︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ﹀  ᠶᠠᠳᠠᠭᠤᠰ ᠢ  ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/27
         ᠣᠶᠢᠷ᠎ᠠ ᠳᠤ᠂ ᠬᠤᠰᠢᠭᠤᠨ ᠤ ᠵᠠᠰᠠᠭ ᠤᠨ ᠣᠷᠳᠣᠨ ︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ ﹀  ᠶᠠᠳᠠᠭᠤᠰ ᠢ  ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ︵  ᠴᠢᠨᠠᠭᠰᠢᠳᠠ  ︽ᠲᠥᠰᠦᠯ︾ ᠭᠡᠵᠦ ᠲᠣᠪᠴᠢᠯᠠᠨ᠎ᠠ︶᠎ ᠢ  ᠬᠡᠪᠯᠡᠨ  ᠲᠠᠷᠬᠠᠭᠠᠵᠤ᠂ 2020 ᠣᠨ ᠤ ᠰᠠᠷ᠎ᠠ ᠶᠢᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠯᠠᠨ ᠢ ᠬᠠᠪᠰᠤᠷᠤᠨ ︽ᠲᠥᠰᠦᠯ︾᠎ ᠢ ᠰᠤᠷᠤᠯᠴᠠᠨ ᠣᠶᠢᠯᠠᠭᠠᠭᠤᠯᠬᠤ ᠶᠢᠨ ᠲᠥᠯᠥᠭᠡ᠂ ᠡᠳᠦᠭᠡ  ᠬᠤᠯᠪᠣᠭᠳᠠᠬᠤ  ᠠᠰᠠᠭᠤᠳᠠᠯ ᠤᠨ ᠲᠤᠬᠠᠢ ᠲᠠᠶᠢᠯᠤᠮᠵᠢ ᠬᠢᠶ᠎ᠡ᠃             ᠨᠢᠭᠡ᠂ ︽ᠲᠥᠰᠦᠯ︾᠎ ᠢ ᠲᠣᠭᠲᠠᠭᠠᠵᠤ ᠨᠡᠶᠢᠲᠡᠯᠡᠭᠰᠡᠨ‌ᠨᠥ᠋ᠬᠦᠴᠡᠯ ᠪᠠᠶᠢᠳᠠᠯ              ᠠᠵᠤ ᠦᠢᠯᠡᠰ ᠤᠨ ᠤᠨᠢᠨ ᠳᠡᠭᠡᠷ᠎ᠡ ᠨᠢ  ᠶᠠᠳᠠᠭᠤᠰ ᠢ  ᠲᠡᠳᠬᠦᠬᠦ ᠠᠵᠢᠯ ᠢ  ᠡᠷᠴᠢᠮᠲᠡᠢ ᠢ ᠠᠬᠢᠭᠤᠯᠬᠤ ᠶᠢᠨ ᠲᠥᠯᠥᠭᠡ᠂ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠢᠵᠢᠭ ᠤᠨ ᠪᠠᠶᠢᠳᠠᠯ ᠤᠨ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠳᠤ ᠦᠵᠡᠭᠦᠯᠬᠦ ᠨᠥᠯᠥᠭᠡ ᠶᠢ ᠪᠠᠭᠠᠰᠬᠠᠵᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ  ᠶᠠᠳᠠᠭᠤᠰ ᠢ  ᠲᠡᠳᠬᠦᠬᠦ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠮᠥᠩᠭᠦᠨ  ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ  ᠬᠠᠮᠲᠤᠷᠠᠨ ᠪᠠᠭᠤᠯᠭᠠᠭᠰᠠᠨ ︽ᠶᠠᠳᠠᠭᠤ ᠬᠦᠴᠢᠷᠳᠡᠯᠲᠡᠶ ᠡᠷᠦᠬᠡ ᠶᠢᠨ ᠬᠦᠷᠢᠶᠡᠨ ᠤ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠤᠬᠠᠶ ᠵᠢᠯᠣᠭᠤᠳᠬᠤ ᠰᠠᠨᠠᠯ ︵ᠥᠪᠥᠷ ᠮᠣᠩᠭᠤᠯ ᠠᠯᠪᠠᠨ ᠲᠠᠷᠬᠠᠭᠠᠭᠰᠠᠨ ︹ 2020 ︺ 17 ᠳ᠋ᠤᠭᠠᠷ ᠲᠣᠭᠠᠲᠤ︶︾᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ  ᠶᠠᠳᠠᠭᠤᠰ ᠢ  ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ﹀  