ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠶᠠᠨᠬᠤᠲᠠ ᠪᠠᠯᠭᠠᠰᠤᠨ ᠤ ᠣᠪᠣᠭᠠᠲᠤ ᠭᠠᠴᠠᠭ᠎ᠠ ᠠᠴᠠ ᠪᠠᠷᠠᠭᠤᠨ ᠪᠡᠯ ᠪᠠᠯᠭᠠᠰᠤᠨ ᠤ ᠠᠯᠲᠠᠨᠲᠠᠯ᠎ᠠ ᠭᠠᠴᠠᠭ᠎ᠠ ᠬᠦᠷᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠪᠥᠬᠦ ᠱᠤᠭᠤᠮ ᠢᠶᠠᠷ ᠨᠡᠪᠲᠡᠷᠡᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/9/26
ᠨᠢᠭᠡ ᠳᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠠᠬᠢᠴᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠯᠬᠤᠮ ᠠᠯᠬᠤᠮ ᠢᠶᠠᠷ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠠᠮᠤᠷ ᠲᠦᠪᠰᠢᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠵᠢᠷᠤᠭ ᠲᠥᠯᠥᠪᠯᠡᠭᠡ ᠵᠢᠴᠢ ᠵᠢᠷᠤᠮᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠯᠠᠪᠳᠠᠭᠤᠨ ᠪᠠᠲᠤᠲᠠᠢ ᠬᠢᠵᠦ᠂ ᠢᠨᠵᠧᠨᠧᠷᠢᠩ ᠨᠢᠭᠡᠪᠦᠷᠢ ᠴᠥᠮ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠪᠠ᠃ ᠭᠤᠷᠪᠠ ᠳᠤ᠂ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠴᠢᠩᠭᠠᠳᠬᠠᠵᠤ᠂ ᠪᠠᠷᠢᠯᠭ᠎ᠠ ᠪᠠᠷᠢᠵᠤ ᠪᠥᠲᠥᠭᠡᠨ ᠪᠠᠶᠢᠭᠤᠯᠬᠤ ᠶᠠᠪᠤᠴᠠ ᠳᠠᠬᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠪᠡ᠃ ᠳᠥᠷᠪᠡ ᠳᠤ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠳ ᠤᠨ ᠡᠭᠦᠷᠭᠡ ᠬᠠᠷᠢᠭᠤᠴᠠᠯᠭ᠎ᠠ ᠲᠣᠳᠣᠷᠬᠠᠶ ᠪᠠᠶᠢᠵᠤ ᠂ ᠲᠤᠬᠠᠶ ᠶᠢᠨ ᠲᠠᠯᠠᠪᠠᠶ ᠶᠢᠨ ᠪᠠᠷᠢᠯᠭ᠎ᠠ ᠶᠢᠨ ᠠᠵᠢᠯ ᠤᠨ ᠡᠵᠡᠮᠳᠡᠯ ᠢ ᠴᠢᠩᠭ᠎ᠠ ᠰᠠᠶᠢᠲᠤᠷ ᠬᠢᠵᠦ᠂ ᠪᠠᠷᠢᠯᠭ᠎ᠠ ᠶᠢᠨ ᠠᠵᠢᠯ ᠤᠨ ᠡᠯ᠎ᠡ ᠵᠦᠶᠯ ᠤᠨ ᠭᠦᠶᠴᠡᠳᠬᠡᠯ ᠲᠤᠭ᠎ᠠ ᠶᠢᠨ ᠪᠥᠬᠦ ᠶᠠᠪᠤᠴᠠ ᠶᠢ ᠡᠵᠡᠮᠳᠡᠵᠦ ᠪᠣᠯᠬᠤ ᠶᠢ ᠪᠦᠲᠦᠮᠵᠢᠲᠡᠶ ᠪᠠᠲᠤᠯᠠᠪᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号