ᠠᠯᠠᠱᠠ ᠵᠡᠭᠦᠨ ᠬᠤᠰᠢᠭᠤᠨ ᠤ ᠵᠠᠰᠠᠭ ᠤᠨ ᠦᠢᠯᠡᠴᠢᠯᠡᠭᠡᠨ ᠤ ᠠᠵᠢᠯ ᠢᠶᠠᠨ ᠡᠷᠴᠢᠮᠲᠡᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2021/9/29
  ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠨᠠᠮ ᠤᠨ ᠪᠠᠶᠢᠭᠤᠯᠤᠯᠲᠠ ᠶᠢᠨ ᠠᠷᠠᠳ ᠲᠤ ᠳᠦᠭᠦᠮ ᠦᠵᠡᠭᠦᠯᠬᠦ  ᠭᠠᠵᠠᠷ  ᠭᠠᠵᠠᠷ ᠲᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠮᠡᠳᠡᠭᠡ ᠵᠠᠩᠭᠢ ᠶᠢ ᠡᠮᠬᠢᠯᠡᠨ ᠦᠵᠡᠭᠦᠯᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠳᠣᠲᠣᠨᠣ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠣᠯᠠᠨ  ᠵᠦᠢᠯ  ᠤᠨ ᠦᠢᠯᠡᠴᠢᠯᠡᠭᠡᠨ ᠤ ᠮᠠᠰᠢᠨ ᠢ ᠭᠠᠷᠭᠠᠵᠤ᠂ ᠣᠯᠠᠨ ᠲᠦᠮᠡᠨ ᠤ ᠥᠪᠡᠰᠦᠪᠡᠨ ᠪᠠᠶᠢᠴᠠᠭᠠᠨ ᠯᠠᠪᠯᠠᠬᠤ᠂ ᠥᠪᠡᠰᠦᠪᠡᠨ ᠭᠤᠶᠤᠴᠢᠯᠠᠨ ᠮᠡᠳᠡᠭᠦᠯᠬᠦ᠂ ᠥᠪᠡᠰᠦᠪᠡᠨ ᠰᠦᠢᠳᠬᠡᠯ ᠲᠤᠰᠢᠶᠠᠬᠤ ᠵᠡᠷᠭᠡ ᠤᠶᠤᠨᠴᠢᠯᠠᠭᠰᠠᠨ ᠬᠡᠷᠡᠭᠯᠡᠭᠡᠨ ᠤ ᠴᠢᠳᠠᠮᠵᠢ ᠶᠢ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽24 ᠴᠠᠭ ᠢᠶᠠᠷ ᠦᠢᠯᠡᠴᠢᠯᠡᠬᠦ ︾  ᠎ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠪᠡᠶᠡᠯᠡᠭᠦᠯᠵᠦ ᠪᠣᠢ᠃ ᠬᠤᠶᠠᠷ ᠲᠤ  ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ︾ ᠭᠠᠷᠭᠠᠵᠤ᠂ ᠲᠤᠰᠬᠠᠶ ᠪᠤᠯᠤᠩ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠵᠡᠷᠭᠡ ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠲᠡᠯᠡᠵᠦ᠂ ᠮᠡᠳᠡᠭᠡ ᠵᠠᠩᠭᠢ ᠲᠠᠷᠠᠬᠠᠶ ᠪᠤᠲᠠᠷᠬᠠᠶ᠂ ᠥᠪᠡᠰᠦᠪᠡᠨ ᠡᠷᠢᠬᠦ ᠳᠤ ᠨᠡᠯᠢᠶᠡᠳ ᠬᠦᠴᠢᠷᠲᠡᠶ ᠠᠰᠠᠭᠤᠳᠠᠯ ᠢ  ᠰᠢᠢᠳᠪᠦᠷᠢᠯᠡᠨ᠂ ᠣᠯᠠᠨ ᠲᠦᠮᠡᠨ ᠤ ᠪᠠᠶᠢᠴᠠᠭᠠᠨ ᠦᠵᠡᠬᠦ ᠪᠠ ᠴᠠᠭ ᠲᠤᠬᠠᠶ ᠳᠤᠨᠢ ᠬᠢᠨᠠᠯᠲᠠ ᠲᠠᠯᠪᠢᠬᠤ ᠳᠤ ᠲᠥᠬᠦᠮ ᠦᠵᠡᠭᠦᠯᠵᠦ ᠪᠣᠢ᠃ ᠡᠭᠦᠨ ᠤ ᠬᠠᠮᠲᠤ  ︽ ᠮᠥᠩᠬᠡ ᠰᠤᠪᠠᠭ᠂ ᠴᠠᠬᠢᠮ ᠢᠶᠠᠷ ᠭᠦᠢᠴᠡᠳᠬᠡᠬᠦ ᠲᠠᠪᠴᠠᠩ ᠢᠶᠠᠷ ᠳᠠᠮᠵᠢᠭᠤᠯᠤᠨ᠂ ᠤᠴᠢᠷ ᠶᠠᠪᠤᠳᠠᠯ ᠭᠤᠶᠤᠴᠢᠯᠠᠬᠤ ᠨᠥᠬᠦᠴᠡᠯ᠂ ᠭᠦᠢᠴᠡᠳᠬᠡᠬᠦ ᠶᠠᠪᠤᠴᠠ ᠶᠢ ᠪᠠᠶᠢᠴᠠᠭᠠᠨ ᠯᠠᠪᠯᠠᠬᠤ ᠪᠠ ᠴᠠᠬᠢᠮ ᠬᠦᠰᠦᠨᠦᠭᠲᠦ ᠶᠢ ᠲᠠᠭᠯᠠᠵᠤ ᠮᠡᠳᠡᠭᠦᠯᠬᠦ  ᠂ ᠥᠯᠢᠭᠡᠷ ᠬᠦᠰᠦᠨᠦᠭᠲᠦ ᠪᠠᠭᠤᠯᠭᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠠᠵᠢᠯ ᠢ ᠰᠠᠶᠢᠲᠤᠷ ᠪᠡᠶᠡᠯᠡᠭᠦᠯᠪᠡ᠃ ᠭᠤᠷᠪᠠ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠲᠤ ᠨᠠᠮ ᠤᠨ ᠪᠠᠶᠢᠭᠤᠯᠤᠯᠲᠠ ᠶᠢᠨ ᠠᠷᠠᠳ ᠲᠤ ᠳᠦᠭᠦᠮ ᠦᠵᠡᠭᠦᠯᠬᠦ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠤᠯᠤᠩ ᠢ ᠪᠠᠶᠢᠭᠤᠯᠵᠤ᠂ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠤᠳᠤᠷᠢᠳᠬᠤ ᠭᠤᠣᠯ ᠬᠠᠷᠢᠭᠤᠴᠠᠯᠭᠠᠲᠠᠨ ᠢ ᠤᠷᠢᠵᠤ ᠠᠷᠠᠳ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ᠂ ᠤᠯᠠᠨ ᠲᠦᠮᠡᠨ ᠲᠠᠢ ᠨᠢᠭᠤᠷᠲᠠᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠤᠬᠠᠢ ᠤᠬᠠᠭᠤᠯᠤᠨ ᠲᠠᠶᠢᠯᠪᠤᠷᠢᠯᠠᠬᠤ ᠰᠢᠷᠢᠰ ᠠᠵᠢᠯᠯᠠᠭ᠎ᠠ ᠶᠢ ᠥᠷᠨᠢᠭᠦᠯᠪᠡ᠃ ᠴᠠᠬᠢᠮ ᠲᠠᠪᠴᠠᠩ ᠢ ᠠᠰᠢᠭᠯᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠨᠢᠭᠦᠯᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠠᠬᠢᠭᠤᠯᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号