ᠠᠯᠠᠱᠠ‌ᠠᠶᠢᠮᠠᠭ ‍ᠤᠨ‌‍ᠬᠥ᠋ᠮᠥᠰ‌ᠠᠩᠬᠠᠷ ᠡ︕
ᠨᠡᠶᠢᠲᠡᠯᠡᠭᠰᠡᠨ ᠴᠠᠭ᠄
2021/9/27
7 ᠳ᠋ᠤᠭᠠᠷ ᠰᠠᠷ᠎ᠠ ᠶᠢᠨ 19᠎ ᠤ ᠡᠳᠦᠷ ᠤᠨ ᠲᠡᠭ ᠴᠠᠭ ᠪᠣᠯᠲᠠᠯ᠎ᠠ᠂ ᠠᠯᠠᠱᠠ ᠠᠶᠢᠮᠠᠭ ᠨᠢᠭᠡᠨᠲᠡ 25.32 ᠲᠦᠮᠡᠨ ᠸᠠᠺᠼᠢᠨ ᠢ ᠳᠠᠷᠢᠵᠤ᠂ ᠡᠭᠦᠨ ᠳᠤ 10 ᠲᠦᠮᠡᠨ ᠬᠥᠮᠦᠨ ᠬᠤᠶᠠᠷ ᠤᠳᠠᠭᠠᠨ ᠤ ᠸᠠᠺᠼᠢᠨ ᠢ ᠳᠠᠷᠢᠵᠤ ᠳᠠᠭᠤᠰᠬᠠᠵᠠᠶ᠃ ᠲᠥᠪ ᠪᠠ ᠥᠪᠡᠷᠲᠡᠭᠡᠨ ᠵᠠᠰᠠᠬᠤ ᠣᠷᠣᠨ ᠤ ᠲᠢᠲᠢᠮᠯᠡᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢᠨ ᠳᠠᠭᠠᠤ᠂ 2021 ᠣᠨ ᠤ 7 ᠳ᠋ᠤᠭᠠᠷ ᠰᠠᠷ᠎ᠠ ᠶᠢᠨ 19᠎ ᠤ ᠡᠳᠦᠷ ᠠᠴᠠ ᠡᠬᠢᠯᠡᠨ᠂ ᠮᠠᠨ ᠤ ᠠᠶᠢᠮᠠᠭ 12 — 17  ᠨᠠᠰᠤᠨ ᠤ ᠬᠥᠮᠦᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠬᠢᠯᠡᠭᠦᠯᠦᠨ᠎ᠡ᠃ 7 ᠳ᠋ᠤᠭᠠᠷ ᠰᠠᠷ᠎ᠠ ᠳᠤ᠂ 15 — 17 ᠪᠦᠬᠦᠯᠢ ᠨᠠᠰᠤᠨ ᠤ ᠬᠥᠮᠦᠰ ᠲᠤ ᠨᠢᠭᠡᠳᠦᠭᠡᠷ ᠤᠳᠠᠭᠠᠨ ᠤ ᠸᠠᠺᠼᠢᠨ ᠤ ᠲᠠᠷᠢᠯᠭ᠎ᠠ ᠶᠢ ᠬᠢᠨ᠎ᠠ︔ 8 ᠳ᠋ᠤᠭᠠᠷ ᠰᠠᠷ᠎ᠠ ᠳᠤ᠂ ᠪᠦᠬᠦᠯᠢ 15 — 17 ᠨᠠᠰᠤᠨ ᠤ ᠬᠥᠮᠦᠰ ᠤᠨ ᠬᠤᠶᠠᠳᠠᠬᠢ ᠤᠳᠠᠭᠠᠨ ᠤ ᠸᠠᠺᠼᠢᠨ ᠤ ᠲᠠᠷᠢᠯᠭ᠎ᠠ ᠶᠢ ᠬᠢᠨ᠎ᠠ᠃ ᠡᠭᠦᠨ ᠤ ᠬᠠᠮᠲᠤ᠂ 12 — 14 ᠨᠠᠰᠤᠨ ᠤ ᠬᠥᠮᠦᠰ ᠲᠤ ᠠᠩᠬᠠᠨ ᠤ ᠸᠠᠺᠼᠢᠨ ᠤ ᠲᠠᠷᠢᠯᠭ᠎ᠠ ᠬᠢᠨ᠎ᠠ︔ 9 ᠳ᠋ᠦ᠋ᠭᠡᠷ ᠰᠠᠷ᠎ᠠ ᠳᠤ᠂ 12 — 14 ᠪᠦᠬᠦᠯᠢ ᠨᠠᠰᠤᠨ ᠤ ᠬᠥᠮᠦᠰ ᠤᠨ  ᠬᠤᠶᠠᠳᠠᠬᠢ ᠤᠳᠠᠭᠠᠨ ᠤ ᠸᠠᠺᠼᠢᠨ ᠤ ᠲᠠᠷᠢᠯᠭ᠎ᠠ ᠶᠢ ᠬᠢᠨ᠎ᠠ᠃ ᠣᠳᠣᠬᠠᠨ ᠳᠤ ᠮᠠᠨ ᠤ ᠠᠶᠢᠮᠠᠭ ᠲᠤ ᠲᠠᠷᠢᠵᠤ ᠪᠠᠶᠢᠭ᠎ᠠ ᠸᠠᠺᠼᠢᠨ ᠪᠣᠯ ᠬᠤᠶᠠᠷ  ᠤᠳᠠᠭ᠎ᠠ ᠲᠠᠷᠢᠬᠤ ᠸᠠᠺᠼᠢᠨ  ᠪᠣᠯᠣᠨ᠎ᠠ᠃ 12 — 17 ᠪᠦᠬᠦᠯᠢ ᠨᠠᠰᠤᠨ ᠤ ᠬᠥᠮᠦᠰ ᠬᠡᠷ ᠤᠨ ᠠᠬᠠᠮᠠᠳ ᠲᠠᠢ ᠪᠠᠨ ᠬᠠᠮᠲᠤ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠢᠶᠠᠨ ᠠᠪᠴᠤ᠂ ᠲᠣᠭᠲᠠᠭᠰᠠᠨ ᠬᠤᠭᠤᠴᠠᠭᠠᠨ ᠳᠤ ᠣᠶᠢᠷ᠎ᠠ ᠬᠠᠪᠢ ᠶᠢᠨ ᠸᠠᠺᠼᠢᠨ ᠤ ᠲᠠᠷᠢᠯᠭ᠎ᠠ ᠶᠢᠨ ᠭᠠᠵᠠᠷ ᠲᠤ ᠬᠦᠷᠴᠦ ᠲᠠᠷᠢᠯᠭ᠎ᠠ ᠬᠢᠭᠡᠷᠡᠢ᠃                 ᠠᠯᠠᠱᠠ‌ᠠᠶᠢᠮᠠᠭ ᠤᠨ ᠡᠷᠡᠭᠦᠯ ᠬᠠᠮᠠᠭᠠᠯᠠᠯ‌ᠡᠷᠡᠭᠦᠯ ᠮᠡᠨᠳᠦ ᠶᠢᠨ ᠵᠥᠪᠯᠡᠯ ᠠᠴᠠᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ‌ᠠᠶᠢᠮᠠᠭ ᠤᠨ ᠡᠷᠡᠭᠦᠯ ᠬᠠᠮᠠᠭᠠᠯᠠᠯ‌ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号