠲᠤᠰᠬᠠᠢ ᠮᠡᠷᠭᠡᠵᠢᠯᠲᠡᠨ᠂ ᠬᠠᠲᠠᠭᠠᠯᠠᠭᠴᠢ ᠪᠠ ᠴᠢᠯᠠᠭᠤᠨ ᠨᠠᠶᠢᠵᠠ ᠨᠠᠷ ᠤᠨ ᠠᠩᠬᠠᠷᠤᠯ ᠢ ᠲᠠᠲᠠᠵᠤ᠂ ᠭᠤᠣᠯ ᠬᠤᠷᠠᠯ ᠤᠨ ᠲᠠᠯᠠᠪᠠᠢ ᠶᠢᠨ ᠡᠯᠡᠰᠦᠨ ᠴᠦᠯ ᠤᠨ ᠬᠠᠴᠢᠨ ᠴᠢᠯᠠᠭᠤᠨ ᠤ ᠮᠦᠽᠧᠢ ᠳᠤ ᠲᠤᠰ ᠬᠤᠭᠤᠴᠠᠭᠠᠨ ᠤ 《 ᠬᠤᠪᠢᠯᠭᠠᠨ ᠲᠡᠮᠡᠭᠡ 》᠎ ᠶᠢᠨ ᠱᠠᠩᠨᠠᠯ ᠬᠦᠷᠳᠡᠭᠰᠡᠨ ᠪᠦᠲᠦᠭᠡᠯ ᠪᠠ 《 ᠲᠩᠷᠢ ᠶᠢᠨ ᠤᠷᠠᠯᠠᠯ ᠤᠨ ᠦᠵᠡᠭᠦᠯᠦᠯᠭᠡ 》᠎ ᠶᠢᠨ ᠵᠢᠭᠰᠠᠭᠠᠯᠲᠠ ᠶᠢᠨ ᠪᠦᠲᠦᠭᠡᠯ ᠢ ᠳᠡᠯᠭᠡᠨ ᠦᠵᠡᠭᠦᠯᠵᠦ᠂ ᠠᠭᠤᠳᠠᠮ ᠲᠠᠯᠠᠪᠠᠢ ᠳᠡᠭᠡᠷ᠎ᠡ 300 ᠭᠠᠷᠤᠢ ᠬᠠᠴᠢᠨ ᠴᠢᠯᠠᠭᠤᠨ ᠤ ᠳᠡᠯᠭᠡᠨ ᠪᠣᠷᠣᠯᠠᠭᠤᠯᠤᠯᠲᠠ ᠶᠢᠨ ᠳᠡᠯᠭᠡᠭᠦᠷ ᠲᠤᠬᠢᠷᠠᠭᠤᠯᠵᠠᠢ᠃
ᠲᠣᠰ ᠤᠳᠠᠭᠠᠨ ᠤ ᠠᠵᠢᠯᠯᠠᠭ᠎ᠠ ᠨᠢ 《 ᠬᠤᠪᠢᠯᠭᠠᠨ ᠲᠡᠮᠡᠭᠡ ᠱᠠᠩᠨᠠᠯ 》᠎ ᠢ ᠰᠢᠯᠭᠠᠷᠠᠭᠤᠯᠬᠤ ᠪᠠ 《 ᠲᠩᠷᠢ ᠶᠢᠨ ᠤᠷᠠᠯᠠᠯ ᠤᠨ ᠦᠵᠡᠭᠦᠯᠦᠯᠭᠡ 》᠎ ᠶᠢᠨ ᠠᠩᠬ᠎ᠠ ᠰᠣᠩᠭᠤᠯᠲᠠ ᠶᠢᠨ ᠲᠣᠭᠤᠷᠢᠨ ᠳᠤ᠂ 《 ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠲᠠ 》᠂ 《 ᠳᠤᠮᠳᠠᠳᠤ ᠤᠯᠤᠰ ᠤᠨ ᠰᠤᠪᠤᠳ ᠡᠷᠳᠡᠨᠢ ᠬᠠᠰ ᠴᠢᠯᠠᠭᠤᠨ ᠤ ᠵᠠᠰᠠᠯ ᠴᠢᠮᠡᠭᠯᠡᠯ ᠤᠨ ᠣᠨᠴᠠᠯᠢᠭᠲᠤ ᠠᠵᠤ ᠦᠶᠯᠡᠰ ᠤᠨ ᠰᠠᠭᠤᠷᠢᠨ ᠭᠠᠵᠠᠷ 》᠎ ᠤᠨ ᠢᠷᠠᠭᠤ ᠠᠯᠳᠠᠷ ᠤᠨ ᠬᠡᠮᠵᠢᠶ᠎ᠡ ᠎ ᠶᠢ ᠤᠯᠠᠮ ᠨᠢᠭᠡ ᠠᠯᠬᠤᠮ ᠥᠷᠭᠡᠳᠬᠡᠵᠦ᠂ ᠠᠯᠠᠱᠠ ᠶᠢᠨ ᠦᠵᠡᠮᠦᠷᠢ ᠶᠢᠨ ᠴᠢᠯᠠᠭᠤ᠂ ᠡᠷᠳᠡᠨᠢ ᠶᠢᠨ ᠬᠠᠰ ᠴᠢᠯᠠᠭᠤᠨ ᠎ ᠤ ᠰᠣᠶᠣᠯ ᠤᠨ ᠠᠵᠤ ᠦᠶᠯᠡᠰ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠪᠣᠯᠤᠨ ᠬᠤᠲᠠ ᠪᠠᠯᠭᠠᠰᠤᠨ ᠤ ᠳᠠᠬᠢᠨ ᠠᠵᠢᠯ ᠣᠯᠤᠭᠰᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠣᠯᠤᠨ᠎ᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号