︽ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ  ᠨᠡᠮᠡᠯᠲᠡ᠂ ᠥᠭᠡᠷᠡᠴᠢᠯᠡᠯᠲᠡ ᠶᠢᠨ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/27
           ᠣᠶᠢᠷ᠎ᠠ ᠳᠤ᠂ ᠬᠤᠰᠢᠭᠤᠨ ᠤ ᠵᠠᠰᠠᠭ ᠤᠨ ᠣᠷᠳᠣᠨ ︽ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ  ᠨᠡᠮᠡᠯᠲᠡ᠂ ᠥᠭᠡᠷᠡᠴᠢᠯᠡᠯᠲᠡ ᠶᠢᠨ ᠲᠥᠰᠦᠯ︾᠎ ᠢ  ᠬᠡᠪᠯᠡᠨ  ᠲᠠᠷᠬᠠᠭᠠᠵᠤ᠂  ᠣᠯᠠᠨ ᠨᠡᠶᠢᠲᠡ ᠳᠤ  ︽ᠲᠥᠰᠦᠯ︾᠎ ᠢ ᠣᠶᠢᠯᠠᠭᠠᠭᠤᠯᠬᠤ ᠶᠢᠨ ᠲᠥᠯᠥᠭᠡ᠂ ︽ᠲᠥᠰᠦᠯ︾᠎ ᠤᠨ ᠲᠤᠬᠠᠶ ᠲᠠᠶᠢᠯᠤᠮᠵᠢ ᠬᠢᠪᠠ᠃             ᠨᠢᠭᠡ᠂ ᠦᠨᠳᠦᠰᠦᠨ ᠨᠥᠬᠦᠴᠡᠯ ᠪᠠᠶᠢᠳᠠᠯ              ᠲᠣᠰ ᠲᠥᠰᠦᠯ ᠢ 2020 ᠣᠨ ᠤ 7 ᠳ᠋ᠤᠭᠠᠷ ᠰᠠᠷ᠎ᠠ ᠶᠢᠨ 23᠎ ᠤ ᠡᠳᠦᠷ ᠠᠴᠠ ᠡᠬᠢᠯᠡᠨ ᠲᠤᠭᠤᠷᠪᠢᠵᠤ᠂ 8 ᠳ᠋ᠤᠭᠠᠷ ᠰᠠᠷ᠎ᠠ ᠶᠢᠨ 11᠎ ᠤ ᠡᠳᠦᠷ ᠰᠠᠨᠠᠯ ᠬᠤᠷᠢᠶᠠᠬᠤ ᠨᠣᠤᠷᠠᠭ ᠢ ᠪᠣᠶ ᠪᠣᠯᠭᠠᠵᠤ᠂ ᠬᠤᠰᠢᠭᠤᠨ ᠤ ᠵᠠᠰᠠᠭ ᠤᠨ ᠣᠷᠳᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠤᠯᠵᠤ᠂   ᠨᠡᠮᠡᠯᠲᠡ᠂ ᠥᠭᠡᠷᠡᠴᠢᠯᠡᠯᠲᠡ‌ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠬᠤᠰᠢᠭᠤᠨ ᠤ ᠨᠠᠮ ᠤᠨ  ᠬᠤᠷᠢᠶᠠᠨ ᠤ   ᠨᠡᠮᠡᠯᠲᠡ ᠂ ᠥᠭᠡᠷᠡᠴᠢᠯᠡᠯᠲᠡ ᠶᠢ  ᠡᠷᠴᠢᠮᠲᠡᠢ ᠵᠢᠷᠡᠭᠦᠯᠬᠦ ᠤᠳᠤᠷᠢᠳᠬᠤ ᠳᠤᠭᠤᠶᠢᠯᠠᠩ ᠤᠨ  ᠨᠡᠮᠡᠯᠲᠡ᠂ ᠥᠭᠡᠷᠡᠴᠢᠯᠡᠯᠲᠡ ᠶᠢ  ᠡᠷᠴᠢᠮᠲᠡᠢ   ᠡᠷᠴᠢᠮᠲᠡᠢ ᠵᠢᠷᠡᠭᠦᠯᠬᠦ ᠵᠥᠪᠯᠡᠯ ᠤᠨ ᠠᠷᠪᠠᠨ ᠨᠢᠭᠡᠳᠦᠭᠡᠷ ᠬᠤᠷᠠᠯ ᠢᠶᠠᠷ ᠬᠢᠨᠠᠨ ᠵᠥᠪᠯᠡᠵᠦ ᠪᠠᠲᠤᠯᠠᠬᠤ ᠶᠢᠨ ᠬᠠᠮᠲᠤ ᠬᠤᠰᠢᠭᠤᠨ ᠤ ᠵᠠᠰᠠᠭ ᠤᠨ ᠣᠷᠳᠣᠨ ᠠᠴᠠ  ᠬᠡᠪᠯᠡᠨ  ᠲᠠᠷᠬᠠᠭᠠᠨ᠎ᠠ᠃              ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ             ︽ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠡᠮᠡᠯᠲᠡ᠂ ᠥᠭᠡᠷᠡᠴᠢᠯᠡᠯᠲᠡ ᠶᠢᠨ ᠲᠥᠰᠦᠯ︾᠎ ᠢ ᠭᠤᠷᠪᠠᠨ ᠶᠡᠭᠡ ᠬᠡᠰᠡᠭ ᠢᠶᠠᠷ ᠬᠤᠪᠢᠶᠠᠵᠤ᠂ ᠶᠡᠷᠦᠩᠬᠡᠶ ᠱᠠᠭᠠᠷᠳᠠᠯᠭ᠎ᠠ ︵ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠤᠯ ᠵᠣᠷᠢᠯᠲᠠ︶᠂ ᠨᠡᠮᠡᠯᠲᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ︵ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠬᠦ᠂ ᠵᠡᠮᠳᠡᠭᠴᠦᠳ ᠤᠨ ᠺᠠᠳ᠋ᠷ ᠤᠨ ᠡᠩᠨᠡᠭᠡ ᠶᠢ ᠰᠢᠯᠢᠳᠡᠭ ᠢ ᠰᠣᠩᠭᠤᠨ ᠳᠣᠭᠢᠷᠠᠭᠤᠯᠬᠤ᠂ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠡᠷᠴᠢᠮᠲᠡᠢ ᠳᠡᠭᠡᠭᠰᠢᠯᠡᠭᠦᠯᠬᠦ᠂ ᠵᠡᠮᠳᠡᠭᠴᠦᠳ ᠤᠨ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠬᠦ᠂ ᠵᠡᠮᠳᠡᠭᠴᠦᠳ ᠤᠨ ᠠᠵᠢᠯ ᠤᠨ ᠤᠳᠤᠷᠢᠳᠤᠯᠭ᠎ᠠ ᠶᠢ ᠴᠢᠩᠭᠠᠳᠬᠠᠬᠤ︶᠂ ᠵᠣᠬᠢᠶᠠᠨ ᠪᠠᠶᠢᠭᠤᠯᠤᠯᠲᠠ ᠂ ᠬᠡᠷᠡᠭᠵᠢᠭᠦᠯᠦᠯᠲᠡ ᠵᠡᠷᠭᠡ ᠶᠢ ᠪᠠᠭᠲᠠᠭᠠᠨ᠎ᠠ᠃             ︽ᠲᠥᠰᠦᠯ︾᠎ ᠨᠢ ᠶᠡᠷᠦᠩᠬᠡᠢ ᠳᠡᠭᠡᠨ ᠠᠯᠠᠱᠠ ᠤᠯᠤᠰ ᠤᠳ ᠤᠨ ᠬᠤᠯᠪᠣᠭᠠᠨ ᠤ ᠵᠡᠮᠳᠡᠭᠴᠦᠳ ᠤᠨ ᠬᠤᠯᠪᠣᠭ᠎ᠠ ᠶᠢᠨ ᠨᠡᠮᠡᠯᠲᠡ᠂ ᠥᠭᠡᠷᠡᠴᠢᠯᠡᠯᠲᠡ ᠶᠢᠨ ᠲᠥᠰᠦᠯ ᠤᠨ ᠪᠦᠲᠦᠴᠡ ᠬᠡᠯᠪᠡᠷᠢ ᠶᠢ ᠦᠷᠭᠦᠯᠵᠢᠯᠡᠨ ᠬᠡᠷᠡᠭᠯᠡᠵᠡᠢ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠬᠤᠰᠢᠭᠤᠨ ᠤ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ᠂ ︽ᠨᠡᠮᠡᠯᠲᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ︾᠎ ᠶᠢᠨ ᠬᠡᠰᠡᠭ ᠠᠭᠤᠯᠭ᠎ᠠ ᠳᠤ ᠭᠤᠤᠯᠳᠠᠯᠭ᠎ᠠ ᠲᠠᠢ ᠰᠤᠳᠤᠯᠤᠯᠲᠠ ᠪᠠ ᠲᠣᠬᠢᠷᠠᠭᠤᠯᠵᠤ᠂ ᠰᠢᠨ᠎ᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠡᠰᠡᠭ ᠠᠭᠤᠯᠭ᠎ᠠ ᠶᠢ ᠡᠮᠬᠢᠯᠡᠨ ᠨᠡᠶᠢᠯᠡᠭᠦᠯᠵᠦ᠂ ᠬᠡᠮᠵᠢᠶᠡᠵᠢᠭᠦᠯᠦᠨ᠂ ᠬᠡᠷᠡᠭᠵᠢᠭᠦᠯᠬᠦ ᠪᠠ ᠠᠵᠢᠯᠯᠠᠭᠤᠯᠬᠤ ᠳᠤ ᠲᠥᠬᠦᠮ ᠪᠣᠯᠭᠠᠨ᠎ᠠ᠃             ︽ᠲᠥᠰᠦᠯ︾᠎ ᠳᠤ ᠵᠡᠮᠳᠡᠭᠴᠦᠳ ᠤᠨ ᠬᠤᠯᠪᠣᠭ᠎ᠠ ᠶᠢᠨ ᠨᠡᠮᠡᠯᠲᠡ᠂ ᠥᠭᠡᠷᠡᠴᠢᠯᠡᠯᠲᠡ ᠶᠢᠨ ᠭᠤᠣᠯ ᠡᠭᠦᠷᠭᠡ ᠶᠢ ᠪᠠᠲᠤ ᠡᠵᠡᠮᠰᠢᠵᠦ᠂ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠴᠢᠨᠰᠠᠭ᠎ᠠ ᠶᠢ ᠪᠠᠷᠢᠮᠲᠠᠯᠠᠨ ᠴᠢᠩᠭᠠᠳᠬᠠᠬᠤ ᠶᠢᠨ ᠲᠣᠭᠤᠷᠢᠨ ᠳᠤ᠂ ᠪᠠᠶᠢᠭᠤᠯᠭ᠎ᠠ ᠶᠢᠨ ᠬᠢ ᠪᠣᠯᠭᠠᠬᠤ᠂ ᠵᠠᠰᠠᠭ ᠵᠠᠬᠢᠷᠭᠠᠨ ᠤ ᠬᠢ ᠪᠣᠯᠭᠠᠬᠤ᠂ ᠢᠵᠠᠭᠤᠷᠲᠠᠨ ᠤ ᠬᠢ ᠪᠣᠯᠭᠠᠬᠤ᠂ ᠵᠤᠭ᠎ᠠ ᠴᠡᠩᠭᠡᠯ ᠤᠨ ᠬᠢ ᠪᠣᠯᠭᠠᠬᠤ ᠶᠢ ᠬᠠᠰᠤᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠳᠤ ᠨᠡᠮᠡᠯᠲᠡ ᠂ ᠥᠭᠡᠷᠡᠴᠢᠯᠡᠯᠲᠡ ᠬᠢᠬᠦ᠂ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠬᠦ᠂ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠪᠦᠬᠦᠨ ᠢ ᠬᠠᠮᠤᠷᠤᠭᠰᠠᠨ ᠦᠨᠳᠦᠰᠦᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢ ᠪᠤᠵᠠᠭᠠᠶᠢᠷᠠᠭᠤᠯᠤᠨ᠂ ᠵᠡᠮᠳᠡᠭᠴᠦᠳ ᠤᠨ ᠪᠥᠬᠦ ᠲᠠᠯ᠎ᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠥᠬᠦ ᠬᠦᠷᠢᠶᠡᠨ ᠳᠠᠬᠢ ᠨᠡᠶᠢᠭᠡᠮ ᠤᠨ ᠳᠠᠶᠢᠴᠢᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠵᠡᠮᠳᠡᠭᠴᠦᠳ ᠲᠠᠢ ᠬᠠᠷᠢᠯᠴᠠᠬᠤ᠂ ᠨᠢᠭᠲᠠᠷᠠᠭᠤᠯᠬᠤ ᠂ ᠦᠢᠯᠡᠴᠢᠯᠡᠬᠦ ᠴᠢᠳᠠᠪᠤᠷᠢ ᠪᠠ ᠬᠢᠷᠢ ᠲᠥᠪᠰᠢᠨ ᠢ ᠤᠯᠠᠮ ᠠᠬᠢᠭᠤᠯᠤᠨ ᠳᠡᠭᠡᠭᠰᠢᠯᠡᠭᠦᠯᠵᠦ᠂ ᠵᠡᠮᠳᠡᠭᠴᠦᠳ ᠤᠨ ᠥᠷᠭᠡᠨ ᠢᠶᠠᠷ ᠣᠷᠣᠯᠴᠠᠬᠤ᠂ ᠭᠦᠢᠴᠡᠳ ᠠᠭᠤᠰᠤᠯᠴᠠᠬᠤ ᠪᠠ ᠡᠷᠴᠢᠮᠲᠡᠢ ᠬᠥᠭᠵᠢᠬᠦ ᠶᠢ ᠠᠬᠢᠭᠤᠯᠤᠨ᠎ᠠ᠃             ᠭᠤᠷᠪᠠ᠂ ᠬᠤᠯᠪᠣᠭᠳᠠᠬᠤ ᠦᠨᠳᠦᠰᠦᠯᠡᠯ             1᠂ ︽ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹ 2015 ︺ 4 ᠳ᠋ᠦ᠋ᠭᠡᠷ ᠲᠣᠭᠠᠲᠤ︶             2᠂ ︽ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠡᠮᠡᠯᠲᠡ᠂ ᠥᠭᠡᠷᠡᠴᠢᠯᠡᠯᠲᠡ ᠶᠢᠨ ᠲᠥᠰᠦᠯ ᠢ ᠵᠠᠷᠯᠠᠨ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2018 ︺ 102 ᠳ᠋ᠤᠭᠠᠷ ᠲᠣᠭᠠᠲᠤ︶             3᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠠᠶᠢᠮᠠᠭ ᠬᠤᠲᠠ᠂ ᠬᠤᠰᠢᠭᠤ ᠬᠤᠰᠢᠭᠤ ᠰᠢᠶᠡᠨ ︵ᠬᠤᠲᠠ ᠲᠣᠭᠤᠷᠢᠭ︶᠎ ᠤ ᠵᠡᠮᠳᠡᠭᠴᠦᠳ ᠤᠨ ᠬᠤᠯᠪᠣᠭ᠎ᠠ ᠶᠢᠨ ᠨᠡᠮᠡᠯᠲᠡ᠂ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠭᠦᠢᠴᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠮᠡᠳᠡᠭᠳᠡᠯ︾ ︵ᠥᠪᠥᠷ ᠵᠡᠮᠳᠡᠭᠴᠦᠳ ᠤᠨ ᠬᠤᠯᠪᠣᠭ᠎ᠠ ᠲᠠᠷᠬᠠᠭᠠᠭᠰᠠᠨ ︹ 2019 ︺ 19 ᠳ᠋ᠦ᠋ᠭᠡᠷ ᠲᠣᠭᠠᠲᠤ︶             4᠂ ︽ᠠᠯᠠᠱᠠ ᠠᠶᠢᠮᠠᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠡᠮᠡᠯᠲᠡ᠂ ᠥᠭᠡᠷᠡᠴᠢᠯᠡᠯᠲᠡ ᠶᠢᠨ ᠲᠥᠰᠦᠯ ᠢ ᠬᠡᠪᠯᠡᠨ ᠲᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ︹ 2019 ︺ 36 ᠳ᠋ᠤᠭᠠᠷ ᠲᠣᠭᠠᠲᠤ︶                         ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ        ︽ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠡᠮᠡᠯᠲᠡ᠂ ᠥᠭᠡᠷᠡᠴᠢᠯᠡᠯᠲᠡ ᠶᠢᠨ ᠲᠥᠰᠦᠯ︾᠎ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ             ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ            
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号