ᠶᠠᠳᠠᠭᠤᠰ ᠢ  ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ ᠨᠡᠶᠢᠲᠡᠯᠡᠪᠡ᠃             ᠬᠤᠶᠠᠷ᠂ ᠶᠠᠭᠤ ᠶᠢ ︽ᠵᠢᠷᠭᠤᠭᠠᠨ ᠵᠢᠵᠢᠭ︾ ᠠᠵᠤ ᠦᠢᠯᠡᠰ ᠭᠡᠬᠦ ᠪᠤᠢ︖              ︽ᠵᠢᠷᠭᠤᠭᠠᠨ ᠵᠢᠵᠢᠭ︾ ᠠᠵᠤ ᠦᠢᠯᠡᠰ ᠪᠣᠯ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠬᠥᠮᠦᠨ ᠪᠠ ᠡᠷᠦᠭᠡ ᠶᠢᠨ ᠪᠠᠶᠢᠳᠠᠯ ᠳᠤᠨᠢ ᠲᠣᠬᠢᠷᠠᠭᠤᠯᠤᠨ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢ ᠬᠥᠭᠵᠢᠭᠦᠯᠬᠦ︾ ᠱᠠᠭᠠᠷᠳᠠᠯᠭ᠎ᠠ ᠶᠣᠰᠣᠭᠠᠷ᠂ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯ ᠲᠠᠢ ᠡᠷᠦᠭᠡ ᠶᠢᠨ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢ ᠬᠥᠭᠵᠢᠭᠦᠯᠬᠦ ᠶᠢ ᠢᠳᠡᠪᠬᠢᠲᠡᠶ ᠲᠡᠮᠵᠢᠵᠤ᠂ ᠶᠠᠳᠠᠭᠤ ᠬᠦᠴᠢᠷᠳᠡᠯ ᠲᠠᠢ ᠡᠷᠦᠭᠡ ᠶᠢᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ︽ᠠᠵᠤ ᠠᠬᠤᠶ ᠶᠢᠨ ᠲᠠᠷᠢᠮᠠᠯ ᠲᠠᠷᠢᠬᠤ᠂ ᠲᠠᠬᠢᠶ᠎ᠠ᠂ ᠨᠤᠭᠤᠰᠤ᠂ ᠭᠠᠯᠠᠭᠤ ᠲᠡᠵᠢᠭᠡᠨ ᠦᠷᠡᠵᠢᠭᠦᠯᠬᠦ᠂ ᠵᠢᠵᠢᠭ ᠭᠠᠷ ᠤᠷᠠᠯᠠᠯ ᠵᠡᠷᠭᠡ  ᠴᠠᠷᠠᠭ᠎ᠠ ᠬᠦᠷᠢᠶ᠎ᠡ  ᠶᠢᠨ ᠲᠠᠷᠢᠵᠦ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠦᠢᠯᠡᠳᠪᠦᠷᠢᠯᠡᠬᠦ ᠳᠤ ᠲᠤᠬᠢᠷᠠᠬᠤ ᠵᠢᠵᠢᠭ ᠠᠵᠤ ᠦᠢᠯᠡᠰ︾᠎ ᠢᠶᠠᠷ ᠭᠤᠣᠯ ᠪᠣᠯᠭᠠᠭᠰᠠᠨ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠬᠤ ᠶᠠᠪᠤᠳᠠᠯ ᠪᠣᠯᠤᠨ᠎ᠠ᠃              ︽ᠵᠢᠷᠭᠤᠭᠠᠨ ᠵᠢᠵᠢᠭ ᠠᠵᠤ ᠦᠢᠯᠡᠰ︾᠎ ᠢ ᠬᠤᠷᠢᠶᠠᠩᠭᠤᠶᠢᠯᠠᠪᠠᠯ᠄  ᠪᠠᠭ᠎ᠠ ᠬᠡᠪᠴᠢᠶᠡᠨ ᠤ ᠲᠠᠷᠢᠮᠠᠯ  ᠂ ᠵᠢᠵᠢᠭ ᠲᠡᠵᠢᠭᠡᠨ ᠦᠷᠡᠵᠢᠭᠦᠯᠦᠯᠲᠡ᠂ ᠵᠢᠵᠢᠭ ᠭᠠᠷ ᠤᠷᠠᠯᠠᠯ᠂ ᠵᠢᠵᠢᠭ ᠬᠤᠳᠠᠯᠳᠤᠭ᠎ᠠ᠂ ᠵᠢᠵᠢᠭ  ᠴᠠᠬᠢᠮ  ᠬᠤᠳᠠᠯᠳᠤᠭ᠎ᠠ᠂ ᠵᠢᠵᠢᠭ ᠦᠢᠯᠡᠳᠬᠡᠯ᠂ ︽ᠵᠢᠷᠭᠤᠭᠠᠨ ᠵᠢᠵᠢᠭ︾ ᠠᠵᠤ ᠦᠢᠯᠡᠰ ᠢ ᠡᠷᠬᠢᠯᠡᠬᠦ ᠶᠢ ᠪᠠᠰᠠ ᠥᠪᠡᠷ ᠢ ᠪᠠᠨ ᠳᠠᠭᠠᠭᠠᠵᠤ ᠵᠢᠵᠢᠭ ᠠᠵᠤ ᠦᠢᠯᠡᠰ ᠢ ᠬᠥᠭᠵᠢᠭᠦᠯᠬᠦ ᠭᠡᠵᠦ ᠬᠡᠯᠡᠨ᠎ᠡ᠃ ︽ᠲᠥᠰᠦᠯ︾᠎ ᠳᠠᠬᠢ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠦᠨᠳᠦᠰᠦᠯᠡᠪᠡᠯ᠂ ᠳᠡᠭᠡᠷᠡᠬᠢ ᠬᠡᠪᠴᠢᠶᠡᠨ ᠳᠤ ᠪᠠᠭᠲᠠᠬᠤ ᠥᠬᠡᠶ ᠪᠤᠰᠤᠳ ᠵᠢᠵᠢᠭ ᠠᠵᠤ ᠦᠢᠯᠡᠰ ᠨᠢ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠳᠤ ᠠᠰᠢᠭᠲᠠᠶ ᠯᠠ ᠶᠤᠮ ᠪᠣᠯ ᠠᠳᠠᠯᠢᠬᠠᠨ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃              ᠭᠤᠷᠪᠠ᠂ ︽ᠵᠢᠷᠭᠤᠭᠠᠨ ᠵᠢᠵᠢᠭ︾ ᠠᠵᠤ ᠦᠢᠯᠡᠰ ᠤᠨ ᠲᠡᠳᠬᠦᠨ ᠳᠡᠮᠵᠢᠬᠦ ᠬᠡᠪᠴᠢᠶ᠎ᠡ᠂ ᠨᠥᠬᠦᠪᠥᠷᠢ ᠥᠭᠬᠦ ᠪᠠᠷᠢᠮᠵᠢᠶ᠎ᠠ ᠪᠠ ᠨᠥᠬᠦᠪᠥᠷᠢ ᠥᠭᠬᠦ ᠠᠷᠭ᠎ᠠ ᠪᠠᠷᠢᠯ ᠨᠢ ᠶᠠᠭᠤ ᠪᠤᠢ︖              ︵ᠨᠢᠭᠡ︶  ᠪᠠᠭ᠎ᠠ ᠬᠡᠪᠴᠢᠶᠡᠨ ᠤ ᠲᠠᠷᠢᠮᠠᠯ              ᠲᠡᠳᠬᠦᠬᠦ ᠬᠡᠪᠴᠢᠶ᠎ᠡ᠄ ᠶᠠᠳᠠᠭᠤ ᠬᠦᠴᠢᠷᠳᠡᠯᠲᠡᠶ ᠡᠷᠦᠬᠡ ᠨᠦᠭᠦᠳ  ᠴᠠᠷᠠᠭ᠎ᠠ ᠬᠦᠷᠢᠶ᠎ᠡ  ᠂ ᠰᠤᠯᠠ ᠰᠡᠯᠡᠭᠦᠦ ᠲᠠᠯᠠᠪᠤᠷ ᠭᠠᠵᠠᠷ ᠪᠠ ᠬᠠᠰᠢᠶ᠎ᠠ ᠰᠠᠷᠠᠪᠴᠢ ᠵᠡᠷᠭᠡ ᠪᠠᠨ ᠠᠰᠢᠭᠯᠠᠨ᠂ ᠢᠳᠡᠰᠢᠨ ᠨᠣᠭᠤᠭ᠎ᠠ᠂  ᠲᠠᠷᠪᠤᠰ  ᠵᠢᠮᠢᠰ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠢᠳᠡᠰᠢᠨ ᠤ ᠮᠥᠭᠦ᠂ ᠴᠡᠴᠡᠭ ᠡᠪᠡᠰᠦ ᠵᠤᠯᠵᠠᠭ᠎ᠠ ᠮᠣᠳᠣ᠂ ᠴᠡᠴᠡᠷᠯᠢᠭ ᠤᠨ ᠤᠷᠠᠯᠢᠭ ᠤᠨ ᠫᠧᠩᠰᠡᠲᠦ ᠦᠵᠡᠮᠵᠢ᠂ ᠦᠷ᠎ᠡ ᠴᠢᠬᠢ ᠪᠤᠶᠢᠵᠢᠭᠤᠯᠬᠤ ᠵᠡᠷᠭᠡ ᠠᠵᠤ ᠠᠬᠤᠶ ᠶᠢᠨ ᠲᠠᠷᠢᠮᠠᠯ ᠢ ᠬᠥᠭᠵᠢᠭᠦᠯᠦᠨ᠎ᠡ᠃                ᠨᠥᠬᠦᠪᠥᠷᠢ ᠥᠭᠬᠦ ᠠᠷᠭ᠎ᠠ ᠪᠠᠷᠢᠯ᠄ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠱᠠᠩᠨᠠᠬᠤ ᠪᠠᠷ ᠨᠥᠬᠦᠪᠥᠷᠢ ᠥᠭᠬᠦ ᠶᠢ ᠣᠷᠣᠯᠠᠭᠤᠯᠬᠤ᠂ ᠮᠡᠷᠭᠡᠵᠢᠯ ᠤᠨ  ᠰᠤᠷᠭᠠᠯᠲᠠ  ᠬᠢᠬᠦ ᠵᠡᠷᠭᠡ ᠠᠷᠭ᠎ᠠ ᠪᠠᠷᠢᠯ ᠢᠶᠠᠷ ᠲᠡᠳᠬᠦᠨ ᠳᠡᠮᠵᠢᠵᠦ᠂ ᠵᠢᠯ ᠢᠶᠠᠷ ᠨᠢᠭᠡ ᠤᠳᠠᠭ᠎ᠠ ᠶᠢᠨ ᠴᠢᠨᠠᠷᠲᠠᠶ ᠪᠠᠷ ᠨᠥᠬᠦᠪᠥᠷᠢ ᠥᠭᠭᠦᠨ᠎ᠡ᠃              ︵ᠬᠤᠶᠠᠷ︶  ᠪᠠᠭ᠎ᠠ ᠬᠡᠪᠴᠢᠶᠡᠨ ᠤ ᠲᠡᠵᠢᠭᠡᠨ ᠦᠷᠡᠵᠢᠭᠦᠯᠬᠦ              ᠲᠡᠳᠬᠦᠬᠦ ᠬᠡᠪᠴᠢᠶ᠎ᠡ᠄ ᠶᠠᠳᠠᠭᠤ ᠬᠦᠴᠢᠷᠳᠡᠯᠲᠡᠶ ᠡᠷᠦᠬᠡ  ᠴᠠᠷᠠᠭ᠎ᠠ ᠬᠦᠷᠢᠶ᠎ᠡ  ᠂ ᠰᠤᠯᠠ ᠪᠠᠶᠢᠬᠤ ᠬᠡᠷ ᠪᠠᠶᠢᠰᠢᠩ᠂ ᠰᠤᠯᠠ ᠪᠠᠶᠢᠬᠤ ᠲᠠᠯᠠᠪᠤᠷ ᠭᠠᠵᠠᠷ ᠪᠠ ᠣᠶ ᠶᠢᠨ ᠬᠤᠷᠮᠣᠶ ᠶᠢᠨ ᠬᠦᠷᠢᠶ᠎ᠡ ᠲᠣᠤᠷ ᠢ ᠠᠰᠢᠭᠯᠠᠨ᠂ ᠲᠠᠬᠢᠶ᠎ᠠ᠂ ᠨᠤᠭᠤᠰᠤ᠂ ᠭᠠᠯᠠᠭᠤ᠂ ᠲᠠᠭᠲᠠᠭ᠎ᠠ᠂ ᠲᠠᠤᠯᠠᠶ ᠵᠡᠷᠭᠡ ᠬᠡᠷ ᠤᠨ ᠵᠢᠭᠦᠷᠲᠡᠨ ︵ᠮᠠᠯ︶ ᠲᠡᠵᠢᠭᠡᠨ ᠦᠷᠡᠵᠢᠭᠦᠯᠦᠨ᠎ᠡ᠃                    ᠨᠥᠬᠦᠪᠥᠷᠢ ᠶᠢᠨ ᠪᠠᠷᠢᠮᠵᠢᠶ᠎ᠠ᠄ ᠬᠡᠪᠴᠢᠶ᠎ᠡ ᠨᠢ 300᠎ ᠶᠢᠨ ᠳᠣᠲᠣᠷ᠎ᠠ  ᠲᠣᠬᠢᠶᠠᠯᠳᠤᠯ ᠳᠤ  ᠂ 20 ᠨᠡᠮᠡᠬᠦ ᠪᠦᠷᠢ 100 ᠲᠥᠭᠦᠷᠢᠭ ᠱᠠᠩᠨᠠᠵᠤ ᠨᠥᠬᠦᠪᠥᠷᠢᠯᠡᠨ᠎ᠡ᠂ 20 ᠬᠥᠷᠬᠦ ᠥᠬᠡᠶ ᠪᠣᠯ 100 ᠲᠥᠭᠦᠷᠢᠭ ᠱᠠᠩᠨᠠᠵᠤ ᠨᠥᠬᠦᠪᠥᠷᠢᠯᠡᠨ᠎ᠡ᠃              ᠨᠥᠬᠦᠪᠥᠷᠢ ᠥᠭᠬᠦ ᠠᠷᠭ᠎ᠠ ᠪᠠᠷᠢᠯ᠄ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠱᠠᠩᠨᠠᠬᠤ ᠪᠠᠷ ᠨᠥᠬᠦᠪᠥᠷᠢ ᠥᠭᠬᠦ ᠶᠢ ᠣᠷᠣᠯᠠᠭᠤᠯᠬᠤ᠂ ᠮᠡᠷᠭᠡᠵᠢᠯ ᠤᠨ  ᠰᠤᠷᠭᠠᠯᠲᠠ  ᠬᠢᠬᠦ ᠵᠡᠷᠭᠡ ᠠᠷᠭ᠎ᠠ ᠪᠠᠷᠢᠯ ᠢᠶᠠᠷ ᠲᠡᠳᠬᠦᠨ ᠳᠡᠮᠵᠢᠵᠦ᠂ ᠵᠢᠯ ᠢᠶᠠᠷ ᠨᠢᠭᠡ ᠤᠳᠠᠭ᠎ᠠ ᠶᠢᠨ ᠴᠢᠨᠠᠷᠲᠠᠶ ᠪᠠᠷ ᠨᠥᠬᠦᠪᠥᠷᠢ ᠥᠭᠭᠦᠨ᠎ᠡ᠃              ︵ᠭᠤᠷᠪᠠ︶ ᠵᠢᠵᠢᠭ ᠭᠠᠷ ᠤᠷᠠᠯᠠᠯ              ᠲᠡᠳᠬᠦᠬᠦ ᠬᠡᠪᠴᠢᠶ᠎ᠡ᠄ ᠶᠠᠳᠠᠭᠤ ᠬᠦᠴᠢᠷᠳᠡᠯᠲᠡᠶ ᠡᠷᠦᠬᠡ  ᠴᠠᠷᠠᠭ᠎ᠠ ᠬᠦᠷᠢᠶ᠎ᠡ  ᠂ ᠰᠤᠯᠠ ᠪᠠᠶᠢᠬᠤ ᠬᠡᠷ ᠪᠠᠶᠢᠰᠢᠩ ᠢ ᠠᠰᠢᠭᠯᠠᠨ᠂ ᠡᠪᠡᠰᠦᠨ ᠭᠦᠷᠦᠮᠡᠯ᠂ ᠬᠠᠳᠬᠤᠮᠠᠯ᠂ ᠣᠶᠣᠳᠠᠯ᠂ ᠴᠠᠭᠠᠰᠤᠨ ᠬᠠᠶᠢᠴᠢᠯᠠᠮᠠᠯ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ ᠡᠳ᠋ᠰᠢᠭᠦᠯᠦᠨ᠎ᠡ᠃              ᠨᠥᠬᠦᠪᠥᠷᠢ ᠥᠭᠬᠦ ᠪᠠᠷᠢᠮᠵᠢᠶ᠎ᠠ᠄ ᠳᠡᠯᠭᠡᠭᠦᠷ ᠢᠶᠠᠨ ᠵᠠᠰᠠᠵᠤ ᠴᠢᠮᠡᠭᠯᠡᠬᠦ ᠳᠤ 2000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 1000 ᠲᠥᠭᠦᠷᠢᠭ ᠠᠴᠠ ᠳᠡᠭᠡᠭᠰᠢ ᠱᠠᠩᠨᠠᠵᠤ ᠨᠥᠬᠦᠪᠥᠷᠢᠯᠡᠬᠦ ᠳᠤ 1000 ᠲᠥᠭᠦᠷᠢᠭ᠃              ᠨᠥᠬᠦᠪᠥᠷᠢ ᠥᠭᠬᠦ ᠠᠷᠭ᠎ᠠ ᠪᠠᠷᠢᠯ᠄  ᠶᠠᠳᠠᠭᠤᠰ ᠢ  ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠦᠵᠡᠭᠦᠯᠦᠯᠭᠡ ᠶᠢᠨ  ᠰᠤᠷᠭᠠᠯᠲᠠ  ᠬᠢᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠡᠳᠬᠦᠵᠦ᠂ ᠵᠢᠯ ᠢᠶᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠭᠦᠨ᠎ᠡ᠃              ︵ᠲᠦᠷᠪᠡ︶  ᠵᠢᠵᠢᠭ ᠬᠤᠳᠠᠯᠳᠤᠭ᠎ᠠ              ᠲᠡᠳᠬᠦᠬᠦ ᠬᠡᠪᠴᠢᠶ᠎ᠡ᠄ ᠶᠠᠳᠠᠭᠤ ᠬᠦᠴᠢᠷᠳᠡᠯᠲᠡᠶ ᠡᠷᠦᠬᠡ ᠳᠤ ᠵᠢᠵᠢᠭ ᠬᠡᠲᠦ ᠳᠡᠯᠭᠡᠭᠦᠷ᠂ ᠵᠢᠵᠢᠭ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ ︵ᠳᠡᠯᠭᠡᠭᠡ ᠮᠠᠶᠢᠮᠠᠶ︶᠂ ᠵᠢᠵᠢᠭ ᠨᠣᠭᠤᠭᠠᠨ ᠤ ᠳᠡᠯᠭᠡᠭᠦᠷ ︵ᠳᠡᠯᠭᠡᠭᠡ ᠮᠠᠶᠢᠮᠠᠶ︶᠂ ᠡᠳᠦᠷ ᠲᠤᠲᠤᠮ ᠤᠨ ᠦᠢᠯᠡᠳᠪᠦᠷᠢᠯᠡᠯ ᠤᠨ ᠪᠠᠯᠠ ᠮᠥᠩᠭᠦ ᠵᠡᠷᠭᠡ ᠶᠢ ᠨᠡᠭᠡᠭᠡᠨ᠂ ᠵᠢᠵᠢᠭ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠠᠵᠢᠯᠯᠠᠭ᠎ᠠ ᠶᠢ ᠬᠥᠭᠵᠢᠭᠦᠯᠦᠨ᠎ᠡ᠃              ᠨᠥᠬᠦᠪᠥᠷᠢ ᠥᠭᠬᠦ ᠪᠠᠷᠢᠮᠵᠢᠶ᠎ᠠ᠄ ᠳᠡᠯᠭᠡᠭᠦᠷ ᠢᠶᠠᠨ ᠵᠠᠰᠠᠵᠤ ᠴᠢᠮᠡᠭᠯᠡᠬᠦ ᠳᠤ 5000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 10000 ᠲᠥᠭᠦᠷᠢᠭ ᠠᠴᠠ ᠳᠡᠭᠡᠭᠰᠢ  ᠲᠣᠬᠢᠶᠠᠯᠳᠤᠯ ᠳᠤ  3000 ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃              ᠨᠥᠬᠦᠪᠥᠷᠢ ᠥᠭᠬᠦ ᠠᠷᠭ᠎ᠠ ᠪᠠᠷᠢᠯ᠄  ᠶᠠᠳᠠᠭᠤᠰ ᠢ  ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠦᠵᠡᠭᠦᠯᠦᠯᠭᠡ ᠶᠢᠨ  ᠰᠤᠷᠭᠠᠯᠲᠠ  ᠬᠢᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠡᠳᠬᠦᠵᠦ᠂ ᠵᠢᠯ ᠢᠶᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠭᠦᠨ᠎ᠡ᠃              ︵ᠲᠠᠪᠤ︶ ᠵᠢᠵᠢᠭ  ᠴᠠᠬᠢᠮ  ᠬᠤᠳᠠᠯᠳᠤᠭ᠎ᠠ              ᠲᠡᠳᠬᠦᠬᠦ ᠬᠡᠪᠴᠢᠶ᠎ᠡ᠄ ᠶᠠᠳᠠᠭᠤ ᠬᠦᠴᠢᠷᠳᠡᠯᠲᠡᠶ ᠡᠷᠦᠬᠡ ᠨᠢ  ᠴᠠᠬᠢᠮ ᠢᠶᠠᠷ  ᠪᠣᠷᠣᠯᠠᠭᠤᠯᠬᠤ᠂ ᠲᠦᠷᠭᠡᠨ ᠬᠦᠷᠭᠡᠬᠦ᠂ ᠭᠠᠳᠠᠭᠰᠢ ᠬᠤᠭᠤᠯᠠ ᠬᠦᠷᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠭᠤᠳ ᠳᠣᠭᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠪᠠᠷ ᠳᠡᠮᠵᠢᠨ᠂ ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠶᠢ ᠬᠠᠪᠰᠤᠷᠤᠨ ᠲᠠᠷᠢᠶᠠᠯᠠᠩ ᠤᠨ ᠣᠨᠴᠠ ᠭᠠᠷᠤᠯᠲᠠ ᠶᠢ ᠪᠣᠷᠣᠯᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠢ ᠬᠤᠳᠠᠯᠳᠤᠨ ᠠᠪᠤᠨ᠎ᠠ᠃              ᠨᠥᠬᠦᠪᠥᠷᠢ ᠥᠭᠬᠦ ᠪᠠᠷᠢᠮᠵᠢᠶ᠎ᠠ᠄ ᠳᠡᠯᠭᠡᠭᠦᠷ ᠢᠶᠠᠨ ᠵᠠᠰᠠᠵᠤ ᠴᠢᠮᠡᠭᠯᠡᠬᠦ ᠳᠤ 5000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 10000 ᠲᠥᠭᠦᠷᠢᠭ ᠠᠴᠠ ᠳᠡᠭᠡᠭᠰᠢ  ᠲᠣᠬᠢᠶᠠᠯᠳᠤᠯ ᠳᠤ  3000 ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃              ᠨᠥᠬᠦᠪᠥᠷᠢ ᠥᠭᠬᠦ ᠠᠷᠭ᠎ᠠ ᠪᠠᠷᠢᠯ᠄  ᠶᠠᠳᠠᠭᠤᠰ ᠢ  ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠦᠵᠡᠭᠦᠯᠦᠯᠭᠡ ᠶᠢᠨ  ᠰᠤᠷᠭᠠᠯᠲᠠ  ᠬᠢᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠡᠳᠬᠦᠵᠦ᠂ ᠵᠢᠯ ᠢᠶᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠭᠦᠨ᠎ᠡ᠃              ︵ᠵᠢᠷᠭᠤᠭ᠎ᠠ︶ ᠵᠢᠵᠢᠭ ᠦᠢᠯᠡᠳᠬᠡᠯ              ᠲᠡᠳᠬᠦᠬᠦ ᠬᠡᠪᠴᠢᠶ᠎ᠡ᠄ ᠶᠠᠳᠠᠭᠤ ᠬᠦᠴᠢᠷᠳᠡᠯᠲᠡᠶ ᠡᠷᠦᠬᠡ ᠵᠢᠵᠢᠭ ᠦᠢᠯᠡᠳᠬᠡᠯ ᠤᠨ ᠭᠠᠵᠠᠷ ᠪᠠᠶᠢᠭᠤᠯᠤᠨ ᠲᠠᠷᠢᠶᠠᠯᠠᠩ ᠤᠨ ᠪᠦᠲᠦᠭᠡᠭᠳᠡᠬᠦᠨ ︵ᠭᠤᠯᠢᠷ᠂ ᠢᠳᠡᠰᠢᠨ ᠲᠣᠰᠣ ᠵᠡᠷᠭᠡ︶᠂ ᠢᠳᠡᠭᠡᠨ ︵ᠭᠤᠯᠢᠷ᠂ ᠳ᠋ᠧᠦᠹᠦ᠋᠂  ᠰᠤᠷ ᠪᠤᠳᠠᠭ᠎ᠠ  ᠂ ᠠᠮᠲᠠ ᠣᠷᠣᠭᠤᠯᠬᠤ ᠡᠳ᠋ ᠵᠡᠷᠭᠡ︶᠂ ᠴᠥᠭᠡᠨ ᠲᠣᠭᠠᠲᠤ ᠦᠨᠳᠦᠰᠦᠲᠡᠨ ᠤ ᠢᠳᠡᠭᠡᠨ ᠡᠳ᠋ᠰᠢᠭᠦᠯᠦᠨ᠎ᠡ᠃              ᠨᠥᠬᠦᠪᠥᠷᠢ ᠥᠭᠬᠦ ᠪᠠᠷᠢᠮᠵᠢᠶ᠎ᠠ᠄ ᠳᠡᠯᠭᠡᠭᠦᠷ ᠢᠶᠠᠨ ᠵᠠᠰᠠᠵᠤ ᠴᠢᠮᠡᠭᠯᠡᠬᠦ ᠳᠤ 5000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 10000 ᠲᠥᠭᠦᠷᠢᠭ ᠠᠴᠠ ᠳᠡᠭᠡᠭᠰᠢ  ᠲᠣᠬᠢᠶᠠᠯᠳᠤᠯ ᠳᠤ  3000 ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃              ᠨᠥᠬᠦᠪᠥᠷᠢ ᠥᠭᠬᠦ ᠠᠷᠭ᠎ᠠ ᠪᠠᠷᠢᠯ᠄  ᠶᠠᠳᠠᠭᠤᠰ ᠢ  ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠦᠵᠡᠭᠦᠯᠦᠯᠭᠡ ᠶᠢᠨ  ᠰᠤᠷᠭᠠᠯᠲᠠ  ᠬᠢᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠡᠳᠬᠦᠵᠦ᠂ ᠵᠢᠯ ᠢᠶᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠭᠦᠨ᠎ᠡ᠃              ᠳᠥᠷᠪᠡ᠂ ᠶᠠᠭᠤ ᠶᠢ ︽ᠡᠷᠬᠢᠨ ᠲᠣᠭᠤᠷᠢᠨ ᠤ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠪᠦᠯᠬᠦᠮᠳᠡᠭᠦᠯᠦᠨ ᠡᠵᠡᠩᠨᠡᠵᠦ ᠬᠥᠭᠵᠢᠭᠦᠯᠬᠦ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ︾ ᠭᠡᠬᠦ ᠪᠣᠶ︖              ︽ᠪᠠᠶᠠᠵᠢᠯ ᠤᠨ ᠳᠠᠭᠠᠭᠤᠯᠤᠭᠴᠢ ︵ᠡᠵᠡᠩᠨᠡᠯᠲᠡ ᠶᠢᠨ ᠲᠣᠮᠣ ᠡᠷᠦᠬᠡ︶ + ᠶᠠᠳᠠᠭᠤ ᠬᠦᠴᠢᠷᠳᠡᠯᠲᠡᠶ ᠡᠷᠦᠬᠡ ︾᠂ ︽ᠬᠥᠲᠥᠴᠢ ᠠᠵᠤ ᠠᠬᠤᠶᠢᠯᠠᠯ + ᠮᠠᠯᠴᠢᠨ ᠲᠠᠷᠢᠶᠠᠴᠢᠨ ᠤ ᠬᠤᠷᠰᠢᠶ᠎ᠠ ︵ ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠤᠶᠤ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ︶ + ᠶᠠᠳᠠᠭᠤ ᠬᠦᠴᠢᠷᠳᠡᠯᠲᠡᠶ ᠡᠷᠦᠬᠡ︾ ᠵᠡᠷᠭᠡ ᠵᠠᠭᠪᠤᠷ ᠨᠢ ᠴᠥᠮ ᠡᠷᠬᠢᠨ ᠲᠣᠭᠤᠷᠢᠨ ᠤ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠪᠦᠯᠬᠦᠮᠳᠡᠭᠦᠯᠦᠨ ᠡᠵᠡᠩᠨᠡᠵᠦ ᠬᠥᠭᠵᠢᠭᠦᠯᠦᠭᠰᠡᠨ  ᠴᠠᠷᠠᠭ᠎ᠠ ᠬᠦᠷᠢᠶ᠎ᠡ ᠎ ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠬᠠᠷᠢᠶᠠᠯᠠᠭᠳᠠᠨ᠎ᠠ᠃             ᠲᠠᠪᠤ᠂ ᠡᠷᠬᠢᠨ ᠲᠣᠭᠤᠷᠢᠨ ᠤ ᠶᠠᠳᠠᠭᠤ ᠬᠦᠴᠢᠷᠳᠡᠯᠲᠡᠶ ᠡᠷᠦᠬᠡ ᠶᠢᠨ ᠪᠦᠯᠬᠦᠮ ᠨᠢᠭᠡᠳᠦᠨ ᠡᠵᠡᠩᠨᠡᠯᠲᠡ ᠬᠥᠭᠵᠢᠯᠲᠡ ᠶᠢ ᠳᠠᠶᠢᠴᠢᠯᠠᠬᠤ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠ  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠭᠠᠷᠳᠠᠯᠭ᠎ᠠ ᠪᠠ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠮᠠᠭᠠᠳᠯᠠᠨ ᠲᠣᠭᠲᠠᠭᠠᠬᠤ ᠨᠢ ᠶᠠᠭᠤ ᠪᠣᠶ︖            3 ᠡᠷᠦᠬᠡ ᠠᠴᠠ ᠳᠡᠭᠡᠭᠰᠢ  ᠳᠠᠩᠰᠠᠯᠠᠨ  ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠪᠦᠲᠦᠮᠵᠢᠲᠡᠶ ᠳᠠᠶᠢᠴᠢᠯᠠᠭᠰᠠᠨ ᠪᠠᠶᠠᠵᠢᠯ ᠤᠨ ᠳᠠᠭᠠᠭᠤᠯᠤᠭᠴᠢ᠂  ᠴᠠᠷᠠᠭ᠎ᠠ ᠬᠦᠷᠢᠶ᠎ᠡ  ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠬᠢᠨᠠᠨ  ᠵᠢᠭᠠᠭᠰᠠᠨ  ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠠᠴᠠ  ᠶᠠᠳᠠᠭᠤᠰ ᠢ  ᠲᠡᠳᠬᠦᠬᠦ ᠢᠲᠡᠭᠡᠮᠵᠢᠲᠦ ᠵᠢᠭᠡᠯᠡᠯᠭᠡ ᠳᠤ ᠣᠷᠣᠯᠴᠠᠭᠰᠠᠨ ᠬᠠᠮᠲᠤᠷᠠᠯᠴᠠᠭᠠᠨ ᠤ ᠪᠠᠩᠬᠢ ᠶᠢ  ᠳᠠᠭᠠᠭᠤᠯᠤᠨ  ᠵᠢᠯᠣᠭᠤᠳᠴᠤ ᠪᠠᠶᠢᠭᠠᠳ 30 ᠲᠦᠮᠡᠨ ᠲᠥᠭᠦᠷᠢᠭ ᠠᠴᠠ   ᠴᠢᠨᠠᠭᠰᠢᠳᠠ  ᠂ 3 ᠵᠢᠯ ᠤᠨ ᠬᠤᠭᠤᠴᠠᠭᠠᠨ ᠳᠠᠬᠢ ᠬᠠᠷᠠᠭᠠᠯᠵᠠᠯ ᠤᠨ  ᠬᠦᠦ  ᠶᠢᠨ ᠨᠣᠷᠮ᠎ᠠ ᠲᠠᠢ ᠵᠢᠭᠡᠯᠡᠯᠭᠡ ᠬᠠᠩᠭᠠᠵᠤ᠂ ᠬᠤᠰᠢᠭᠤᠨ ᠤ ᠵᠠᠰᠠᠭ ᠤᠨ ᠣᠷᠳᠣᠨ ᠠᠴᠠ ᠵᠢᠯ ᠤᠨ  ᠬᠦᠦ  ᠶᠢᠨ ᠨᠣᠷᠮ᠎ᠠ ᠶᠢᠨ 3%᠎ ᠪᠠᠷ ᠵᠢᠭᠡᠯᠡᠯᠭᠡ ᠶᠢᠨ ᠳᠠᠮ  ᠬᠦᠦ  ᠶᠢᠨ ᠲᠡᠳᠬᠦᠮᠵᠢ ᠣᠯᠭᠤᠨ᠎ᠠ᠃              ᠵᠢᠷᠭᠤᠭ᠎ᠠ᠂ ︽ᠵᠢᠷᠭᠤᠭᠠᠨ ᠵᠢᠵᠢᠭ︾ ᠠᠵᠤ ᠦᠢᠯᠡᠰ ᠢ ᠬᠡᠷᠬᠢᠨ ᠮᠡᠳᠡᠭᠦᠯᠬᠦ ᠵᠢᠴᠢ ᠬᠢᠨᠠᠨ ᠵᠥᠪᠰᠢᠶᠡᠷᠡᠭᠦᠯᠬᠦ ᠵᠢᠷᠤᠮ ᠨᠢ ᠶᠠᠭᠤ ᠪᠤᠢ︖              ︽ᠵᠢᠷᠭᠤᠭᠠᠨ ᠵᠢᠵᠢᠭ︾ ᠠᠵᠤ ᠦᠢᠯᠡᠰ ᠤᠨ ᠲᠡᠳᠬᠦᠬᠦ ᠬᠠᠮᠤᠷᠬᠤ  ᠴᠠᠷᠠᠭ᠎ᠠ  ᠬᠦᠷᠢᠶ᠎ᠡ᠂ ᠪᠠᠷᠢᠮᠵᠢᠶ᠎ᠠ ᠪᠠ ᠠᠷᠭ᠎ᠠ ᠪᠠᠷᠢᠯ ᠲᠤ ᠨᠡᠶᠢᠴᠡᠭᠰᠡᠨ ᠲᠡᠳᠬᠦᠬᠦ ᠡᠲᠡᠭᠡᠳ ᠨᠢ ᠪᠠᠶᠢᠭ᠎ᠠ ᠭᠠᠴᠠᠭ᠎ᠠ ᠲᠣᠰᠬᠤᠨ ᠠᠴᠠ ᠪᠠᠨ ︽ᠵᠢᠷᠭᠤᠭᠠᠨ ᠵᠢᠵᠢᠭ︾ ᠠᠵᠤ ᠦᠢᠯᠡᠰ ᠤᠨ  ᠶᠠᠳᠠᠭᠤᠰ ᠢ  ᠲᠡᠳᠬᠦᠬᠦ ᠲᠥᠷᠥᠯ ᠵᠦᠢᠯ ᠤᠨ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠦᠰᠦᠨᠦᠭᠲᠦ ᠶᠢ ᠠᠪᠤᠨ᠎ᠠ᠃ ᠭᠠᠴᠠᠭ᠎ᠠ ᠲᠣᠰᠬᠤᠨ ᠤ ᠠᠩᠬᠠᠨ ᠤ ᠬᠢᠨᠠᠯᠲᠠ᠂ ᠰᠤᠮᠤ ᠪᠠᠯᠭᠠᠰᠤ ᠶᠢᠨ ᠬᠢᠨᠠᠨ ᠬᠠᠷᠭᠤᠭᠤᠯᠤᠯᠲᠠ᠂ ᠬᠤᠰᠢᠭᠤᠨ ᠤ ᠱᠠᠲᠤᠨ ᠤ ᠬᠢᠨᠠᠨ ᠲᠣᠭᠲᠠᠭᠠᠯᠲᠠ ᠪᠠᠷ ᠳᠡᠮᠵᠢᠨ ᠡᠬᠢᠯᠡᠵᠦ ᠬᠡᠷᠡᠭᠵᠢᠭᠦᠯᠦᠨ᠎ᠡ᠃              ᠲᠡᠳᠬᠦᠨ ᠳᠡᠮᠵᠢᠬᠦ ᠪᠠᠯᠠ ᠮᠥᠩᠭᠦ ᠶᠢ ᠡᠯ᠎ᠡ ᠰᠤᠮᠤ ᠪᠠᠯᠭᠠᠰᠤᠨ ᠳᠤ ᠪᠠᠭᠤᠯᠭᠠᠭᠰᠠᠨ ᠤ ᠳᠠᠷᠠᠭ᠎ᠠ᠂ ᠡᠯ᠎ᠡ ᠰᠤᠮᠤ ᠪᠠᠯᠭᠠᠰᠤ ᠠᠴᠠ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ  ᠳᠠᠷᠠᠭᠠᠯᠠᠯ ᠤᠨ ᠶᠣᠰᠣᠭᠠᠷ ᠱᠠᠩᠨᠠᠵᠤ ᠨᠥᠬᠦᠪᠥᠷᠢᠯᠡᠬᠦ ᠪᠠ ᠵᠢᠭᠡᠯᠡᠯᠭᠡ ᠶᠢᠨ ᠳᠠᠮ  ᠬᠦᠦ  ᠶᠢ ᠵᠢᠷᠤᠮᠵᠢᠭᠤᠯᠤᠨ ᠪᠡᠶᠡᠯᠡᠭᠦᠯᠦᠨ᠎ᠡ᠃                          ᠲᠠᠶᠢᠯᠤᠮᠵᠢ ᠬᠢᠭᠴᠢ᠄ ᠯᠢ ᠬᠤᠩ ᠯᠢ ᠠᠯᠠᠱᠠ ᠵᠡᠭᠦᠨ ᠬᠤᠰᠢᠭᠤᠨ ᠤ  ᠶᠠᠳᠠᠭᠤᠰ ᠢ  ᠲᠡᠳᠬᠦᠬᠦ ᠠᠯᠪᠠᠨ ᠬᠡᠷ ᠤᠨ ᠡᠷᠬᠢᠯᠡᠭᠴᠢ             ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ       ︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ﹀  ᠶᠠᠳᠠᠭᠤᠰ ᠢ  ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠢ  ᠬᠡᠪᠯᠡᠨ  ᠲᠠᠷᠬᠠᠭᠠᠬᠤ ᠲᠤᠬᠠᠶ ᠮᠡᠳᠡᠭᠳᠡᠯ            ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ        
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号