| 9 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠶᠢ ᠨᠡᠭᠡᠭᠡᠨ ᠬᠥᠭᠵᠢᠭᠦᠯᠵᠦ | ᠬᠠᠮᠠᠭᠠᠯᠠᠬᠤ ᠭᠠᠵᠠᠷ ᠤᠨ ᠳᠠᠷᠤᠭ᠎ᠠ ᠶᠠᠩ ᠢ ᠰᠢᠶᠠᠩ ᠨᠠᠷ ᠠᠯᠠᠱᠠ ᠠᠭᠤᠯᠠ ᠶᠢᠨ ᠭᠠᠯ ᠲᠦᠢᠮᠡᠷ ᠤᠨ ᠠᠶᠤᠯᠲᠠᠢ | ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠲᠥᠷᠥᠯ ᠵᠦᠢᠯ ᠤᠨ ᠵᠠᠰᠠᠯᠲᠠ ᠳᠤ ᠲᠤᠬᠠᠶ ᠶᠢᠨ ᠲᠠᠯᠠᠪᠠᠶ ᠶᠢᠨ | ᠪᠠᠶᠢᠴᠠᠭᠠᠨ ᠰᠤᠳᠤᠯᠤᠯᠲᠠ ᠬᠢᠪᠡ ᠃ | | | ᠶᠠᠩ ᠢ ᠰᠢᠶᠠᠩ ᠨᠠᠷ ᠤᠷᠢᠳ ᠬᠤᠵᠢᠳ ᠯᠠᠨᠲᠠᠢ ᠺᠣᠮᠫᠠᠨᠢ ᠶᠢᠨ ᠪᠠᠶᠠᠨ ᠨᠡᠭᠦᠷᠡᠰᠦᠨ ᠠᠭᠤᠷᠬᠠᠢ᠂ ᠴᠢᠩ ᠬᠤᠸᠠ | ᠺᠣᠮᠫᠠᠨᠢ ᠶᠢᠨ ᠪᠠᠢ ᠯᠢᠩ ᠨᠡᠭᠦᠷᠡᠰᠦᠨ ᠠᠭᠤᠷᠬᠠᠢ ᠵᠢᠴᠢ ᠤᠯᠠᠭᠠᠨ ᠨᠡᠭᠦᠷᠡᠰᠦᠨ ᠠᠭᠤᠷᠬᠠᠢ ᠶᠢᠨ ᠵᠠᠰᠠᠯᠲᠠ ᠶᠢᠨ | ᠣᠷᠣᠨ ᠢᠶᠠᠷ ᠭᠦᠨᠵᠡᠭᠡᠶᠢᠷᠡᠨ ᠴᠡᠭᠴᠡᠯᠡᠨ ᠵᠠᠰᠠᠬᠤ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠠᠰᠠᠭᠤᠳᠠᠯ ᠤᠨ ᠡᠬᠡ ᠲᠠᠩᠰᠠ ᠶᠢ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠨᠠᠷᠢᠨ | ᠬᠠᠷᠭᠤᠭᠤᠯᠪᠠ ᠃ ᠶᠠᠩ ᠢ ᠰᠢᠶᠠᠩ ᠨᠠᠷ ᠠᠯᠠᠱᠠ ᠠᠭᠤᠯᠠ ᠶᠢᠨ ᠭᠠᠵᠠᠷ ᠣᠷᠣᠨ ᠤ ᠠᠮᠢ ᠠᠬᠤᠢ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦᠯᠢ ᠴᠣᠭᠴᠠ ᠪᠠᠷ ᠨᠢ ᠬᠦᠴᠦᠲᠡᠢ ᠠᠬᠢᠭᠤᠯᠵᠤ᠂ ᠢᠯᠡᠳᠲᠡ ᠦᠷ᠎ᠡ | ᠪᠦᠲᠦᠮᠵᠢ ᠤᠯᠪᠠ ᠭᠡᠵᠦ ᠦᠵᠡᠪᠡ ᠃ | ᠶᠠᠩ ᠢ ᠰᠢᠶᠠᠩ ᠠᠴᠠ᠂ ᠡᠯ᠎ᠡ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠯᠤᠰ ᠲᠦᠷᠦ ᠶᠢᠨ ᠪᠠᠶᠢᠷᠢ | ᠰᠠᠭᠤᠷᠢ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ | ᠡᠮᠦᠨᠡᠬᠢ ᠬᠤᠭᠤᠴᠠᠭᠠᠨ ᠤ ᠵᠠᠰᠠᠯᠲᠠ ᠶᠢᠨ ᠰᠠᠭᠤᠷᠢᠨ ᠳᠡᠭᠡᠷ᠎ᠡ᠂ ᠠᠮᠤᠷ ᠲᠦᠪᠰᠢᠨ ᠢ ᠦᠷᠭᠦᠯᠵᠢᠯᠡᠨ ᠠᠳᠬᠤᠵᠤ᠂ | ᠠᠬᠢᠴᠠ ᠶᠢ ᠲᠦᠷᠭᠡᠳᠬᠡᠵᠦ᠂ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |